ᠬᠤᠶᠢᠰᠢᠯᠠᠭᠤᠯᠣᠨ ᠲᠣᠰᠢᠶᠠᠬᠤ ᠬᠦᠷᠢᠶ᠎ᠡ ᠬᠡᠪᠴᠢᠶ᠎ᠡ ᠶᠢ ᠦᠷᠭᠡᠳᠭᠡᠪᠡ
ᠨᠡᠶᠢᠲᠡᠯᠡᠭᠰᠡᠨ ᠴᠠᠭ᠄
2022/9/13
        ᠬᠥᠮᠦᠨ ᠤ ᠬᠦᠴᠦᠨ ᠤ ᠡᠬᠢ  ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ᠂ ᠡᠳ᠋ ᠤᠨ ᠵᠠᠰᠠᠭ ᠤᠨ ᠶᠠᠮᠤᠨ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠵᠡᠷᠭᠡ ᠳᠥᠷᠪᠡᠨ ᠰᠠᠯᠠᠭ᠎ᠠ ᠮᠥᠴᠢᠷ ᠠᠴᠠ ᠣᠶᠢᠷ᠎ᠠ ᠳᠤ ᠬᠠᠮᠲᠤᠷᠠᠨ ᠮᠡᠳᠡᠭᠳᠡᠯ ᠨᠡᠶᠢᠲᠡᠯᠡᠵᠦ᠂ 2022ᠣᠨ ᠤ 9 ᠳ᠋ᠣᠭᠡᠷ ᠰᠠᠷ᠎ᠠ ᠠᠴᠠ ᠡᠬᠢᠯᠡᠨ᠂ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠵᠢᠴᠢ ᠰᠢᠨᠵᠢᠶᠠᠩ  ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠨᠢᠭᠡᠳᠭᠡᠯ ᠠᠩᠬᠢ ᠶᠢᠨ ᠬᠢᠨ ᠲᠤᠰ ᠭᠠᠵᠠᠷ ᠣᠷᠣᠨ ᠤ ᠪᠠᠨ ᠬᠢᠵᠢᠭ ᠲᠤ  ᠨᠥᠯᠥᠭᠡᠯᠡᠭᠳᠡᠭᠰᠡᠨ ᠪᠠᠶᠢᠳᠠᠯ ᠪᠠ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠪᠠᠶᠢᠳᠠᠯ ᠢ ᠦᠨᠳᠦᠰᠦᠯᠡᠵᠦ᠂ ᠬᠤᠶᠢᠰᠢᠯᠠᠭᠤᠯᠤᠨ ᠲᠤᠰᠢᠶᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠵᠦ᠂ ᠲᠣᠬᠠᠢ ᠶᠢᠨ ᠭᠠᠵᠠᠷ ᠣᠷᠣᠨ ᠤ ᠬᠢᠵᠢᠭ ᠲᠤ ᠨᠡᠯᠢᠶᠡᠳ ᠶᠡᠭᠡ ᠨᠦᠯᠦᠭᠡᠯᠡᠭᠳᠡᠭᠰᠡᠨ᠂  ᠦᠢᠯᠡᠳᠪᠦᠷᠢᠯᠡᠯ‌ᠡᠵᠡᠩᠨᠡᠯᠲᠡ ᠨᠢ ᠬᠦᠴᠢᠷᠳᠡᠯ  ᠲᠠᠢ ᠳᠤᠮᠳᠠ ᠵᠢᠵᠢᠭ ᠠᠵᠤ ᠠᠬᠤᠶᠢᠯᠠᠯ᠂ ᠪᠠᠶᠢᠭᠤᠯᠭ᠎ᠠ ᠨᠢᠭᠡᠴᠢ ᠵᠢᠨ‌‍ᠬᠡᠯᠪᠡᠷᠢ ᠪᠠᠷ ᠳᠠᠭᠠᠳᠬᠠᠯ ᠳᠤ ᠣᠷᠣᠯᠴᠠᠭᠰᠠᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ᠂ ᠠᠵᠤ ᠠᠬᠤᠶᠢᠯᠠᠯ  ᠤᠨ  ᠠᠵᠢᠯᠲᠠᠨ  ᠠᠵᠢᠯᠴᠢᠨ  ᠤ ᠦᠨᠳᠦᠰᠦᠨ ᠨᠠᠰᠤᠵᠢᠯ ᠤᠨ ᠳᠠᠭᠠᠳᠬᠠᠯ ᠳᠤ ᠣᠷᠣᠯᠴᠠᠭᠰᠠᠨ ᠠᠵᠢᠯ ᠦᠢᠯᠡᠰ ᠤᠨ ᠨᠢᠭᠡᠴᠢ ᠵᠢᠴᠢ ᠡᠯ᠎ᠡ ᠲᠥᠷᠥᠯ ᠤᠨ ᠨᠡᠶᠢᠭᠡᠮ ᠤᠨ  ᠵᠣᠬᠢᠶᠠᠨ ᠪᠠᠶᠢᠭᠤᠯᠤᠯᠲᠠ ᠶᠢ ᠬᠠᠮᠤᠷᠴᠤ᠂ ᠨᠡᠶᠢᠭᠡᠮ ᠤᠨ ᠳᠠᠭᠠᠳᠬᠠᠯ ᠤᠨ ᠰᠦᠢᠳᠭᠡᠯ ᠢ ᠱᠠᠳᠣᠴᠢ  ᠴᠢᠨᠠᠷᠲᠠᠶ ᠪᠠᠷ ᠬᠤᠶᠢᠰᠢᠯᠠᠭᠤᠯᠤᠨ ᠲᠤᠰᠢᠶᠠᠬᠤ ᠲᠥᠷᠥ ᠶᠢᠨ ᠪᠣᠳᠣᠯᠭ᠎ᠠ ᠪᠠᠷ ᠨᠠᠩ ᠣᠯᠠᠨ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠠᠰᠢᠭ ᠬᠦᠷᠲᠡᠭᠡᠨ᠎ᠡ ᠭᠡᠵᠡᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1