ᠬᠤᠳᠠ ᠶᠢᠨ ᠬᠦᠴᠢᠷᠳᠡᠯ ᠲᠠᠢ ᠠᠵᠢᠯᠲᠠᠨ ᠠᠵᠢᠯᠴᠢᠨ ᠤ ᠬᠦᠴᠢᠷᠳᠡᠯ ᠠᠴᠠ ᠠᠩᠭᠢᠵᠢᠷᠠᠭᠤᠯᠬᠤ ᠠᠵᠢᠯ ᠤᠨ | ᠦᠷ᠎ᠡ ᠪᠦᠲᠦᠮᠵᠢ ᠶᠢ ᠤᠯᠠᠮ ᠨᠢᠭᠡ ᠠᠯᠬᠤᠮ ᠪᠠᠬᠢᠵᠢᠭᠦᠯᠵᠦ᠂ ᠬᠦᠴᠢᠷᠳᠡᠯ ᠲᠠᠢ ᠠᠵᠢᠯᠲᠠᠨ ᠠᠵᠢᠯᠴᠢᠨ ᠤ ᠭᠡᠷ | ᠪᠦᠯᠢ ᠶᠢᠨ ᠦᠷ᠎ᠡ ᠬᠡᠦᠬᠡᠳ ᠤᠨ ᠰᠤᠷᠭᠠᠭᠤᠯᠢ ᠳᠤ ᠣᠷᠣᠬᠤ ᠳᠤ ᠬᠦᠴᠢᠷᠲᠡᠢ ᠪᠠᠶᠢᠬᠤ ᠵᠡᠷᠭᠡ ᠠᠰᠠᠭᠤᠳᠠᠯ ᠢ ᠦᠨᠡᠨ | ᠬᠦ ᠰᠢᠢᠳᠪᠦᠷᠢᠯᠡᠬᠦ ᠶᠢᠨ ᠲᠦᠯᠦᠭᠡ᠂ 9 ᠳ᠋ᠤᠭᠡᠷ ᠰᠠᠷ᠎ᠠ ᠶᠢᠨ 9 ᠤ ᠡᠳᠦᠷ᠂ ᠲᠣᠭᠲᠠᠬᠤ ᠰᠢᠶᠠᠨ ᠤ ᠠᠵᠢᠯᠴᠢᠨ ᠤ | ᠶᠡᠷᠦᠩᠬᠡᠢ ᠡᠪᠯᠡᠯ 2022 ᠣᠨ ᠤ ︽ᠠᠯᠳᠠᠨ ᠨᠠᠮᠤᠷ ᠤᠨ ᠰᠤᠷᠤᠯᠭ᠎ᠠ ᠶᠢᠨ ᠲᠡᠳᠬᠦᠮᠵᠢ︾ ᠶᠢᠨ ᠮᠥᠩᠭᠦ ᠶᠢ | ᠲᠠᠷᠬᠠᠭᠠᠬᠤ ᠶᠣᠰᠣᠯᠠᠯ ᠶᠠᠪᠤᠭᠤᠯᠪᠠ᠃ ᠰᠢᠶᠠᠨ ᠤ ᠤᠳᠤᠷᠢᠳᠤᠯᠭ᠎ᠠ ᠲᠦᠮᠡᠨ᠂ ᠯᠢ ᠸᠧᠨ ᠰᠢᠸ᠂ ᠶᠠᠩ ᠶᠢᠨ᠂ | ᠣᠶᠤᠨᠴᠡᠴᠡᠭ ᠶᠣᠰᠣᠯᠠᠯ ᠳᠤ ᠣᠷᠣᠯᠴᠠᠵᠠᠢ᠃ | ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠤᠨ ᠬᠠᠷᠢᠭᠤᠴᠠᠯᠭᠠᠲᠠᠨ᠂ ᠦᠨᠳᠦᠰᠦᠨ ᠱᠠᠲᠤᠨ ᠤ ᠠᠵᠢᠯᠴᠢᠨ ᠤ | ᠡᠪᠯᠡᠯ ᠤᠨ ᠲᠡᠷᠢᠭᠦᠯᠡᠭᠴᠢ ᠶᠢᠨ ᠲᠥᠯᠥᠭᠡᠯᠡᠭᠴᠢ᠂ ᠲᠤᠰᠠᠯᠠᠮᠵᠢ ᠬᠦᠷᠲᠡᠵᠦ ᠪᠠᠶᠢᠭ᠎ᠠ ᠬᠦᠴᠢᠷᠳᠡᠯ ᠲᠠᠢ ᠠᠵᠢᠯᠲᠠᠨ | ᠠᠵᠢᠯᠴᠢᠨ ᠵᠢᠴᠢ ᠰᠤᠷᠤᠭᠴᠢᠳ ᠶᠣᠰᠣᠯᠠᠯ ᠳᠤ ᠣᠷᠣᠯᠴᠠᠪᠠ᠃ | ᠲᠣᠰ ᠤᠳᠠᠭᠠᠨ ᠤ ᠲᠣᠭᠲᠠᠬᠤ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠤᠨ ︽ᠠᠯᠲᠠᠨ ᠨᠠᠮᠤᠷ ᠤᠨ | ᠰᠤᠷᠤᠯᠭ᠎ᠠ ᠶᠢ ᠲᠡᠳᠬᠦᠬᠦ︾ ᠠᠵᠢᠯᠯᠠᠭ᠎ᠠ ᠳᠤ ᠨᠡᠶᠢᠲᠡ 27.2 ᠲᠦᠮᠡᠨ ᠲᠥᠭᠦᠷᠢᠭ ᠤᠨ ᠰᠤᠷᠤᠯᠭ᠎ᠠ ᠶᠢᠨ | ᠲᠡᠳᠬᠦᠮᠵᠢ ᠶᠢᠨ ᠮᠥᠩᠭᠦ ᠲᠠᠷᠬᠠᠭᠠᠵᠤ᠂ ᠲᠣᠰ ᠬᠤᠭᠤᠴᠠᠭᠠᠨ ᠤ ᠪᠠ ᠵᠢᠩᠬᠢᠨᠢ ᠠᠩᠭᠢ᠂ ᠶᠡᠭᠡ ᠰᠤᠷᠭᠠᠭᠤᠯᠢ᠂ | ᠳᠤᠮᠳᠠᠳᠤ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠳᠤ ᠰᠤᠷᠤᠯᠴᠠᠵᠤ ᠪᠠᠶᠢᠭ᠎ᠠ 34 ᠰᠣᠷᠣᠭᠴᠢ ᠶᠢ | ᠲᠤᠰᠠᠯᠠᠭᠰᠠᠨ ᠪᠠᠶᠢᠨ᠎ᠠ᠃ | ᠲᠤᠰᠠᠯᠠᠮᠵᠢ ᠭᠥᠷᠳᠡᠭᠰᠡᠭᠡᠷ ᠢᠷᠡᠭᠰᠡᠨ ᠶᠠᠳᠠᠭᠤ ᠬᠦᠴᠢᠷᠳᠡᠯᠲᠡᠢ ᠠᠵᠢᠯᠲᠠᠨ ᠠᠵᠢᠯᠴᠢᠨ ᠤ ᠲᠥᠯᠥᠭᠡᠯᠡᠭᠴᠢ | ᠵᠧᠦ ᠬᠤᠸᠠ ᠮᠢᠩ᠄ ︽ᠶᠠᠳᠠᠭᠤ ᠬᠦᠴᠢᠷᠳᠡᠯᠲᠡᠢ ᠠᠵᠢᠯᠲᠠᠨ ᠠᠵᠢᠯᠴᠢᠨ ᠢ ᠬᠠᠯᠠᠮᠵᠢᠯᠠᠨ ᠬᠠᠶᠢᠷᠠᠯᠠᠭᠰᠠᠭᠠᠷ ᠢᠷᠡᠭᠰᠡᠨ | ᠡᠯ᠎ᠡ ᠱᠠᠲᠤᠨ ᠤ ᠤᠳᠤᠷᠢᠳᠤᠯᠭ᠎ᠠ᠂ ᠢᠯᠠᠩᠭᠤᠶ᠎ᠠ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠤᠨ ᠪᠢᠳᠡᠨ ᠢ | ᠬᠠᠯᠠᠮᠵᠢᠯᠠᠨ ᠲᠡᠳᠬᠦᠭᠰᠡᠨ ᠳᠤ ᠲᠠᠯᠠᠷᠬᠠᠵᠤ᠂ ᠨᠠᠮᠠᠶᠢ ᠦᠷᠭᠦᠯᠵᠢᠯᠡᠨ ᠠᠮᠢᠳᠤᠷᠠᠬᠤ ᠵᠣᠷᠢᠭ ᠲᠠᠢ ᠪᠣᠯᠭᠠᠵᠠᠢ᠂ ᠠᠯᠲᠠᠨ | ᠨᠠᠮᠤᠷ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠶᠢᠨ ᠭᠠᠵᠠᠷ ᠠᠴᠠ ᠮᠢᠨᠤ ᠭᠡᠷ ᠪᠦᠯᠢ ᠳᠤ ᠯᠤᠲᠤ ᠶᠡᠭᠡ | ᠳᠡᠮᠵᠢᠯᠭᠡ ᠦᠵᠡᠭᠦᠯᠵᠡᠢ᠂ ᠪᠢ ᠨᠠᠮ ᠳᠤ ᠲᠠᠯᠠᠷᠬᠠᠵᠤ᠂ ᠵᠠᠰᠠᠭ ᠤᠨ ᠣᠷᠳᠣᠨ ᠳᠤ ᠲᠠᠯᠠᠷᠬᠠᠨ᠎ᠠ︾ ᠭᠡᠵᠦ ᠬᠡᠯᠡᠪᠡ᠃ | ᠲᠤᠰᠠᠯᠠᠮᠵᠢ ᠭᠥᠷᠳᠡᠭᠰᠡᠨ ᠠᠵᠢᠯᠲᠠᠨ ᠠᠵᠢᠯᠴᠢᠨ ᠤ ᠦᠷ᠎ᠡ ᠬᠡᠦᠬᠡᠳ ᠤᠨ ᠲᠥᠯᠥᠭᠡᠯᠡᠭᠴᠢ ᠸᠠᠩ ᠰᠢᠨ᠄ ︽ | ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠠᠴᠠ ᠮᠠᠨ ᠤ ᠭᠡᠷ ᠪᠦᠯᠢ ᠳᠤ ᠰᠤᠷᠤᠯᠭ᠎ᠠ ᠶᠢ ᠲᠡᠳᠬᠦᠬᠦ ᠲᠤᠰᠠᠯᠠᠮᠵᠢ | ᠦᠵᠡᠭᠦᠯᠦᠭᠰᠡᠨ ᠳᠤ ᠲᠠᠯᠠᠷᠬᠠᠵᠤ ᠪᠠᠶᠢᠨ᠎ᠠ᠂ ᠮᠢᠨᠤ ᠶᠡᠭᠡ ᠰᠤᠷᠭᠠᠭᠤᠯᠢ ᠶᠢᠨ ᠵᠠᠮ ᠰᠠᠶ᠋ᠢ ᠪᠠᠲᠤ ᠴᠢᠩᠭ᠎ᠠ | ᠪᠠᠲᠤᠯᠠᠭ᠎ᠠ ᠲᠠᠢ ᠪᠣᠯᠤᠭᠰᠠᠨ ᠶᠤᠮ᠃ ᠲᠡᠷᠡ ᠨᠢ ᠪᠢᠳᠡᠨ ᠤ ᠡᠳ᠋ ᠪᠣᠳᠠᠰ ᠤᠨ ᠲᠠᠯ᠎ᠠ ᠪᠠᠷ ᠬᠢ ᠬᠠᠪᠰᠤᠷᠤᠯᠭ᠎ᠠ | ᠪᠣᠯᠬᠤ ᠪᠠᠷ ᠪᠠᠷᠠᠬᠤ ᠦᠭᠡᠢ᠂ ᠨᠡᠩ ᠴᠤ ᠤᠶᠤᠨ ᠰᠠᠨᠠᠭᠠᠨ ᠤ ᠲᠠᠯ᠎ᠠ ᠪᠠᠷ ᠬᠢ ᠲᠠᠶᠢᠳᠬᠤᠷᠠᠭᠤᠯᠤᠯ ᠪᠣᠯᠬᠤ ᠶᠤᠮ᠃ | ᠡᠭᠦᠨ ᠤ ᠲᠥᠯᠥᠭᠡ ᠪᠢ ᠲᠤᠶᠢᠯ ᠤᠨ ᠬᠠᠯᠠᠭᠤᠨ ᠳᠤᠯᠠᠭᠠᠨ ᠰᠠᠨᠠᠭᠳᠠᠵᠤ᠂ ᠡᠨᠡ ᠬᠦ ᠰᠠᠶᠢᠨ ᠰᠠᠶᠢᠬᠠᠨ ᠴᠠᠭ | ᠦᠶ᠎ᠡ ᠳᠤ ᠠᠮᠢᠳᠤᠷᠠᠭᠰᠠᠨ ᠳᠠᠭᠠᠨ ᠲᠤᠶᠢᠯ ᠤᠨ ᠪᠠᠶᠠᠷ ᠲᠠᠢ ᠪᠠᠶᠢᠨ᠎ᠠ᠃ ᠬᠤᠶᠢᠰᠢᠳᠠ ᠶᠢᠨ ᠶᠡᠭᠡ ᠰᠤᠷᠭᠠᠭᠤᠯᠢ ᠶᠢᠨ | ᠠᠮᠢᠳᠤᠷᠠᠯ ᠳᠤᠮᠳᠠ ᠪᠢ ᠴᠢᠷᠮᠠᠶᠢᠨ ᠰᠤᠷᠤᠯᠴᠠᠵᠤ᠂ ᠰᠤᠷᠤᠯᠭ᠎ᠠ ᠳᠠᠭᠠᠨ ᠳᠠᠪᠠᠭᠤᠯᠢᠭ ᠲᠠᠢ ᠪᠣᠯᠵᠤ᠂ ᠬᠤᠵᠢᠮ | ᠥᠪᠡᠷ ᠤᠨ ᠴᠢᠳᠠᠪᠤᠷᠢ ᠪᠠᠷ ᠢᠶᠠᠨ ᠬᠠᠪᠰᠤᠷᠤᠯᠭ᠎ᠠ ᠴᠢᠬᠤᠯᠠᠲᠠᠢ ᠨᠡᠩ ᠤᠯᠠᠨ ᠬᠥᠮᠥᠰ ᠢ ᠬᠠᠪᠰᠤᠷᠴᠤ᠂ ᠨᠡᠶᠢᠭᠡᠮ ᠳᠤ | ᠠᠴᠢ ᠬᠠᠷᠢᠭᠤᠯᠵᠤ᠂ ᠡᠬᠡ ᠤᠯᠤᠰ ᠤᠨ ᠢᠶᠠᠨ ᠲᠥᠯᠥᠭᠡ ᠵᠢᠳᠭᠦᠨ᠎ᠡ︾ ᠭᠡᠪᠡ᠃ | ᠦᠨᠳᠦᠰᠦᠨ ᠱᠠᠲᠤᠨ ᠤ ᠠᠵᠢᠯᠴᠢᠨ ᠤ ᠡᠪᠯᠡᠯ ᠤᠨ ᠲᠡᠷᠢᠭᠦᠯᠡᠭᠴᠢ ᠶᠢᠨ ᠲᠥᠯᠥᠭᠡᠯᠡᠭᠴᠢ ᠯᠢᠦ ᠼᠠᠢ ᠬᠤᠩ | ᠪᠦᠦ ᠹᠧᠩ ᠠᠳᠠᠯ ᠠᠬᠤᠢ ᠶᠢᠨ ᠺᠣᠮᠫᠠᠨᠢ ᠶᠢᠨ ᠪᠥᠬᠦ ᠠᠵᠢᠯᠲᠠᠨ ᠠᠵᠢᠯᠴᠢᠨ ᠢ ᠲᠥᠯᠥᠭᠡᠯᠡᠨ ᠰᠢᠶᠠᠨᠤ ᠠᠵᠢᠯᠴᠢᠨ ᠤ | ᠶᠡᠷᠦᠩᠬᠡᠢ ᠡᠪᠯᠡᠯ ᠠᠴᠠ ᠦᠨᠳᠦᠰᠦᠨ ᠱᠠᠲᠤᠨ ᠤ ᠠᠵᠢᠯᠴᠢᠨ ᠤ ᠡᠪᠯᠡᠯ ᠤᠨ ᠠᠵᠢᠯ ᠳᠤ ᠲᠤᠶᠢᠯ ᠤᠨ ᠶᠡᠭᠡ ᠳᠡᠮᠵᠢᠯᠭᠡ | ᠬᠠᠪᠰᠤᠷᠤᠯᠭ᠎ᠠ ᠦᠵᠡᠭᠦᠯᠦᠭᠰᠡᠨ ᠪᠠ ᠠᠵᠢᠯᠲᠠᠨ ᠠᠵᠢᠯᠴᠢᠨ ᠢ ᠬᠠᠯᠠᠮᠵᠢᠯᠠᠭᠰᠠᠨ ᠳᠤ ᠣᠨᠴᠠᠭᠠᠶᠢᠯᠠᠨ ᠲᠠᠯᠠᠷᠬᠠᠭᠰᠠᠨ | ᠪᠥᠭᠡᠳ ᠲᠣᠭᠲᠠᠬᠤ ᠰᠢᠶᠠᠨ ᠤ ᠠᠵᠢᠯᠴᠢᠨ ᠤ ᠶᠡᠷᠦᠩᠬᠡᠢ ᠡᠪᠯᠡᠯᠳᠦ ︽ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ | ᠰᠡᠳᠬᠢᠯᠭᠡ ᠨᠢ ᠠᠵᠢᠯᠲᠠᠨ ᠠᠵᠢᠯᠴᠢᠨ ᠤ ᠠᠯᠲᠠᠨ ᠨᠠᠮᠤᠷ ᠤᠨ ᠰᠤᠷᠤᠯᠭ᠎ᠠ ᠶᠢ ᠲᠡᠳᠬᠦᠬᠦ ᠨᠢ ᠬᠥᠮᠥᠰ ᠤᠨ ᠰᠡᠳᠬᠢᠯ ᠢ | ᠳᠤᠯᠠᠭᠠᠴᠠᠭᠤᠯᠤᠨ᠎ᠠ︾ ᠭᠡᠬᠦ ᠬᠡᠮᠡᠷᠯᠢᠭ ᠲᠤᠭ ᠡᠷᠭᠦᠵᠡᠢ᠃ | ᠠᠵᠢᠯᠲᠠᠨ ᠠᠵᠢᠯᠴᠢᠨ ᠲᠦᠮᠡᠨ ᠤ ᠬᠠᠮᠤᠭ ᠠᠴᠠ ᠰᠡᠳᠬᠢᠯ ᠲᠠᠯᠪᠢᠵᠤ ᠪᠠᠶᠢᠭ᠎ᠠ᠂ ᠬᠠᠮᠤᠭ ᠤᠨ ᠰᠢᠭᠤᠳ᠂ | ᠬᠠᠮᠤᠭ ᠤᠨ ᠪᠣᠳᠠᠲᠠᠢ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠪᠣᠯ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠤᠨ | ᠠᠵᠢᠯᠲᠠᠨ ᠠᠵᠢᠯᠴᠢᠨ ᠳᠤ ᠦᠨᠡᠨᠴᠢ ᠪᠠᠷ ᠦᠢᠯᠡᠴᠢᠯᠡᠬᠦ ᠶᠢᠨ ᠦᠨᠳᠦᠰᠦᠨ ᠵᠣᠷᠢᠯᠲᠠ ᠮᠥᠨ᠃ ᠶᠡᠭᠡ | ᠰᠤᠷᠭᠠᠭᠤᠯᠢ ᠶᠢᠨ ᠬᠦᠰᠡᠯ ᠵᠡᠭᠦᠳᠦ ᠪᠠᠨ ᠲᠡᠷᠭᠡᠯᠰᠢᠭᠦᠯᠬᠦ ᠪᠣᠯ ᠦᠢ ᠲᠦᠮᠡᠨ ᠰᠤᠷᠤᠭᠴᠢᠳ ᠤᠨ ᠬᠥᠭᠡᠭᠡᠴᠡᠯᠳᠦᠯ | ᠮᠥᠨ᠂ ︽ᠠᠯᠲᠠᠨ ᠨᠠᠮᠤᠷ ᠤᠨ ᠰᠤᠷᠤᠯᠭ᠎ᠠ ᠶᠢ ᠲᠡᠳᠬᠦᠬᠦ︾ ᠪᠣᠯ ᠦᠨᠡᠨ ᠰᠡᠳᠬᠢᠯᠭᠡ ᠪᠠᠷ ᠲᠦᠮᠡᠨ ᠭᠡᠷ ᠢ | ᠳᠤᠯᠠᠭᠠᠴᠠᠭᠤᠯᠬᠤ ᠨᠡᠶᠢᠭᠡᠮ ᠤᠨ ᠰᠢᠰᠲ᠋ᠧᠮᠲᠦ ᠢᠨᠵᠧᠨᠧᠷᠢᠩ ᠮᠥᠨ᠂ ᠠᠷᠠᠳ ᠤᠨ ᠰᠠᠨᠠᠭ᠎ᠠ ᠶᠢ ᠳᠠᠭᠠᠵᠤ᠂ | ᠠᠷᠠᠳ ᠤᠨ ᠰᠡᠳᠬᠢᠯ ᠢ ᠣᠯᠬᠤ ᠲᠤᠰᠠᠲᠤ ᠵᠠᠰᠠᠭ ᠤᠨ ᠢᠨᠵᠧᠨᠧᠷᠢᠩ ᠮᠥᠨ᠂ ᠣᠲᠣ ᠦᠶ᠎ᠡ ᠳᠤ ᠭᠠᠪᠢᠶ᠎ᠠ | ᠪᠠᠶᠢᠭᠤᠯᠵᠤ᠂ ᠮᠢᠩᠭᠠᠨ ᠣᠨ ᠳᠤ ᠠᠰᠢᠭᠲᠠᠢ ᠶᠡᠭᠡ ᠶᠠᠪᠤᠳᠠᠯ᠂ ᠰᠠᠶᠢᠨ ᠶᠠᠪᠤᠳᠠᠯ ᠮᠥᠨ᠂ ᠡᠨᠡ ᠨᠢ ᠨᠠᠮ ᠪᠠ ᠣᠯᠠᠨ | ᠲᠦᠮᠡᠨ ᠤ ᠬᠠᠷᠢᠴᠠᠭ᠎ᠠ ᠶᠢ ᠤᠯᠠᠮ ᠨᠢᠭᠡ ᠠᠯᠬᠤᠮ ᠨᠢᠭᠲᠠᠷᠠᠭᠤᠯᠬᠤ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ | ᠪᠠᠶᠢᠳᠠᠯ ᠢ ᠠᠬᠢᠭᠤᠯᠬᠤ ᠳᠤ ᠴᠥᠮ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠲᠠᠷᠠᠭᠠᠴᠢ ᠶᠢᠨ | ᠠᠯᠬᠤᠮ ᠳᠤ᠂ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠠᠵᠢᠯ ᠤᠨ ᠵᠠᠭᠪᠤᠷ ᠢᠶᠠᠨ ᠲᠠᠰᠤᠷᠠᠯᠲᠠ ᠦᠭᠡᠢ | ᠰᠢᠨ᠎ᠡ ᠪᠠᠷ ᠡᠭᠦᠳᠴᠦ᠂ ᠬᠦᠴᠢᠷᠳᠡᠯ ᠲᠠᠢ ᠠᠵᠢᠯᠲᠠᠨ ᠠᠵᠢᠯᠴᠢᠨ ᠤ ᠭᠡᠷ ᠪᠦᠯᠢ ᠶᠢ ᠬᠠᠪᠰᠤᠷᠤᠨ ᠬᠦᠴᠢᠷᠳᠡᠯ ᠠᠴᠠ | ᠨᠢ ᠠᠩᠭᠢᠵᠢᠷᠠᠭᠤᠯᠵᠤ᠂ ᠠᠵᠢᠯᠲᠠᠨ ᠠᠵᠢᠯᠴᠢᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ | ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | | | | | | |