ᠶᠢᠨ ᠾᠧ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠰᠢᠶᠠᠨ ᠤ ᠦᠨᠳᠦᠰᠦᠲᠡᠨ ᠤ ᠳᠤᠮᠳᠠᠳᠤ ᠰᠤᠷᠭᠠᠭᠤᠯᠢ ᠳᠤ ᠰᠤᠷᠤᠯᠭ᠎ᠠ ᠶᠢᠨ ᠲᠡᠳᠭᠦᠮᠵᠢ ᠶᠢᠨ ᠮᠦᠩᠭᠦ ᠤᠯᠭᠤᠪᠠ
ᠨᠡᠶᠢᠲᠡᠯᠡᠭᠰᠡᠨ ᠴᠠᠭ᠄
2022/9/15
       9 ᠰᠠᠷ᠎ᠠ ᠶᠢᠨ 9  ᠤ ᠦᠳᠡ ᠶᠢᠨ ᠬᠤᠶᠢᠨ᠎ᠠ᠂ ᠶᠢᠨ ᠾᠧ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠪᠡᠯᠡ ᠮᠥᠩᠭᠦ ᠬᠠᠨᠳᠢᠪᠯᠡᠵᠤ ᠰᠤᠷᠤᠯᠭ᠎ᠠ ᠶᠢ ᠲᠡᠳᠬᠦᠬᠦ ᠠᠵᠢᠯᠯᠠᠭ᠎ᠠ ᠰᠢᠶᠠᠨ ᠤ ᠦᠨᠳᠦᠰᠦᠲᠡᠨ ᠤ ᠳᠤᠮᠳᠠᠳᠤ ᠰᠤᠷᠭᠠᠭᠤᠯᠢ ᠶᠢᠨ ᠲᠤᠷᠰᠢᠯᠲᠠ‌‍ᠶᠢᠨ ᠠᠰᠠᠷ ᠤᠨ ᠲᠠᠪᠤᠳᠤᠭᠠᠷ ᠳᠠᠪᠬᠤᠷᠯᠢᠭ ᠤᠨ ᠬᠤᠷᠠᠯ ᠤᠨ ᠭᠡᠷ ᠲᠤ ᠬᠤᠷᠠᠯᠳᠤᠪᠠ᠃      ᠰᠢᠶᠠᠨ ᠤ ᠤᠳᠤᠷᠢᠳᠤᠯᠭ᠎ᠠ ᠰᠦᠨ ᠰᠢᠶᠦ᠋ᠨ᠂ ᠯᠢᠦ ᠹᠧᠢ᠂ ᠯᠢ ᠸᠧᠨ ᠰᠢᠸ᠂ ᠶᠠᠩ ᠶᠢᠨ᠂ ᠣᠶᠤᠨᠴᠡᠴᠡᠭ᠂  ᠶᠢᠨ ᠾᠧ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠸᠠᠩ ᠶᠤᠸᠠᠢ ᠴᠢᠩ᠂ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ᠂ ᠦᠨᠳᠦᠰᠦᠲᠡᠨ ᠤ ᠳᠤᠮᠳᠠᠳᠤ ᠰᠤᠷᠭᠠᠭᠤᠯᠢ ᠶᠢᠨ ᠬᠠᠷᠢᠭᠤᠴᠠᠯᠭᠠᠲᠠᠨ᠂ ᠲᠤᠰᠠᠯᠠᠮᠵᠢ ᠭᠥᠷᠳᠡᠭᠰᠡᠨ ᠰᠢᠯᠢᠳᠡᠭ ᠰᠣᠷᠣᠭᠴᠢ᠂ ᠱᠠᠩᠨᠠᠯ ᠭᠥᠷᠳᠡᠭᠰᠡᠨ ᠰᠢᠯᠢᠳᠡᠭ ᠪᠠᠭᠰᠢ᠂ ᠥᠨᠳᠥᠷ ᠳᠤᠮᠳᠠᠳᠤ ᠶᠢᠨ ᠨᠢᠭᠡᠳᠦᠭᠡᠷ ᠣᠨ᠂ ᠥᠨᠳᠥᠷ ᠳᠤᠮᠳᠠᠳᠤ ᠶᠢᠨ ᠬᠤᠶᠠᠳᠤᠭᠠᠷ ᠣᠨ ᠤ ᠬᠡᠰᠡᠭ ᠰᠣᠷᠣᠭᠴᠢ ᠠᠵᠢᠯᠯᠠᠭ᠎ᠠ ᠳᠤ ᠣᠷᠣᠯᠴᠠᠵᠠᠢ᠃      ᠵᠣᠭᠤᠰ ᠮᠥᠩᠭᠦ ᠪᠠᠷ ᠰᠤᠷᠤᠯᠭ᠎ᠠ ᠶᠢ ᠲᠡᠳᠬᠦᠬᠦ ᠶᠣᠰᠣᠯᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠬᠥᠰᠢᠭᠡ ᠪᠠᠨ ᠰᠡᠬᠦᠪᠡ᠃ ᠶᠢᠨ ᠾᠧ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠸᠠᠩ ᠶᠤᠸᠠᠢ ᠴᠢᠩ ᠺᠣᠮᠫᠠᠨᠢ ᠶᠢᠨ ᠬᠠᠶᠢᠷ᠎ᠠ ᠬᠠᠯᠠᠮᠵᠢ ᠶᠢᠨ ᠰᠤᠷᠤᠯᠭ᠎ᠠ ᠶᠢ ᠲᠡᠳᠬᠦᠬᠦ ᠪᠠᠭᠰᠢ ᠶᠢ ᠲᠥᠯᠥᠭᠡᠯᠡᠨ ᠲᠤᠭᠳᠠᠬᠤ ᠰᠢᠶᠠᠨ ᠤ ᠦᠨᠳᠦᠰᠦᠲᠡᠨ ᠤ ᠳᠤᠮᠳᠠᠳᠤ ᠰᠤᠷᠭᠠᠭᠤᠯᠢ 30 ᠲᠦᠮᠡᠨ ᠲᠥᠭᠦᠷᠢᠭ ᠬᠠᠨᠳᠢᠪᠯᠠᠪᠠ᠃      ᠦᠨᠳᠦᠰᠦᠲᠡᠨ ᠤ ᠳᠤᠮᠳᠠᠳᠤ ᠰᠤᠷᠭᠠᠭᠤᠯᠢ ᠶᠢᠨ ᠬᠠᠷᠢᠭᠤᠴᠠᠯᠭᠠᠲᠠᠨ ᠰᠤᠷᠭᠠᠭᠤᠯᠢ ᠪᠠᠨ ᠲᠥᠯᠥᠭᠡᠯᠡᠨ ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ ᠳᠤ ᠬᠡᠮᠡᠷᠯᠢᠭ ᠲᠤᠭ᠂ ᠦᠨᠡᠮᠯᠡᠯ ᠭᠠᠷᠳᠠᠭᠤᠯᠪᠠ᠃ ᠰᠣᠷᠣᠭᠴᠢ ᠶᠢᠨ ᠲᠥᠯᠥᠭᠡᠯᠡᠭᠴᠢ ᠂ ᠭᠡᠷ ᠤᠨ ᠠᠬᠠᠮᠠᠳ ᠤᠨ ᠲᠥᠯᠥᠭᠡᠯᠡᠭᠴᠢ᠂ ᠪᠠᠭᠰᠢ ᠶᠢᠨ ᠲᠥᠯᠥᠭᠡᠯᠡᠭᠴᠢ ᠲᠣᠰ ᠲᠣᠰ ᠦᠭᠡ ᠬᠡᠯᠡᠪᠡ᠃      ᠸᠠᠩ ᠶᠤᠸᠠᠢ ᠴᠢᠩ ᠶᠠᠷᠢᠶᠠᠨ ᠳᠠᠭᠠᠨ᠂ ᠶᠢᠨ ᠾᠧ ᠠᠷᠠᠳ ᠠᠴᠠ ᠡᠵᠡᠩᠨᠡᠭᠰᠡᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠪᠣᠯᠤᠭᠰᠠᠨ ᠤ ᠬᠤᠪᠢ ᠳᠤ᠂ ᠤᠷᠳᠤ ᠬᠤᠭᠤᠴᠠᠭ᠎ᠠ ᠪᠠᠷ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠬᠦᠴᠦ ᠪᠠᠨ ᠡᠷᠭᠦᠵᠦ᠂ ᠠᠵᠤ ᠠᠬᠤᠶᠢᠯᠠᠯ ᠤᠨ ᠡᠭᠦᠷᠭᠡᠯᠡᠯ ᠪᠣᠯᠣᠨ ᠨᠡᠶᠢᠭᠡᠮ ᠤᠨ ᠬᠠᠷᠢᠭᠤᠴᠠᠯᠭ᠎ᠠ ᠶᠢ ᠦᠢᠯᠡᠳᠦᠯᠭᠡᠵᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠨᠡᠶᠢᠭᠡᠮ ᠳᠤ ᠠᠴᠢ ᠬᠠᠷᠢᠭᠤᠯᠵᠤ᠂ ᠬᠠᠶᠢᠷ᠎ᠠ ᠬᠠᠯᠠᠮᠵᠢ ᠶᠢ ᠳᠠᠮᠵᠢᠭᠤᠯᠵᠠᠢ᠃ ᠣᠳᠣᠬᠠᠨ ᠳᠤ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠶᠡᠭᠡ ᠪᠠᠷ ᠰᠢᠯᠢᠳᠡᠭᠵᠢᠭᠦᠯᠦᠨ᠂ ᠭᠦᠶᠦᠯᠲᠡ ᠪᠠᠷ ᠬᠤᠳᠠᠯᠳᠤᠭᠠᠴᠢᠨ ᠤᠷᠢᠵᠤ᠂ ᠪᠥᠬᠦ ᠶᠠᠪᠤᠴᠠ ᠳᠤ ᠠᠰᠠᠷᠠᠭᠴᠢ ᠮᠠᠶ᠋ᠢᠭ ᠤᠨ ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ ᠤᠨ ᠲᠦᠷᠭᠡᠨ ᠬᠥᠭᠵᠢᠯᠲᠡ ᠳᠤ ᠬᠦᠴᠦᠨ ᠨᠡᠮᠡᠷᠢᠯᠡᠵᠦ ᠪᠠᠶᠢᠨ᠎ᠠ᠂ ᠶᠢᠨ ᠾᠧ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠳᠤ ᠳᠠᠬᠢᠨ ᠰᠢᠨ᠎ᠡ ᠭᠠᠪᠢᠶ᠎ᠠ ᠪᠠᠶᠢᠭᠤᠯᠵᠤ᠂ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠳᠤ ᠨᠠᠩ ᠣᠯᠠᠨ ᠣᠷᠣᠯᠴᠠᠵᠤ᠂ ᠣᠷᠣᠨ ᠨᠤᠲᠤᠭ ᠤᠨ ᠰᠤᠷᠭᠠᠨ ᠬᠥᠮᠦᠵᠢᠯ ᠤᠨ ᠦᠢᠯᠡᠰ ᠪᠠ ᠠᠷᠠᠳ ᠤᠨ ᠠᠮᠢᠳᠤᠷᠠᠯ ᠤᠨ ᠢᠨᠵᠧᠨᠧᠷᠢᠩ ᠳᠤ ᠬᠦᠴᠦᠨ ᠨᠡᠮᠡᠷᠢᠯᠡᠬᠦ ᠪᠣᠯᠣᠨ᠎ᠠ᠃ ᠲᠡᠷᠡ ᠪᠠᠰᠠ ᠠᠷᠠᠳ ᠲᠦᠮᠡᠨ ᠤ ᠳᠤᠮᠳᠠᠬᠢ ᠰᠤᠷᠭᠠᠨ ᠬᠥᠮᠦᠵᠢᠯ ᠤᠨ ᠦᠢᠯᠡᠰ ᠢ ᠤᠯᠠᠮ ᠠᠴᠠ ᠤᠯᠠᠮ ᠰᠠᠶᠢᠨ ᠡᠷᠬᠢᠯᠡᠵᠤ᠂ ᠨᠡᠩ ᠤᠯᠠᠨ ᠰᠢᠯᠢᠳᠡᠭ ᠴᠢᠳᠠᠪᠤᠷᠢᠲᠠᠨ ᠢ ᠬᠥᠮᠥᠵᠢᠭᠦᠯᠬᠦ ᠶᠢ ᠢᠷᠦᠭᠡᠪᠡ᠃      ᠶᠠᠩ ᠶᠢᠨ ᠶᠠᠷᠢᠶᠠᠨ ᠳᠠᠭᠠᠨ ᠵᠣᠭᠤᠰ ᠮᠥᠩᠭᠦ ᠪᠠᠷ ᠰᠤᠷᠤᠯᠭ᠎ᠠ ᠶᠢ ᠲᠡᠳᠬᠦᠵᠦ ᠪᠠᠶᠢᠭ᠎ᠠ ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ ᠶᠢᠨ ᠾᠧ ᠠᠮᠢᠳᠤ ᠪᠣᠳᠠᠰ ᠲᠤ ᠲᠠᠯᠠᠷᠬᠠᠯ ᠢᠶᠠᠨ ᠢᠯᠡᠳᠬᠡᠭᠰᠡᠨ ᠪᠥᠭᠡᠳ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠨᠠᠩ ᠥᠨᠳᠥᠷ ᠵᠣᠭᠰᠣᠯᠲᠠ᠂ ᠨᠠᠩ ᠥᠷᠭᠡᠨ ᠬᠠᠷᠠᠴᠠ ᠪᠠᠷ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠲᠥᠯᠥᠪᠯᠡᠵᠦ ᠪᠠᠶᠢᠨ᠎ᠠ ᠭᠡᠵᠦ ᠢᠯᠡᠳᠬᠡᠪᠡ᠃ ᠲᠡᠷᠡ ᠬᠠᠮᠲᠤ ᠰᠤᠷᠤᠭᠴᠢᠳ ᠢᠶᠠᠨ ᠢᠳᠡᠪᠬᠢᠲᠡᠢ ᠪᠠᠷ ᠥᠭᠡᠳᠡᠯᠡᠨ ᠳᠠᠪᠰᠢᠬᠤ ᠰᠤᠷᠤᠯᠴᠠᠬᠤ ᠣᠪᠣᠷ ᠪᠠ ᠰᠢᠯᠢᠳᠡᠭ ᠬᠢᠷᠢ ᠪᠦᠲᠦᠮᠵᠢ ᠪᠠᠷ ᠢᠶᠠᠨ ᠨᠡᠶᠢᠭᠡᠮ ᠳᠤ ᠠᠴᠢ ᠬᠠᠷᠢᠭᠤᠯᠠᠬᠤ ᠬᠡᠷᠡᠭᠲᠡᠢ ᠭᠡᠵᠦ ᠵᠣᠷᠢᠭᠵᠢᠭᠤᠯᠵᠠᠢ᠃ ᠦᠨᠳᠦᠰᠦᠲᠡᠨ ᠤ ᠳᠤᠮᠳᠠᠳᠤ ᠰᠤᠷᠭᠠᠭᠤᠯᠢ ᠶᠢᠨ ᠤᠶᠤᠨ ᠴᠢᠳᠠᠯ ᠢᠶᠠᠨ ᠰᠢᠪᠬᠠᠨ ᠤᠯᠤᠰ ᠣᠷᠣᠨ ᠢᠶᠠᠨ ᠵᠠᠰᠠᠵᠤ᠂ ᠴᠢᠩᠭ᠎ᠠ ᠨᠢᠮᠪᠠᠢ ᠰᠤᠷᠭᠠᠭᠤᠯᠢ ᠡᠷᠬᠢᠯᠡᠵᠤ᠂ ᠰᠤᠷᠭᠠᠭᠤᠯᠢ ᠪᠠᠨ ᠨᠡᠶᠢᠭᠡᠮ ᠨᠡᠶᠢᠲᠡ ᠪᠠᠷ ᠢᠶᠠᠨ ᠰᠡᠳᠬᠢᠯ ᠬᠠᠨᠤᠮᠵᠢᠲᠠᠶ᠂ ᠭᠡᠷ ᠤᠨ ᠠᠬᠠᠮᠠᠳ ᠢᠶᠠᠷ ᠢᠶᠠᠨ ᠰᠡᠳᠬᠢᠯ ᠬᠠᠨᠤᠮᠵᠢᠲᠠᠶ᠂ ᠰᠤᠷᠤᠭᠴᠢᠳ ᠢᠶᠠᠷ ᠢᠶᠠᠨ ᠴᠢᠳᠠᠪᠤᠷᠢᠲᠠᠨ ᠪᠣᠯᠬᠤ ᠰᠤᠷᠭᠠᠭᠤᠯᠢ ᠪᠣᠯᠭᠠᠨ ᠡᠷᠬᠢᠯᠡᠬᠦ ᠶᠢ ᠬᠦᠰᠡᠵᠦ ᠪᠠᠶᠢᠨ᠎ᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1