ᠲᠣᠭᠲᠠᠬᠤ ᠰᠢᠶᠠᠨ ᠠᠷᠪᠠᠨ ᠨᠢᠭᠡᠳᠦᠭᠡᠷ ᠤᠳᠠᠭ᠎ᠠ ᠶᠢᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/9/14
     ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠠᠯᠲᠠ ᠲᠠᠢ ᠪᠠᠷ ᠬᠤᠷᠠᠯᠳᠤᠬᠤ ᠶᠢ ᠤᠭᠳᠤᠵᠤ᠂ ᠭᠤᠣᠯᠳᠠᠯᠭ᠎ᠠ ᠲᠠᠢ ᠳᠠᠷᠤᠭᠳᠠᠮᠠᠯ ᠬᠡᠷᠡᠭ ᠢ ᠰᠢᠢᠳᠪᠦᠷᠢᠯᠡᠬᠦ ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠬᠤ‌‍ᠶᠢᠨ ᠲᠦᠯᠦᠭᠡ᠂ 9 ᠰᠠᠷ᠎ᠠ ᠶᠢᠨ 13 ᠤ ᠡᠳᠦᠷ᠂ ᠲᠣᠭᠲᠠᠬᠤ ᠰᠢᠶᠠᠨ 11 ᠳ᠋ᠤᠭᠡᠷ ᠤᠳᠠᠭᠠᠨ ᠤ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯᠳᠤᠭᠠᠨ ᠢ ᠬᠤᠷᠠᠯᠳᠤᠭᠤᠯᠵᠤ᠂ ᠪᠦᠬᠦ ᠰᠢᠶᠠᠨ ᠤ ᠠᠷᠠᠳ ᠤᠨ ᠠᠮᠢᠳᠤᠷᠠᠯ ᠤᠨ ᠲᠥᠷᠥᠯ᠂ ᠬᠠᠤᠯᠢ ᠴᠠᠭᠠᠵᠠ ᠪᠠ ᠵᠠᠷᠭᠤ ᠳᠤ ᠬᠤᠯᠪᠣᠭᠳᠠᠬᠤ ᠲᠥᠷᠥᠯ ᠤᠨ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ ᠰᠢᠢᠳᠪᠦᠷᠢᠯᠡᠭᠰᠡᠨ ᠪᠠᠶᠢᠳᠠᠯ ᠢ ᠵᠠᠷᠯᠠᠨ ᠮᠡᠳᠡᠭᠳᠡᠵᠦ᠂ ᠣᠳᠣᠬᠠᠨ ᠤ ᠪᠦᠬᠦ ᠰᠢᠶᠠᠨ ᠤ ᠭᠤᠣᠯᠳᠠᠯᠭ᠎ᠠ ᠲᠠᠢ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ   ᠶᠢᠨ ᠬᠤᠷᠢᠶᠠᠨ ᠤ ᠱᠦᠵᠢ ᠲᠦᠮᠡᠨ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠬᠡᠷᠡᠭ ᠢ ᠳᠠᠭᠠᠭᠠᠴᠢᠯᠠᠭᠰᠠᠨ ᠭᠠᠵᠠᠷ ᠤᠨ ᠳᠡᠰ ᠤᠨ ᠤᠳᠤᠷᠢᠳᠤᠯᠭ᠎ᠠ᠂ ᠡᠯ᠎ᠡ ᠪᠠᠯᠭᠠᠰᠤ᠂ ᠬᠠᠳᠤᠨ ᠭᠤᠣᠯ ᠤᠨ ᠨᠤᠭᠤ ᠭᠠᠵᠠᠷ ᠤᠨ ᠬᠠᠮᠢᠶᠠᠷᠤᠯᠳᠠ ᠬᠠᠮᠠᠭᠠᠯᠠᠯᠳᠠ ᠶᠢᠨ ᠲᠥᠪ᠂ ᠲᠤᠭᠳᠠᠬᠤ ᠴᠢᠩ ᠱᠦᠢ ᠾᠧ ᠠᠵᠤ ᠦᠢᠯᠡᠰ ᠤᠨ ᠬᠦᠷᠢᠶᠡᠯᠡᠩ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠬᠤᠷᠠᠯ ᠠᠴᠠ᠂ ᠣᠶᠢᠷ᠎ᠠ ᠶᠢᠨ ᠬᠤᠭᠤᠴᠠᠭᠠᠨ ᠤ ᠠᠵᠢᠯ ᠤᠨ ᠭᠤᠣᠯᠳᠠᠯᠭ᠎ᠠ ᠶᠢ ᠪᠦᠬᠦ ᠲᠠᠯ᠎ᠠ ᠪᠠᠷ ᠡᠮᠬᠢᠯᠡᠨ ᠲᠢᠭᠯᠡᠵᠦ᠂ ᠦᠵᠡᠯ ᠰᠠᠨᠠᠭ᠎ᠠ ᠪᠠᠨ ᠤᠯᠠᠮ ᠴᠢᠨᠠᠭᠰᠢᠳᠠ ᠨᠢᠭᠡᠳᠬᠡᠵᠦ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠴᠢᠭᠯᠡᠯ ᠢ ᠲᠣᠳᠣᠷᠬᠠᠶᠢᠯᠠᠵᠤ᠂ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠬᠦ ᠬᠡᠷᠡᠭᠲᠡᠢ᠃ ᠪᠣᠳᠠᠲᠤ ᠴᠢᠨᠠᠷ ᠤᠨ ᠠᠰᠠᠭᠤᠳᠠᠯ ᠢ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠬᠦ ᠬᠡᠷᠡᠭᠲᠡᠢ᠃ ᠬᠠᠤᠯᠢ ᠪᠠᠷ ᠵᠠᠰᠠᠬᠤ ᠰᠡᠳᠬᠢᠬᠦᠢ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠬᠡᠷᠡᠭᠯᠡᠨ ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠤᠯᠠᠨ ᠲᠦᠮᠡᠨ ᠤ ᠲᠤᠰᠬᠠᠭᠰᠠᠨ ᠠᠰᠠᠭᠤᠳᠠᠯ ᠢ ᠬᠠᠤᠯᠢ ᠴᠠᠭᠠᠵᠠ ᠶᠢᠨ ︽ᠲᠡᠩᠨᠡᠭᠦᠷ︾ ᠳᠡᠭᠡᠷ᠎ᠡ ᠲᠠᠯᠪᠢᠵᠤ ᠬᠡᠮᠵᠢᠬᠦ ᠶᠢᠨ ᠬᠠᠮᠲᠤ ᠡᠶᠡᠳᠡᠭᠦᠯᠬᠦ ᠠᠵᠢᠯ ᠢ ᠰᠢᠢᠳᠪᠦᠷᠢᠯᠡᠬᠦ ᠪᠦᠬᠦ ᠶᠠᠪᠤᠴᠠ ᠳᠤ ᠲᠤᠤᠱᠯᠠᠭᠤᠯᠵᠤ᠂ ︽ᠬᠡᠷᠡᠭ ᠢ ᠳᠠᠭᠤᠰᠬᠠᠵᠤ ᠤᠴᠢᠷ ᠶᠠᠪᠤᠳᠠᠯ ᠢ ᠳᠠᠭᠤᠰᠬᠠᠭᠠᠳ ᠬᠥᠮᠥᠨ ᠤ ᠨᠠᠶᠢᠷᠠᠮᠳᠠᠭᠤ︾ ᠶᠢ ᠦᠨᠡᠨ ᠬᠦ ᠪᠡᠶᠡᠯᠡᠭᠦᠯᠦᠨ᠎ᠡ᠃ ᠠᠷᠭ᠎ᠠ ᠪᠠᠷᠢᠯ ᠠᠷᠭ᠎ᠠ ᠬᠡᠮᠵᠢᠶ᠎ᠡ‌‍ᠪᠡᠨ ᠴᠢᠩᠭᠠᠳᠬᠠᠬᠤ ᠬᠡᠷᠡᠭᠲᠡᠢ᠃ ᠦᠵᠡᠯ ᠰᠠᠨᠠᠭᠠᠨ ᠤ ᠠᠵᠢᠯ ᠢ ᠲᠡᠭᠦᠨ ᠤ ᠳᠤᠮᠳᠠ ᠲᠤᠭᠤᠰᠢᠯᠠᠭᠤᠯᠬᠤ ᠶᠢ ᠪᠠᠷᠢᠮᠲᠠᠯᠠᠵᠤ᠂ ᠵᠦᠢ ᠵᠣᠬᠢᠰ ᠦᠭᠡᠢ ᠵᠠᠭᠠᠯᠳᠤᠬᠤ ᠬᠥᠮᠥᠰ ᠲᠤ ᠴᠢᠭᠯᠡᠭᠦᠯᠦᠨ ᠡᠷᠬᠡᠪᠰᠢ ᠦᠵᠡᠯ ᠰᠠᠨᠠᠭᠠᠨ‌‍ᠤ ᠬᠥᠮᠦᠵᠢᠯ ᠢ ᠪᠣᠳᠠᠲᠠᠶᠢᠵᠢᠭᠤᠯᠵᠤ᠂ ᠤᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠤᠯᠠᠨ ᠲᠠᠯ᠎ᠠ ᠪᠠᠷ ᠬᠤᠯᠪᠤᠭᠠᠯᠠᠨ ᠬᠥᠳᠡᠯᠦᠯᠴᠡᠵᠦ᠂ ᠴᠠᠭ ᠬᠤᠭᠤᠴᠠᠭ᠎ᠠ ᠶᠢ ᠲᠥᠪᠯᠡᠷᠡᠭᠦᠯᠦᠨ ᠨᠢᠭᠡ ᠪᠦᠯᠦᠭ ᠲᠦᠪᠡᠭ ᠪᠤᠳᠤᠯᠢᠶᠠᠨᠲᠠᠢ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠪᠡᠷᠬᠡ ᠰᠡᠳᠦᠪ ᠢ ᠰᠢᠢᠳᠪᠦᠷᠢᠯᠡᠨ ᠰᠢᠢᠳᠪᠦᠷᠢᠯᠡᠬᠦ ᠬᠡᠷᠡᠭᠲᠡᠢ᠃ ᠬᠡᠷᠡᠭ ᠡᠳᠦᠵᠦ ᠡᠮᠬᠢ ᠵᠢᠷᠤᠮ ᠢ ᠰᠠᠮᠠᠭᠤᠷᠠᠭᠤᠯᠬᠤ᠂ ᠵᠢᠭᠤᠷᠠᠯᠳᠤᠨ ᠰᠤᠷᠪᠤᠯᠵᠢᠯᠠᠵᠤ ᠦᠢᠮᠡᠭᠦᠯᠦᠨ ᠰᠤᠷᠪᠤᠯᠵᠢᠯᠠᠬᠤ ᠵᠡᠷᠭᠡ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠰᠢᠢᠳᠪᠦᠷᠢᠯᠡᠬᠦ ᠬᠡᠷᠡᠭᠲᠡᠢ᠃ ᠬᠡᠪ ᠤᠨ ᠵᠠᠬᠢᠳᠠᠯ ᠰᠣᠷᠪᠤᠯᠵᠢᠯᠠᠭ᠎ᠠ ᠶᠢᠨ ᠡᠮᠬᠢ ᠵᠢᠷᠤᠮ ᠢ ᠦᠨᠡᠨ ᠬᠦ ᠵᠢᠷᠤᠮᠵᠢᠭᠤᠯᠵᠤ᠂ ᠶᠣᠰᠣ ᠪᠤᠰᠤ ᠪᠠᠷ ᠠᠭᠠᠰᠢᠯᠠᠬᠤ᠂ ᠵᠢᠭᠤᠷᠠᠯᠳᠤᠨ ᠰᠤᠷᠪᠤᠯᠵᠢᠯᠠᠵᠤ ᠦᠢᠮᠡᠭᠦᠯᠦᠨ ᠰᠤᠷᠪᠤᠯᠵᠢᠯᠠᠬᠤ᠂ ᠵᠠᠬᠢᠳᠠᠯ ᠰᠣᠷᠪᠤᠯᠵᠢᠯᠠᠭ᠎ᠠ ᠶᠢᠨ ᠠᠷᠭ᠎ᠠ ᠵᠠᠮ ᠢᠶᠠᠷ ᠳᠠᠮᠵᠢᠭᠤᠯᠤᠨ ᠵᠦᠢ ᠵᠣᠬᠢᠰ ᠦᠭᠡᠢ ᠭᠤᠮᠣᠳᠠᠯ ᠲᠣᠭᠠᠴᠢᠯᠲᠠ ᠳᠤ ᠬᠦᠷᠬᠦ ᠬᠥᠮᠥᠰ ᠢ ᠰᠢᠳᠬᠡᠬᠦ ᠪᠠ ᠰᠤᠷᠭᠠᠨ ᠬᠥᠮᠥᠵᠢᠭᠦᠯᠬᠦ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠬᠠᠤᠯᠢ ᠶᠣᠰᠣᠭᠠᠷ ᠬᠤᠷᠢᠭᠯᠠᠨ ᠵᠣᠭᠰᠣᠭᠠᠵᠤ᠂ ᠰᠢᠢᠳᠪᠦᠷᠢᠯᠡᠵᠦ᠂ ᠵᠠᠬᠢᠳᠠᠯ ᠰᠣᠷᠪᠤᠯᠵᠢᠯᠠᠭ᠎ᠠ ᠶᠢᠨ ᠤᠯᠠᠨ ᠲᠦᠮᠡᠨ ᠢ ᠵᠥᠪ ᠢᠶᠠᠷ ᠬᠥᠲᠥᠯᠥᠨ ᠵᠢᠯᠤᠭᠤᠳᠴᠤ ᠪᠠᠶᠢᠭᠠᠳ ᠬᠠᠤᠯᠢ ᠲᠣᠭᠲᠠᠭᠠᠯ ᠶᠣᠰᠣᠭᠠᠷ ᠣᠶᠤᠨᠴᠢ ᠪᠠᠷ ᠭᠤᠮᠣᠳᠠᠯ ᠲᠣᠭᠠᠴᠢᠯᠲᠠ ᠪᠠᠨ ᠢᠯᠡᠳᠬᠡᠬᠦ ᠪᠣᠯᠭᠠᠬᠤ ᠬᠡᠷᠡᠭᠲᠡᠢ᠃ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠲᠣᠭᠲᠠᠭᠤᠨ ᠪᠠᠶᠢᠳᠠᠯ ᠢ ᠬᠠᠮᠠᠭᠠᠯᠠᠬᠤ ᠬᠡᠷᠡᠭᠲᠡᠢ᠃ ᠰᠢᠶᠠᠨ ᠤ ᠨᠠᠮ ᠤᠨ ᠬᠤᠷᠢᠶ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠪᠠᠨ ᠴᠢᠩᠭᠠᠳᠬᠠᠵᠤ᠂ ᠡᠯ᠎ᠡ ᠬᠡᠷᠡᠭ ᠢ ᠳᠠᠭᠠᠭᠠᠴᠢᠯᠠᠭᠰᠠᠨ ᠤᠳᠤᠷᠢᠳᠤᠯᠭ᠎ᠠ ᠪᠡᠶᠡᠴᠢ ᠴᠢᠳᠠᠮᠠᠭᠠᠢ ᠦᠢᠯᠡᠳᠦᠯ ᠢᠶᠠᠨ ᠪᠠᠳᠠᠷᠠᠭᠤᠯᠵᠤ᠂ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠠᠮᠤᠷ ᠢ ᠬᠠᠮᠠᠭᠠᠯᠠᠵᠤ ᠲᠣᠭᠲᠠᠭᠤᠨ ᠢ ᠬᠠᠮᠠᠭᠠᠯᠠᠬᠤ ᠳᠡᠭᠡᠷ᠎ᠡ ᠨᠢᠭᠲᠠᠷᠠᠭᠤᠯᠵᠤ᠂ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ ᠦᠨᠡᠨ ᠬᠦ ᠰᠡᠳᠬᠢᠯ ᠳᠡᠭᠡᠨ ᠪᠤᠳᠤᠵᠤ᠂ ᠭᠠᠷ ᠲᠠᠭᠠᠨ ᠠᠳᠬᠤᠵᠤ᠂ ᠮᠥᠷᠥᠨ ᠳᠡᠭᠡᠷ᠎ᠡ ᠪᠠᠨ ᠡᠭᠦᠷᠭᠡᠯᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠡᠶ᠎ᠡ ᠵᠣᠬᠢᠴᠠᠯ ᠲᠠᠢ ᠲᠣᠭᠲᠠᠭᠤᠨ ᠨᠡᠶᠢᠭᠡᠮ ᠤᠨ ᠣᠷᠴᠢᠨ ᠨᠥᠬᠦᠴᠡᠯ ᠢ ᠪᠤᠢ ᠪᠣᠯᠭᠠᠵᠤ ᠥᠭᠬᠦ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1