ᠰᠢᠶᠠᠨ ᠤ ᠤᠳᠤᠷᠢᠳᠤᠯᠭ᠎ᠠ ᠰᠢᠯᠢᠳᠡᠭ ᠪᠠᠭᠰᠢ ᠪᠠ ᠠᠵᠢᠯ ᠠᠴᠠ ᠪᠠᠨ ᠠᠮᠠᠷᠠᠭᠰᠠᠨ ᠠᠬᠠᠮᠠᠳ ᠪᠠᠭᠰᠢ ᠶᠢ ᠲᠣᠬᠤᠨᠢᠭᠤᠯᠪᠠ
ᠨᠡᠶᠢᠲᠡᠯᠡᠭᠰᠡᠨ ᠴᠠᠭ᠄
2022/9/13
        9 ᠰᠠᠷ᠎ᠠ ᠶᠢᠨ 9 ᠤ ᠦᠳᠡ ᠶᠢᠨ ᠡᠮᠦᠨ᠎ᠡ᠂ 38 ᠳ᠋ᠤᠭᠠᠷ ᠪᠠᠭᠰᠢ ᠶᠢᠨ ᠪᠠᠶᠠᠷ ᠬᠦᠷᠴᠦ ᠢᠷᠡᠬᠦ ᠲᠠᠰᠢᠷᠠᠮ ᠢᠶᠠᠷ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ   ᠶᠢᠨ ᠬᠤᠷᠢᠶᠠᠨ ᠤ ᠡᠷᠬᠢᠯᠡᠭᠴᠢ ᠰᠦᠨ ᠰᠢᠶᠦ᠋ᠨ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ   ᠶᠢᠨ ᠬᠤᠷᠢᠶᠠᠨ ᠤ ᠱᠦᠵᠢ ᠲᠦᠮᠡᠨ ᠠᠩᠭᠢ ᠳᠠᠭᠠᠭᠤᠯᠤᠨ ᠰᠢᠯᠢᠳᠡᠭ ᠪᠠᠭᠰᠢ ᠪᠣᠯᠣᠨ ᠨᠠᠰᠤᠨ ᠤ ᠠᠮᠠᠷᠠᠯᠲᠠ ᠪᠠᠨ ᠠᠪᠤᠭᠰᠠᠨ ᠠᠬᠠᠮᠠᠳ ᠪᠠᠭᠰᠢ ᠨᠠᠷ ᠢ ᠲᠣᠬᠤᠨᠢᠭᠤᠯᠵᠤ᠂ ᠲᠡᠳᠡᠨ ᠤ ᠲᠤᠭᠳᠠᠬᠤ ᠰᠢᠶᠠᠨ ᠤ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠭᠰᠠᠨ ᠪᠥᠭᠡᠳ ᠰᠣᠷᠭᠤᠭ ᠴᠡᠴᠡᠭ ᠪᠣᠯᠣᠨ ᠲᠣᠬᠤᠨᠢᠭᠤᠯᠬᠤ ᠮᠥᠩᠭᠦ ᠬᠦᠷᠭᠡᠵᠦ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠢ ᠲᠥᠯᠥᠭᠡᠯᠡᠨ ᠲᠡᠳᠡᠨ ᠳᠤ ᠪᠠᠶᠠᠷ ᠤᠨ ᠡᠳᠦᠷ ᠤᠨ ᠮᠡᠨᠳᠦᠴᠢᠯᠡᠯ ᠪᠣᠯᠣᠨ ᠴᠢᠩ ᠰᠡᠳᠬᠢᠯ ᠤᠨ ᠲᠣᠬᠤᠨᠢᠭᠤᠯᠤᠯ ᠬᠦᠷᠭᠡᠵᠡᠢ᠃      ᠦᠨᠳᠦᠰᠦᠲᠡᠨ ᠤ ᠳᠤᠮᠳᠠᠳᠤ ᠰᠤᠷᠭᠠᠭᠤᠯᠢ ᠳᠤ᠂ ᠲᠣᠬᠤᠨᠢᠭᠤᠯᠬᠤ ᠳᠤᠭᠤᠶᠢᠯᠠᠩ ᠤᠨ ᠬᠢᠨ ᠰᠢᠯᠢᠳᠡᠭ ᠪᠠᠭᠰᠢ ᠮᠠ ᠰᠧ ᠴᠢᠩ᠂ ᠶᠠᠨ ᠢᠦᠢ ᠯᠢᠶᠠᠩ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠭᠡᠷ ᠪᠦᠯᠢ᠂ ᠠᠮᠢᠳᠤᠷᠠᠯ ᠵᠢᠴᠢ ᠪᠡᠶ᠎ᠡ ᠮᠠᠬᠠᠪᠤᠳ ᠤᠨ ᠪᠠᠶᠢᠳᠠᠯ ᠢ ᠨᠢ ᠠᠰᠠᠭᠤᠵᠤ᠂ ᠲᠡᠳᠡᠨ ᠤ ᠰᠤᠷᠭᠠᠨ ᠬᠥᠮᠦᠵᠢᠯ ᠤᠨ ᠡᠮᠦᠨ᠎ᠡ ᠹᠷᠣᠨᠲ ᠲᠠᠬᠢ ᠡᠷᠬᠢᠮ ᠳᠡᠭᠡᠳᠦ ᠬᠥᠮᠥᠨ ᠬᠥᠮᠥᠵᠢᠭᠦᠯᠬᠦ ᠰᠡᠳᠬᠢᠯᠭᠡ ᠶᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ᠂ ᠲᠡᠳᠡᠨ ᠤ ᠣᠯᠣᠭᠰᠠᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠦᠷ᠎ᠡ ᠪᠦᠲᠦᠭᠡᠯ ᠢ ᠨᠤᠲᠠᠯᠠᠵᠤ ᠪᠠᠶᠢᠬᠤ ᠪᠠᠨ ᠢᠯᠡᠳᠬᠡᠵᠦ ᠂ ᠲᠡᠳᠡᠨ ᠤ ᠲᠣᠰ ᠪᠡᠶ᠎ᠡ ᠶᠢᠨ ᠬᠡᠪ ᠴᠢᠨᠠᠷ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠵᠡᠯ ᠰᠠᠨᠠᠭ᠎ᠠ ᠤᠯᠤᠰ ᠲᠥᠷᠥ᠂ ᠶᠣᠰᠣ ᠰᠤᠷᠲᠠᠬᠤᠨ ᠤ ᠪᠣᠯᠪᠠᠰᠤᠷᠠᠯ᠂ ᠡᠷᠳᠡᠮ ᠮᠡᠳᠡᠯᠭᠡ ᠰᠤᠷᠤᠯᠴᠠᠬᠤ ᠰᠤᠷᠲᠠᠯ ᠤᠨ ᠲᠠᠯ᠎ᠠ ᠪᠠᠷ ᠪᠡᠶ᠎ᠡ ᠪᠠᠷ ᠢᠶᠠᠨ ᠬᠡᠪ ᠳᠦᠷᠢᠮ ᠪᠣᠯᠵᠤ᠂ ᠰᠤᠷᠤᠯᠭ᠎ᠠ ᠶᠢᠨ ᠥᠨᠳᠥᠷ ᠠᠴᠠ ᠪᠠᠭᠰᠢ ᠪᠣᠯᠵᠤ᠂ ᠪᠡᠶ᠎ᠡ ᠪᠠᠷ ᠢᠶᠠᠨ ᠬᠡᠪ ᠳᠦᠷᠢᠮ ᠪᠣᠯᠵᠤ᠂ ᠰᠤᠷᠤᠭᠴᠢᠳ ᠤᠨ ᠡᠷᠡᠭᠦᠯ ᠢᠶᠠᠷ ᠦᠰᠦᠨ ᠪᠣᠶᠢᠵᠢᠬᠤ ᠶᠢᠨ ᠵᠢᠯᠣᠭᠤᠳᠤᠭᠴᠢ ᠪᠠ ᠵᠠᠮᠴᠢᠯᠠᠭᠴᠢ ᠪᠣᠯᠬᠤ ᠪᠠᠷ ᠴᠢᠷᠮᠠᠶᠢᠬᠤ ᠶᠢ ᠬᠦᠰᠡᠵᠦ ᠪᠠᠶᠢᠨ᠎ᠠ ᠭᠡᠵᠡᠢ᠃      ᠠᠵᠢᠯ ᠠᠴᠠ ᠪᠠᠨ ᠠᠮᠠᠷᠠᠭᠰᠠᠨ ᠠᠬᠠᠮᠠᠳ ᠪᠠᠭᠰᠢ ᠳ᠋ᠦᠩ ᡁᠢ ᠸᠧᠢ᠂ ᠸᠠᠩ ᠶᠠᠨ ᠵᠧᠩ ᠤᠨ ᠭᠡᠷ ᠲᠤ᠂ ᠲᠣᠬᠤᠨᠢᠭᠤᠯᠬᠤ ᠳᠤᠭᠤᠶᠢᠯᠠᠩ ᠤᠨ ᠬᠢᠨ ᠠᠬᠠᠮᠠᠳ ᠪᠠᠭᠰᠢ ᠨᠠᠷ ᠤᠨ ᠪᠡᠶ᠎ᠡ ᠮᠠᠬᠠᠪᠤᠳ ᠪᠣᠯᠣᠨ ᠭᠡᠷ ᠪᠦᠯᠢ ᠶᠢᠨ ᠠᠮᠢᠳᠤᠷᠠᠯ ᠵᠡᠷᠭᠡ ᠪᠠᠶᠢᠳᠠᠯ ᠢ ᠬᠠᠯᠠᠮᠵᠢᠯᠠᠨ ᠠᠰᠠᠭᠤᠵᠤ᠂ ᠠᠬᠠᠮᠠᠳ ᠪᠠᠭᠰᠢ ᠨᠠᠷ ᠤᠨ ᠪᠡᠶ᠎ᠡ ᠮᠠᠬᠠᠪᠤᠳ ᠡᠷᠡᠭᠦᠯ ᠴᠢᠭᠢᠷᠠᠭ᠂ ᠠᠮᠢᠳᠤᠷᠠᠯ ᠵᠣᠯ ᠵᠢᠷᠭᠠᠯ ᠲᠠᠢ ᠪᠠᠶᠢᠬᠤ ᠶᠢ ᠵᠥᠩᠨᠡᠪᠡ᠃ ᠡᠭᠦᠨ ᠤ ᠬᠠᠮᠲᠤ᠂ ᠠᠬᠠᠮᠠᠳ ᠪᠠᠭᠰᠢ ᠨᠠᠷ ᠢ ᠤᠯᠤᠰ ᠲᠦᠷᠦ ᠶᠢᠨ ᠲᠠᠯ᠎ᠠ ᠪᠠᠷ ᠬᠠᠯᠠᠮᠵᠢᠯᠠᠵᠤ᠂ ᠠᠮᠢᠳᠤᠷᠠᠯ ᠤᠨ ᠲᠠᠯ᠎ᠠ ᠪᠠᠷ ᠬᠠᠷᠠᠭᠠᠯᠵᠠᠵᠤ᠂ ᠲᠡᠳᠡᠨ ᠤ ᠰᠡᠳᠬᠢᠯ ᠤᠨ ᠦᠭᠡ ᠶᠢ ᠢᠯᠡᠭᠦᠬᠡᠨ ᠰᠣᠨᠣᠰᠴᠤ᠂ ᠲᠡᠳᠡᠨ ᠢ ᠰᠠᠨᠠᠭᠠᠴᠢᠯᠠᠭ᠎ᠠ ᠠᠴᠠ ᠪᠠᠨ ᠬᠠᠪᠰᠤᠷᠤᠨ ᠪᠣᠳᠠᠲᠠᠢ ᠠᠮᠢᠳᠤᠷᠠᠯ ᠤᠨ ᠬᠦᠴᠢᠷᠳᠡᠯ ᠢ ᠨᠢ ᠰᠢᠢᠳᠪᠦᠷᠢᠯᠡᠵᠦ᠂ ᠲᠡᠳᠡᠨ ᠳᠤ ᠨᠠᠮ ᠪᠣᠯᠣᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠦᠨᠡᠨᠬᠦ ᠬᠦᠷᠲᠡᠭᠡᠬᠦ ᠬᠡᠷᠡᠭᠲᠡᠢ ᠭᠡᠵᠦ ᠴᠢᠬᠤᠯᠠᠴᠢᠯᠠᠪᠠ᠃ ᠡᠭᠦᠨ ᠤ ᠬᠠᠮᠲᠤ᠂ ᠠᠬᠠᠮᠠᠳ ᠪᠠᠭᠰᠢ ᠨᠠᠷ  ᠲᠤᠭᠳᠠᠬᠤ ᠰᠢᠶᠠᠨ ᠤ ᠰᠤᠷᠭᠠᠨ ᠬᠥᠮᠦᠵᠢᠯ ᠢ ᠥᠩᠭᠡᠷᠡᠭᠰᠡᠨ ᠲᠠᠢ ᠪᠠᠨ ᠠᠳᠠᠯᠢ ᠪᠠᠷ ᠬᠠᠯᠠᠮᠵᠢᠯᠠᠵᠤ᠂ ᠦᠯᠡᠳᠡᠪᠦᠷᠢ ᠢᠯᠴᠢ ᠪᠠᠨ ᠦᠷᠭᠦᠯᠵᠢᠯᠡᠨ ᠪᠠᠳᠠᠷᠠᠭᠤᠯᠬᠤ   ᠶᠢ ᠬᠦᠰᠡᠵᠦ ᠪᠠᠶᠢᠨ᠎ᠠ ᠭᠡᠵᠡᠢ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1