ᠲᠤᠭᠳᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ 2022 ᠣᠨ ᠤ ︽ᠶᠠᠰᠤ ᠴᠢᠨᠠᠷ ᠤᠨ ᠰᠠᠷ᠎ᠠ︾ ᠶᠢᠨ ᠤᠬᠠᠭᠤᠯᠭ᠎ᠠ ᠯᠠᠪᠯᠠᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/9/15
     ᠶᠠᠰᠤ ᠴᠢᠨᠠᠷ ᠢᠶᠠᠷ ᠰᠢᠶᠠᠨ ᠢᠶᠠᠨ ᠬᠦᠴᠦᠷᠬᠡᠭᠵᠢᠭᠦᠯᠬᠦ ᠪᠠᠶᠢᠭᠤᠯᠤᠯᠲᠠ ᠶᠢ ᠤᠯᠠᠮ ᠨᠢᠭᠡ ᠠᠯᠬᠤᠮ ᠠᠬᠢᠭᠤᠯᠵᠤ ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠣᠶ ᠪᠣᠯᠭᠠᠵᠤ᠂ ᠶᠠᠰᠤ ᠴᠢᠨᠠᠷ ᠢ ᠲᠡᠷᠢᠭᠦᠨ ᠳᠤ ᠲᠠᠯᠪᠢᠬᠤ ᠴᠢᠩᠭ᠎ᠠ ᠤᠬᠠᠮᠰᠠᠷ ᠢ ᠪᠣᠶ ᠪᠣᠯᠭᠠᠵᠤ᠂ ᠮᠠᠨ ᠤ ᠰᠢᠶᠠᠨ ᠤ ᠡᠯ᠎ᠡ ᠠᠵᠢᠯ ᠲᠥᠷᠥᠯ ᠤᠨ ᠶᠠᠰᠤ ᠴᠢᠨᠠᠷ ᠤᠨ ᠬᠢᠷᠢ ᠲᠦᠪᠰᠢᠨ ᠢ ᠶᠡᠭᠡ ᠪᠠᠷ ᠳᠡᠭᠡᠭᠰᠢᠯᠡᠭᠦᠯᠬᠦ ᠶᠢᠨ ᠲᠥᠯᠥᠭᠡ᠂ 9 ᠰᠠᠷ᠎ᠠ ᠶᠢᠨ 8 ᠤ ᠡᠳᠦᠷ᠂ ᠲᠤᠭᠳᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ︽ᠶᠠᠰᠤ ᠴᠢᠨᠠᠷ ᠤᠨ ᠬᠤᠪᠢᠰᠤᠯᠲᠠ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠵᠤ ᠶᠠᠰᠤ ᠴᠢᠨᠠᠷ ᠤᠨ ᠬᠦᠴᠦᠷᠬᠡᠭ ᠤᠯᠤᠰ ᠤᠨ ᠪᠠᠶᠢᠭᠤᠯᠤᠯᠲᠠ ᠶᠢ ᠠᠬᠢᠭᠤᠯᠤᠶ᠎ᠠ︾ ᠭᠡᠬᠦ 2022 ᠣᠨ ᠤ ︽ᠶᠠᠰᠤ ᠴᠢᠨᠠᠷ ᠤᠨ ᠰᠠᠷ᠎ᠠ︾ ᠶᠢᠨ ᠤᠬᠠᠭᠤᠯᠭ᠎ᠠ ᠯᠠᠪᠯᠠᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠶ ᠳᠤ ᠤᠬᠠᠭᠤᠯᠵᠤ ᠯᠠᠪᠯᠠᠬᠤ ᠲᠠᠪᠴᠠᠩ ᠭᠠᠷᠭᠠᠵᠤ᠂ ᠠᠵᠢᠯᠲᠠᠳ ᠣᠯᠠᠨ ᠲᠦᠮᠡᠨ ᠳᠤ ᠪᠠᠷᠢᠮᠵᠢᠶ᠎ᠠ᠂ ᠬᠡᠮᠵᠢᠯᠲᠡ᠂ ᠭᠡᠷᠡᠴᠢᠯᠡᠯ ᠵᠥᠪᠰᠢᠶᠡᠷᠡᠯ᠂ ᠮᠡᠳᠡᠯᠭᠡ ᠶᠢᠨ ᠪᠦᠲᠦᠭᠡᠭᠳᠡᠬᠦᠨ ᠤ ᠡᠷᠬᠡ᠂ ᠦᠨ᠎ᠡ ᠬᠠᠩᠰᠢ᠂ ᠢᠳᠡᠭᠡᠨ ᠤ ᠠᠮᠤᠷ ᠲᠦᠪᠰᠢᠨ᠂ ᠵᠠᠭᠠᠯᠳᠤᠵᠤ ᠢᠯᠡᠴᠢᠯᠡᠨ ᠮᠡᠳᠡᠭᠦᠯᠬᠦ᠂ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ᠂ ᠨᠠᠰᠤᠵᠢᠯ ᠤᠨ ᠮᠡᠬᠡᠯᠡᠯ ᠤᠨ ᠠᠵᠢᠯᠯᠠᠭ᠎ᠠ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠵᠡᠷᠭᠡ ᠲᠠᠯ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠬᠦᠯᠢᠴᠡᠩᠭᠦᠢ ᠪᠠᠷ ᠨᠠᠷᠢᠨ ᠨᠢᠮᠪᠠᠢ ᠲᠦᠭᠡᠮᠡᠯᠵᠢᠭᠦᠯᠵᠦ᠂ ᠬᠤᠯᠪᠣᠭᠳᠠᠯ ᠪᠦᠬᠦᠢ ᠪᠦᠲᠦᠭᠡᠭᠳᠡᠬᠦᠨ ᠢ ᠰᠣᠩᠭᠤᠵᠤ ᠬᠤᠳᠠᠯᠳᠤᠨ ᠠᠪᠬᠤ ᠶᠡᠷᠦ ᠶᠢᠨ ᠮᠡᠳᠡᠯᠭᠡ ᠶᠢ ᠤᠯᠠᠨ ᠲᠦᠮᠡᠨ ᠳᠤ ᠲᠦᠭᠡᠮᠡᠯᠵᠢᠭᠦᠯᠵᠦ᠂ ᠥᠷᠭᠡᠨ ᠤᠯᠠᠨ ᠲᠦᠮᠡᠨ ᠳᠤ ᠲᠠᠸᠠᠷ ᠬᠤᠳᠠᠯᠳᠤᠨ ᠠᠪᠬᠤ ᠳᠠᠭᠠᠨ ᠲᠠᠸᠠᠷ ᠤᠨ ᠶᠠᠰᠤ ᠴᠢᠨᠠᠷ ᠤᠨ ᠠᠮᠤᠷ ᠲᠦᠪᠰᠢᠨ ᠢ ᠠᠩᠬᠠᠷᠬᠤ ᠶᠢ ᠰᠠᠨᠠᠭᠤᠯᠵᠤ᠂ ᠥᠷᠭᠡᠨ ᠤᠯᠠᠨ ᠬᠡᠷᠡᠭᠯᠡᠭᠴᠢᠳ ᠤᠨ ᠥᠪᠡᠷ ᠢ ᠪᠠᠨ ᠬᠠᠮᠠᠭᠠᠯᠠᠬᠤ ᠤᠬᠠᠮᠰᠠᠷ ᠪᠠ ᠡᠷᠬᠡ ᠪᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠪᠦᠬᠦ ᠠᠷᠠᠳ ᠢᠶᠠᠷ ᠢᠶᠠᠨ ᠶᠠᠰᠤ ᠴᠢᠨᠠᠷ ᠢ ᠠᠩᠬᠠᠷᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠪᠠ᠃      ᠲᠣᠰ ᠤᠳᠠᠭᠠᠨ ᠤ ᠠᠵᠢᠯᠯᠠᠭ᠎ᠠ ᠳᠤ ᠶᠠᠰᠤ ᠴᠢᠨᠠᠷ ᠤᠨ ᠮᠡᠳᠡᠯᠭᠡ ᠶᠢᠨ ᠤᠬᠠᠭᠤᠯᠭ᠎ᠠ ᠶᠢᠨ ᠭᠠᠷ ᠳᠡᠪᠲᠡᠷ ᠢ ᠨᠡᠶᠢᠲᠡ 200 ᠭᠠᠷᠤᠢ ᠬᠤᠪᠢ ᠲᠠᠷᠬᠠᠭᠠᠵᠤ᠂ ᠲᠤᠬᠠᠢ ᠶᠢᠨ ᠲᠠᠯᠠᠪᠤᠷ ᠲᠤ ᠬᠡᠷᠡᠭᠯᠡᠭᠴᠢᠳ ᠲᠤ 20 ᠭᠠᠷᠤᠢ ᠬᠥᠮᠥᠨ ᠤᠳᠠᠭ᠎ᠠ ᠠᠰᠠᠭᠤᠨ ᠯᠠᠪᠯᠠᠬᠤ ᠦᠢᠯᠡᠴᠢᠯᠡᠭᠡ ᠬᠠᠩᠭᠠᠭᠰᠠᠨ ᠪᠠᠶᠢᠨ᠎ᠠ᠃ ︽ᠶᠠᠰᠤ ᠴᠢᠨᠠᠷ ᠢ ᠲᠡᠷᠢᠭᠦᠨ ᠳᠤ ᠲᠠᠯᠪᠢᠬᠤ︾ ᠦᠵᠡᠯ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ︽ᠶᠠᠰᠤ ᠴᠢᠨᠠᠷ ᠤᠨ ᠰᠠᠷ᠎ᠠ︾ ᠶᠢᠨ ᠤᠬᠠᠭᠤᠯᠭ᠎ᠠ ᠶᠢᠨ ᠠᠭᠤᠷ ᠠᠮᠢᠰᠬᠤᠯ ᠭᠦᠨ ᠵᠤᠵᠠᠭᠠᠨ ᠪᠠᠶᠢᠵᠤ᠂ ︽ᠵᠠᠰᠠᠭ ᠤᠨ ᠣᠷᠳᠣᠨ ᠶᠠᠰᠤ ᠴᠢᠨᠠᠷ ᠢ ᠴᠢᠬᠤᠯᠠᠴᠢᠯᠠᠬᠤ᠂ ᠠᠵᠤ ᠠᠬᠤᠶᠢᠯᠠᠯ ᠶᠠᠰᠤ ᠴᠢᠨᠠᠷ ᠢ ᠬᠥᠭᠡᠭᠡᠴᠡᠯᠳᠦᠬᠦ᠂ ᠬᠥᠮᠥᠨ ᠪᠦᠬᠦᠨ ᠶᠠᠰᠤ ᠴᠢᠨᠠᠷ ᠢ ᠠᠩᠬᠠᠷᠬᠤ︾ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠪᠠ᠃      ᠲᠠᠷᠠᠭᠠᠴᠢ ᠶᠢᠨ ᠠᠯᠬᠤᠮ ᠳᠤ᠂ ᠲᠤᠭᠳᠠᠬᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠣᠯᠠᠨ ᠵᠦᠢᠯ ᠤᠨ ᠬᠡᠯᠪᠡᠷᠢ ᠪᠠᠷ ︽ᠣᠷᠭᠠᠨᠢᠭ ᠦᠢᠯᠡᠳᠬᠦᠨ ᠤ ᠭᠡᠷᠡᠴᠢᠯᠡᠯ ᠤᠨ ᠤᠬᠠᠭᠤᠯᠭ᠎ᠠ ᠶᠢᠨ ᠭᠠᠷᠠᠭ︾ ︽ᠦᠢᠯᠡᠴᠢᠯᠡᠭᠡᠨ ᠤ ᠭᠡᠷᠡᠴᠢᠯᠡᠯ ᠤᠨ ᠪᠡᠶᠡᠴᠢᠯᠡᠨ ᠣᠶᠢᠯᠠᠭᠠᠬᠤ ᠭᠠᠷᠠᠭ︾ ︽ᠪᠣᠬᠢᠷᠳᠤᠯ ᠦᠭᠡᠢ ᠦᠢᠯᠡᠳᠬᠦᠨ ᠤ ᠭᠡᠷᠡᠴᠢᠯᠡᠯ ᠬᠢᠭᠡᠳ ᠢᠯᠡᠷᠬᠡᠶᠢᠯᠡᠯ ᠤᠨ ᠤᠬᠠᠭᠤᠯᠭ᠎ᠠ ᠶᠢᠨ ᠭᠠᠷᠠᠭ︾ ︽ᠴᠠᠬᠢᠯᠭᠠᠨ ᠱᠠᠲᠤ ᠶᠢᠨ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ︾ ᠵᠡᠷᠭᠡ ᠰᠢᠷᠢᠰ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃ ᠣᠯᠠᠨ ᠲᠦᠮᠡᠨ ᠤ ᠠᠩᠬᠠᠷᠴᠤ ᠪᠠᠶᠢᠭ᠎ᠠ᠂ ᠨᠡᠶᠢᠭᠡᠮ ᠤᠨ ᠠᠩᠬᠠᠷᠴᠤ ᠪᠠᠶᠢᠭ᠎ᠠ ᠶᠠᠰᠤ ᠴᠢᠨᠠᠷ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠭᠠᠷᠮᠠᠭᠠᠢ ᠪᠦᠲᠦᠭᠡᠯ ᠢ ᠬᠥᠭᠡᠭᠡᠴᠡᠯᠳᠦᠬᠦ᠂ ᠶᠠᠰᠤ ᠴᠢᠨᠠᠷ ᠢ ᠡᠷᠬᠢᠮᠯᠡᠬᠦ ᠣᠨᠣᠯᠵᠢᠬᠤᠨ ᠢ ᠪᠠᠳᠠᠷᠠᠭᠤᠯᠤᠨ᠂ ᠣᠯᠠᠨ ᠲᠦᠮᠡᠨ ᠳᠤ ︽ᠶᠠᠰᠤ ᠴᠢᠨᠠᠷ ᠤᠨ ᠰᠠᠷ᠎ᠠ︾ ᠶᠢᠨ ᠠᠵᠢᠯᠯᠠᠭ᠎ᠠ ᠶᠢᠨ ᠦᠷ᠎ᠡ ᠪᠦᠲᠦᠮᠵᠢ ᠶᠢ ᠦᠨᠡᠨᠬᠦ ᠮᠡᠳᠡᠷᠡᠭᠦᠯᠦᠨ᠎ᠡ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1