ᠲᠣᠭᠲᠠᠬᠤ ᠰᠢᠶᠠᠨ 2022-2023 ᠣᠨ ᠤ ᠡᠪᠦᠯ ᠤᠨ ᠤᠯᠠᠷᠢᠯ ᠤᠨ ᠢᠯᠴᠢ ᠬᠠᠩᠭᠠᠬᠤ ᠪᠠᠲᠤᠯᠠᠭ᠎ᠠ ᠶᠢᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/9/15
      9 ᠰᠠᠷ᠎ᠠ ᠶᠢᠨ 14 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠤᠸ ᠵᠧᠩ ᠲᠣᠭᠲᠠᠬᠤ ᠰᠢᠶᠠᠨ ᠤ 2022 ︱ 2023 ᠣᠨ ᠤ ᠡᠪᠦᠯ ᠤᠨ ᠤᠯᠠᠷᠢᠯ ᠤᠨ ᠢᠯᠴᠢ ᠬᠠᠩᠭᠠᠬᠤ ᠪᠠᠲᠤᠯᠠᠭ᠎ᠠ ᠶᠢᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠰᠢᠶᠠᠨ ᠤ ᠡᠪᠦᠯ ᠤᠨ ᠤᠯᠠᠷᠢᠯ ᠤᠨ ᠳᠤᠯᠠᠭᠠᠯᠭ᠎ᠠ ᠶᠢᠨ ᠠᠵᠢᠯ ᠢ ᠰᠤᠳᠤᠯᠪᠠ᠃      ᠬᠤᠷᠠᠯ ᠳᠡᠭᠡᠷ᠎ᠡ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ‌‍ᠶᠢᠨ ᠲᠣᠪᠴᠢᠶ᠎ᠠ ᠶᠢᠨ 2022 ︱ 2023 ᠣᠨ ᠤ ᠪᠥᠬᠦ ᠰᠢᠶᠠᠨ ᠤ ᠳᠤᠯᠠᠭᠠᠯᠭ᠎ᠠ ᠶᠢᠨ ᠪᠠᠲᠤᠯᠠᠭ᠎ᠠ ᠶᠢᠨ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠷᠠᠯ ᠳᠡᠭᠡᠷ᠎ᠡ᠂ ᠰᠢᠶᠠᠨ ᠤ ᠠᠷᠠᠳ ᠤᠨ ᠵᠠᠰᠠᠭ ᠤᠨ ᠣᠷᠳᠣᠨ ᠪᠣᠯᠣᠨ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ︽ᠲᠣᠭᠲᠠᠬᠤ ᠰᠢᠶᠠᠨ ᠤ 2022 ︱ 2023 ᠣᠨ ᠤ ᠳᠤᠯᠠᠭᠠᠯᠠᠭ᠎ᠠ ᠶᠢᠨ ᠤᠯᠠᠷᠢᠯ ᠤᠨ ᠳᠤᠯᠠᠭᠠᠯᠭ᠎ᠠ ᠶᠢᠨ ᠪᠠᠲᠤᠯᠠᠭ᠎ᠠ ᠶᠢᠨ ᠠᠵᠢᠯ ᠤᠨ ᠬᠠᠷᠢᠭᠤᠴᠠᠯᠭ᠎ᠠ ᠶᠢᠨ ᠪᠢᠴᠢᠭ︾ ᠳᠤ ᠭᠠᠷ ᠤᠨ ᠥᠰᠥᠭ ᠵᠢᠷᠤᠵᠤ᠂ ᠡᠯ᠎ᠡ ᠳᠤᠯᠠᠭᠠᠯᠭ᠎ᠠ ᠶᠢᠨ ᠠᠵᠤ ᠠᠬᠤᠶᠢᠯᠠᠯ ︽ᠳᠤᠯᠠᠭᠠᠯᠭ᠎ᠠ ᠶᠢᠨ ᠠᠮᠠᠯᠠᠯᠲᠠ ᠶᠢᠨ ᠪᠢᠴᠢᠭ︾ ᠳᠤ ᠭᠠᠷ ᠤᠨ ᠥᠰᠥᠭ ᠵᠢᠷᠤᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠳᠤᠯᠠᠭᠠᠯᠠᠭ᠎ᠠ ᠶᠢᠨ ᠠᠵᠢᠯ ᠲᠦᠭ ᠲᠦᠮᠡᠨ ᠠᠶᠢᠯ ᠡᠷᠦᠬᠡ‌‍ᠶᠢᠨ ᠬᠠᠯᠠᠭᠤᠨ ᠬᠦᠢᠲᠡᠨ ᠳᠤ ᠬᠤᠯᠪᠣᠭᠳᠠᠵᠤ᠂ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠬᠤ ᠪᠠᠷ ᠪᠠᠷᠠᠬᠤ ᠦᠭᠡᠢ ᠪᠠᠰᠠ ᠤᠯᠤᠰ ᠲᠥᠷᠥ ᠶᠢᠨ ᠡᠭᠦᠷᠭᠡ ᠪᠣᠯᠣᠨ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠵᠢᠴᠢ ᠡᠯ᠎ᠡ ᠢᠯᠴᠢ ᠬᠠᠩᠭᠠᠬᠤ ᠠᠵᠤ ᠠᠬᠤᠶᠢᠯᠠᠯ ᠤᠳ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠶᠢᠨ ᠢᠯᠴᠢ ᠬᠠᠩᠭᠠᠬᠤ ᠪᠠᠲᠤᠯᠠᠭ᠎ᠠ ᠶᠢᠨ ᠬᠠᠮᠢᠶ᠎ᠠ ᠪᠦᠬᠦᠢ ᠠᠵᠢᠯ ᠤᠨ ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠢᠯᠴᠢ ᠬᠠᠩᠭᠠᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠢᠯᠴᠢ ᠬᠠᠩᠭᠠᠬᠤ ᠪᠠᠲᠤᠯᠠᠭ᠎ᠠ ᠶᠢᠨ ᠠᠵᠢᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠣᠯᠠᠨ ᠲᠦᠮᠡᠨ ᠤ ᠳᠤᠯᠠᠭᠠᠨ ᠪᠦᠯᠢᠶᠡᠨ ᠡᠪᠦᠯᠵᠢᠬᠦ ᠶᠢ ᠦᠨᠡᠨᠬᠦ ᠪᠠᠲᠤᠯᠠᠬᠤ ᠬᠡᠷᠡᠭᠲᠡᠢ ᠭᠡᠵᠡᠢ᠃      ᠬᠤᠷᠠᠯ ᠠᠴᠠ᠂ ᠡᠯ᠎ᠡ ᠠᠵᠤ ᠠᠬᠤᠶᠢᠯᠠᠯ ᠤᠨ ᠬᠢᠨ ᠶᠡᠭᠡ ᠲᠠᠯ᠎ᠠ ᠶᠢᠨ ᠤᠬᠠᠮᠰᠠᠷ ᠢ ᠪᠤᠢ ᠪᠣᠯᠭᠠᠵᠤ᠂ ᠨᠡᠶᠢᠭᠡᠮ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠦᠢᠯᠡᠴᠢᠯᠡᠭᠡᠨ ᠤ ᠲᠣᠭᠲᠠᠴᠠ ᠪᠠᠨ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠳᠤᠯᠠᠭᠠᠯᠭ᠎ᠠ ᠶᠢᠨ ᠦᠢᠯᠡᠴᠢᠯᠡᠭᠡᠨ ᠤ ᠲᠦᠪᠰᠢᠨ ᠢᠶᠠᠨ ᠳᠡᠭᠡᠭᠰᠢᠯᠡᠭᠦᠯᠵᠦ᠂ ᠳᠤᠯᠠᠭᠠᠯᠭ᠎ᠠ ᠶᠢᠨ ᠠᠵᠢᠯ ᠤᠨ ᠲᠣᠭᠲᠠᠭᠤᠨ ᠪᠥᠭᠡᠳ ᠡᠮᠬᠢ ᠳᠢᠭᠯᠢᠮ ᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃ ᠢᠯᠴᠢ ᠬᠠᠩᠭᠠᠬᠤ ᠨᠡᠭᠦᠷᠡᠰᠦᠨ ᠤ ᠪᠠᠴᠢᠮ ᠪᠠᠶᠢᠳᠠᠯ ᠢ ᠠᠷᠭᠠᠴᠠᠬᠤ ᠨᠥᠭᠡᠴᠡᠯᠡᠬᠦ ᠠᠵᠢᠯ ᠢ ᠪᠠᠶᠢᠭᠤᠯᠤᠨ ᠪᠦᠷᠢᠨᠰᠢᠭᠦᠯᠵᠦ᠂ ᠢᠯᠴᠢ ᠬᠠᠩᠭᠠᠬᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠲᠣᠭᠲᠠᠭᠠᠨ ᠲᠡᠭᠦᠯᠳᠡᠷᠵᠢᠭᠦᠯᠵᠦ᠂ ᠢᠯᠴᠢ ᠬᠠᠩᠭᠠᠬᠤ ᠠᠶᠤᠯ ᠠᠴᠠ ᠠᠪᠤᠷᠠᠬᠤ ᠪᠠᠴᠢᠮ ᠪᠠᠶᠢᠳᠠᠯ ᠢ ᠠᠷᠭᠠᠴᠠᠬᠤ ᠡᠩᠨᠡᠭᠡ ᠶᠢ ᠪᠠᠶᠢᠭᠤᠯᠤᠨ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠶ‌‍ᠪᠠᠷ ᠥᠷᠨᠢᠭᠦᠯᠬᠦ ᠬᠡᠷᠡᠭᠲᠡᠢ᠃ ᠰᠢᠶᠠᠨ ᠤ ᠬᠤᠲᠠ ᠬᠥᠳᠡᠭᠡ ᠶᠢᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠬᠠᠮᠢᠶᠠᠷᠤᠯᠲᠠ ᠪᠠᠨ ᠬᠠᠶᠠᠬᠤ᠂ ᠬᠠᠩᠭᠠᠯᠭ᠎ᠠ ᠪᠠᠨ ᠬᠠᠶᠠᠬᠤ ᠵᠡᠷᠭᠡ ᠠᠰᠠᠭᠤᠳᠠᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠡᠯᠡᠳᠬᠡᠯ ᠠᠵᠢᠯ ᠢ ᠰᠠᠶᠢᠲᠤᠷ ᠬᠢᠬᠦ ᠬᠡᠷᠡᠭᠲᠡᠢ᠃ ᠠᠮᠤᠷ ᠲᠦᠪᠰᠢᠨ ᠤ ᠡᠨᠡᠬᠦ ᠬᠥᠪᠴᠢ ᠶᠢ ᠢᠮᠠᠭᠲᠠ ᠴᠢᠩᠭᠠᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠳᠤᠯᠠᠭᠠᠯᠭ᠎ᠠ ᠶᠢᠨ ᠲᠥᠬᠦᠭᠡᠷᠦᠮᠵᠢ ᠶᠢᠨ ᠠᠮᠤᠷ ᠲᠦᠪᠰᠢᠨ ᠢᠶᠠᠷ ᠠᠵᠢᠯᠯᠠᠬᠤ ᠶᠢ ᠪᠦᠬᠦ ᠲᠠᠯ᠎ᠠ ᠪᠠᠷ ᠪᠠᠲᠤᠯᠠᠵᠤ᠂ ᠤᠯᠠᠨ ᠲᠦᠮᠡᠨ ᠤ ᠵᠣᠯ ᠵᠢᠷᠭᠠᠯ ᠤᠨ ᠲᠥᠷᠥᠭᠳᠡᠯ᠂ ᠬᠦᠷᠲᠡᠮᠵᠢ ᠶᠢᠨ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1