ᠲᠣᠭᠲᠠᠬᠤ ᠰᠢᠶᠠᠨ ᠤ ᠵᠡᠮᠳᠡᠭᠴᠦᠳ ᠤᠨ ᠬᠤᠯᠪᠤᠭ᠎ᠠ ᠶᠢᠨ ᠨᠠᠢᠮᠠᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/9/16
     9 ᠳ᠋ᠤᠭᠡᠷ ᠰᠠᠷ᠎ᠠ ᠶᠢᠨ 15 ᠤ ᠡᠳᠦᠷ᠂ ᠲᠣᠭᠲᠠᠬᠤ ᠰᠢᠶᠠᠨ ᠤ ᠵᠡᠮᠳᠡᠭᠴᠦᠳ ᠤᠨ ᠬᠤᠯᠪᠤᠭ᠎ᠠ ᠶᠢᠨ ᠨᠠᠢᠮᠠᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠪᠠ᠃      ᠬᠤᠳᠠ ᠶᠢᠨ ᠵᠡᠮᠳᠡᠭᠴᠦᠳ ᠤᠨ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠬᠡᠷᠡᠭ ᠡᠷᠬᠢᠯᠡᠭᠴᠢᠳ ᠤᠨ ᠳᠡᠳ᠋ ᠳᠠᠷᠤᠭ᠎ᠠ ᠯᠢ ᠼᠠᠢ ᠰᠢᠶᠠ᠂ ᠰᠢᠶᠠᠨ ᠤ ᠤᠳᠤᠷᠢᠳᠤᠯᠭ᠎ᠠ ᠦ᠋ ᠹᠦ᠋ ᠵᠦᠩ᠂ ᠵᠠᠩ ᠵᠧᠨ ᠬᠠᠢ᠂ ᠯᠢ ᠸᠧᠨ ᠰᠢᠸ᠂ ᠦ᠋ ᠵᠢᠶᠧ ᠬᠤᠷᠠᠯ ᠳᠤ ᠣᠷᠣᠯᠴᠠᠪᠠ᠃      ᠰᠤᠷᠪᠤᠯᠵᠢᠯᠠᠭᠴᠢ ᠬᠤᠷᠠᠯ ᠠᠴᠠ ᠣᠶᠢᠯᠠᠭᠠᠭᠰᠠᠨ ᠢᠶᠠᠷ᠂ ᠥᠩᠭᠡᠷᠡᠭᠰᠡᠨ ᠲᠠᠪᠤᠨ ᠵᠢᠯ ᠳᠤ᠂ ᠲᠣᠭᠲᠠᠬᠤ ᠰᠢᠶᠠᠨ ᠤ ᠵᠡᠮᠳᠡᠭᠴᠦᠳ ᠤᠨ ᠬᠤᠯᠪᠤᠭ᠎ᠠ ᠨᠢ ᠵᠡᠮᠳᠡᠭᠴᠦᠳ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ ᠪᠣᠯᠭᠠᠵᠤ᠂ ᠵᠡᠮᠳᠡᠭᠴᠦᠳ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠵᠡᠮᠳᠡᠭᠴᠦᠳ ᠤᠨ ᠪᠦᠬᠦ ᠲᠠᠯ᠎ᠠ ᠶᠢᠨ ᠬᠥᠭᠵᠢᠯᠲᠡ ᠪᠠ ᠬᠠᠮᠲᠤ ᠶᠢᠨ ᠴᠢᠨᠡᠭᠡᠯᠢᠭᠵᠢᠯ ᠢ ᠠᠬᠢᠭᠤᠯᠬᠤ ᠪᠠᠷ ᠭᠤᠣᠯ ᠰᠢᠵᠢᠮ ᠪᠣᠯᠭᠠᠵᠤ᠂ ᠵᠡᠮᠳᠡᠭᠴᠦᠳ ᠤᠨ ᠠᠵᠢᠯ ᠦᠢᠯᠡᠰ ᠤᠨ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠵᠡᠮᠳᠡᠭᠴᠦᠳ ᠤᠨ ᠡᠷᠬᠡ ᠲᠡᠭᠰᠢ ᠡᠷᠬᠡ ᠶᠢ ᠪᠠᠲᠤᠯᠠᠨ᠂ ᠵᠡᠮᠳᠡᠭᠴᠦᠳ ᠤᠨ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠵᠦ᠂ ᠵᠡᠮᠳᠡᠭᠴᠦᠳ ᠤᠨ ᠥᠪᠡᠷ ᠢ ᠪᠠᠨ ᠬᠥᠭᠵᠢᠭᠦᠯᠬᠦ ᠴᠢᠳᠠᠪᠤᠷᠢ ᠶᠢ ᠨᠡᠮᠡᠭᠳᠡᠭᠦᠯᠦᠨ᠂ ᠵᠡᠮᠳᠡᠭᠴᠦᠳ ᠤᠨ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠲᠠᠰᠤᠷᠠᠯᠲᠠ ᠦᠭᠡᠢ ᠬᠠᠩᠭᠠᠵᠤ᠂ ᠵᠡᠮᠳᠡᠭᠴᠦᠳ ᠤᠨ ᠠᠮᠢᠳᠤᠷᠠᠯ ᠤᠨ ᠪᠠᠶᠢᠳᠠᠯ ᠢ ᠨᠡᠯᠢᠶᠡᠳ ᠶᠡᠭᠡ ᠪᠠᠷ ᠰᠠᠶᠢᠵᠢᠷᠠᠭᠤᠯᠵᠤ᠂ ᠵᠡᠮᠳᠡᠭᠴᠦᠳ ᠢ ᠲᠡᠳᠬᠦᠨ ᠵᠡᠮᠳᠡᠭᠴᠦᠳ ᠢ ᠲᠤᠰᠠᠯᠠᠬᠤ ᠨᠡᠶᠢᠭᠡᠮ ᠤᠨ ᠠᠭᠤᠷ ᠠᠮᠢᠰᠬᠤᠯ ᠢ ᠨᠠᠩ ᠭᠦᠨ ᠵᠤᠵᠠᠭᠠᠨ ᠪᠤᠯᠭᠠᠪᠠ᠃      ᠬᠤᠶᠢᠰᠢᠳᠠ ᠶᠢᠨ ᠲᠠᠪᠤᠨ ᠵᠢᠯ ᠳᠤ᠂ ᠰᠢᠶᠠᠨ ᠤ ᠵᠡᠮᠳᠡᠭᠴᠦᠳ ᠤᠨ ᠬᠤᠯᠪᠣᠭ᠎ᠠ ᠶᠢᠨ ᠬᠢᠨ ᠭᠤᠣᠯᠳᠠᠭᠤ ᠳᠣᠣᠷᠠᠬᠢ ᠠᠵᠢᠯ ᠤᠳ ᠢ ᠰᠠᠶᠢᠲᠤᠷ ᠬᠢᠨ᠎ᠡ᠄ ᠨᠢᠭᠡ ᠳᠤ᠂ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠬᠦᠭᠡᠷᠦᠮᠵᠢ ᠶᠢᠨ ᠲᠤᠰᠬᠠᠶᠢᠵᠢᠭᠰᠠᠨ ᠬᠢᠷᠢ ᠲᠦᠪᠰᠢᠨ ᠢ ᠲᠡᠭᠡᠭᠰᠢᠯᠡᠭᠦᠯᠦᠨ᠎ᠡ᠂ ᠬᠤᠶᠠᠷ ᠲᠤ᠂ ᠵᠡᠮᠳᠡᠭᠴᠦᠳ ᠤᠨ ᠠᠳᠠᠯ ᠦᠢᠯᠡᠰ ᠴᠣᠭᠴᠠᠯᠠᠵᠤ ᠠᠵᠢᠯ ᠣᠯᠬᠤ ᠠᠷᠭ᠎ᠠ ᠵᠠᠮ ᠢ ᠥᠷᠭᠡᠳᠬᠡᠨ᠎ᠡ᠂ ᠭᠤᠷᠪᠠ ᠳᠤ᠂ ᠵᠡᠮᠳᠡᠭᠴᠦᠳ ᠤᠨ ᠰᠣᠶᠣᠯ᠂ ᠪᠡᠶ᠎ᠡ ᠶᠢᠨ ᠲᠠᠮᠢᠷ ᠤᠨ ᠠᠵᠢᠯ ᠢ ᠴᠢᠬᠤᠯᠠᠴᠢᠯᠠᠨ᠎ᠠ᠂ ᠳᠥᠷᠪᠡ ᠳᠤ᠂ ᠵᠡᠮᠳᠡᠭᠴᠦᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠨ᠎ᠠ᠂ ᠲᠠᠪᠤ ᠳᠤ᠂ ᠵᠡᠮᠳᠡᠭᠴᠦᠳ ᠤᠨ ᠠᠵᠢᠯᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠂ ᠵᠢᠷᠭᠤᠭ᠎ᠠ ᠳᠤ᠂ ᠵᠡᠮᠳᠡᠭᠴᠦᠳ ᠤᠨ ᠭᠡᠷ ᠪᠦᠯᠢ ᠶᠢᠨ ᠬᠠᠷᠰᠢ ᠰᠠᠭᠠᠳ ᠦᠭᠡᠢ ᠶᠢ ᠥᠭᠡᠷᠡᠴᠢᠯᠡᠬᠦ ᠡᠭᠦᠷᠭᠡ ᠶᠢ ᠬᠢᠨᠠᠮᠠᠭᠠᠢ ᠪᠡᠶᠡᠯᠡᠭᠦᠯᠦᠨ᠎ᠡ᠂ ᠳᠣᠯᠤᠭ᠎ᠠ ᠳᠤ᠂ ᠬᠦᠴᠢᠷᠳᠡᠯᠲᠡᠢ ᠵᠡᠮᠳᠡᠭᠴᠦᠳ ᠢ ᠬᠠᠪᠰᠤᠷᠤᠨ ᠲᠡᠳᠬᠦᠬᠦ ᠡᠷᠴᠢᠮ ᠢ ᠴᠢᠩᠭᠠᠷᠠᠭᠤᠯᠤᠨ᠎ᠠ᠂ ᠨᠠᠢᠮᠠ ᠳᠤ᠂ ᠵᠡᠮᠳᠡᠭᠴᠦᠳ ᠢ ᠲᠤᠰᠠᠯᠠᠬᠤ ᠰᠠᠶᠢᠨ ᠳᠤᠷ᠎ᠠ ᠶᠢᠨ ᠨᠡᠶᠢᠲᠡ ᠶᠢᠨ ᠠᠰᠠᠷᠠᠮᠵᠢ ᠶᠢᠨ ᠦᠢᠯᠡᠴᠢᠯᠡᠭᠡ ᠶᠢ ᠴᠢᠷᠮᠠᠶᠢᠨ ᠬᠥᠭᠵᠢᠭᠦᠯᠦᠨ᠎ᠡ᠃      ᠬᠤᠷᠠᠯ ᠠᠴᠠ᠂ ᠰᠢᠨ᠎ᠡ ᠨᠢᠭᠡ ᠬᠤᠭᠤᠴᠠᠭᠠᠨ ᠤ ᠰᠢᠶᠠᠨ ᠤ ᠵᠡᠮᠳᠡᠭᠴᠦᠳ ᠤᠨ ᠬᠤᠯᠪᠣᠭ᠎ᠠ ᠶᠢᠨ ᠬᠢᠨ ᠨᠠᠮ ᠤᠨ ᠵᠡᠮᠳᠡᠭᠴᠦᠳ ᠤᠨ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠵᠡᠮᠳᠡᠭ ᠤᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠰᠢᠨ᠎ᠡ ᠴᠠᠭ ᠦᠶ᠎ᠡ ᠶᠢᠨ ᠰᠢᠯᠭᠠᠯᠲᠠ ᠳᠤ ᠣᠷᠤᠯᠴᠠᠬᠤ ᠵᠠᠮ ᠢᠶᠠᠷ ᠰᠠᠶᠢᠲᠤᠷ ᠵᠠᠮᠨᠠᠵᠤ᠂ ᠲᠣᠭᠲᠠᠬᠤ ᠰᠢᠶᠠᠨ ᠤ ᠵᠡᠮᠳᠡᠭᠴᠦᠳ ᠤᠨ ᠦᠢᠯᠡᠰ ᠤᠨ ᠳᠠᠬᠢᠨᠲᠠ ᠰᠢᠯᠢᠳᠡᠭ ᠠᠮᠵᠢᠯᠲᠠ ᠣᠯᠬᠤ ᠶᠢ ᠠᠬᠢᠭᠤᠯᠬᠤ ᠶᠢᠨ ᠲᠥᠯᠥᠭᠡ ᠴᠥᠬᠦᠷᠡᠰᠢ ᠦᠭᠡᠢ ᠲᠡᠮᠡᠴᠡᠬᠦ ᠬᠡᠷᠡᠭᠲᠡᠢ᠃ ᠵᠡᠮᠳᠡᠭᠴᠦᠳ ᠢ ᠲᠤᠰᠠᠯᠠᠬᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠪᠦᠬᠦ ᠲᠠᠯ᠎ᠠ ᠪᠠᠷ ᠠᠬᠢᠭᠤᠯᠵᠤ᠂ ᠠᠵᠢᠯ ᠣᠯᠭᠤᠯᠲᠠ ᠶᠢ ᠠᠬᠢᠭᠤᠯᠬᠤ ᠪᠠᠷ ᠭᠤᠣᠯ ᠰᠢᠵᠢᠮ ᠪᠣᠯᠭᠠᠵᠤ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠪᠠᠷ ᠰᠠᠭᠤᠷᠢ ᠪᠣᠯᠭᠠᠵᠤ᠂ ᠦᠢᠯᠡᠴᠢᠯᠡᠭᠡ ᠪᠠᠷ ᠭᠠᠷᠳᠠᠴᠠ ᠪᠣᠯᠭᠠᠵᠤ᠂ ᠨᠡᠩ ᠤᠯᠠᠨ ᠵᠡᠮᠳᠡᠭᠴᠦᠳ ᠵᠢᠴᠢ ᠭᠡᠷ ᠪᠦᠯᠢ ᠳᠤ ᠠᠰᠢᠭ ᠬᠦᠷᠲᠡᠭᠡᠵᠦ᠂ ᠲᠡᠳᠡᠨ ᠤ ᠠᠮᠢᠳᠤᠷᠠᠯ ᠳᠤ ᠨᠡᠩ ᠲᠦᠬᠦᠮ ᠪᠣᠯᠭᠠᠬᠤ ᠬᠡᠷᠡᠭᠲᠡᠢ᠃ ᠡᠭᠦᠨ ᠤ ᠬᠠᠮᠲᠤ᠂ ᠡᠯ᠎ᠡ ᠱᠠᠲᠤᠨ ᠤ ᠵᠡᠮᠳᠡᠭᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠨᠠᠮ ᠤᠨ ᠬᠠᠶᠢᠷ᠎ᠠ ᠬᠠᠯᠠᠮᠵᠢ ᠶᠢ ᠵᠡᠮᠳᠡᠭᠴᠦᠳ ᠤᠨ ᠳᠡᠷᠭᠡᠳᠡ ᠬᠦᠷᠭᠡᠵᠦ᠂ ᠲᠥᠯᠥᠭᠡᠯᠡᠭᠴᠢ᠂ ᠦᠢᠯᠡᠴᠢᠯᠡᠭᠡ᠂ ᠬᠠᠮᠢᠶᠠᠷᠤᠯᠲᠠ ᠶᠢᠨ ᠡᠭᠦᠷᠭᠡ ᠴᠢᠳᠠᠪᠬᠢ ᠪᠠᠨ ᠭᠦᠢᠴᠡᠳ ᠪᠠᠳᠠᠷᠠᠭᠤᠯᠵᠤ᠂ ᠵᠡᠮᠳᠡᠭᠴᠦᠳ ᠤᠨ ᠪᠦᠬᠦ ᠲᠠᠯ᠎ᠠ ᠪᠠᠷ ᠬᠥᠭᠵᠢᠬᠦ ᠪᠠ ᠬᠠᠮᠲᠤᠪᠠᠷ ᠴᠢᠨᠡᠭᠡᠯᠢᠭᠵᠢᠬᠦ ᠶᠢ ᠠᠬᠢᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠰᠢᠶᠠᠨ ᠤ ᠵᠡᠮᠳᠡᠭᠴᠦᠳ ᠤᠨ ᠬᠤᠯᠪᠣᠭ᠎ᠠ ᠶᠢᠨ ᠳᠣᠯᠣᠳᠤᠭᠠᠷ ᠬᠤᠭᠤᠴᠠᠭᠠᠨ ᠤ ᠲᠡᠷᠢᠭᠦᠯᠡᠭᠴᠢᠳ ᠤᠨ ᠪᠦᠯᠬᠦᠮ ᠤᠨ ᠠᠵᠢᠯ ᠤᠨ ᠮᠡᠳᠡᠭᠦᠯᠦᠯᠲᠡ ᠶᠢ ᠬᠢᠨᠠᠨ ᠵᠥᠪᠯᠡᠵᠦ᠂ ᠰᠢᠶᠠᠨ ᠤ ᠵᠡᠮᠳᠡᠭᠴᠦᠳ ᠤᠨ ᠬᠤᠯᠪᠣᠭ᠎ᠠ ᠶᠢᠨ ᠨᠠᠢᠮᠠᠳᠤᠭᠠᠷ ᠬᠤᠭᠤᠴᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠲᠡᠷᠢᠭᠦᠯᠡᠭᠴᠢ᠂ ᠳᠡᠳ᠋ ᠲᠡᠷᠢᠭᠦᠯᠡᠭᠴᠢ᠂ ᠨᠠᠢᠮᠠᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠭᠡᠰᠢᠭᠦᠨ ᠢ ᠰᠣᠩᠭᠤᠨ ᠭᠠᠷᠭᠠᠵᠤ᠂ ᠬᠥᠬᠡᠬᠤᠲᠠ ᠶᠢᠨ ᠵᠡᠮᠳᠡᠭᠴᠦᠳ ᠤᠨ ᠬᠤᠯᠪᠣᠭ᠎ᠠ ᠶᠢᠨ ᠨᠠᠢᠮᠠᠳᠤᠭᠠᠷ ᠤᠳᠠᠭᠠᠨ ᠤ ᠬᠤᠷᠠᠯ ᠳᠤ ᠤᠷᠤᠯᠴᠠᠬᠤ ᠲᠦᠯᠦᠭᠡᠯᠡᠭᠴᠢ ᠶᠢ ᠰᠤᠩᠭᠤᠪᠠ᠃ ᠬᠤᠷᠠᠯ ᠠᠴᠠ᠂ ᠵᠠᠩ ᠵᠧᠨ ᠬᠠᠢ ᠶᠢ ᠲᠣᠭᠲᠠᠬᠤ ᠰᠢᠶᠠᠨ ᠤ ᠵᠡᠮᠳᠡᠭᠴᠦᠳ ᠤᠨ ᠬᠤᠯᠪᠣᠭ᠎ᠠ ᠶᠢᠨ ᠨᠠᠢᠮᠠᠳᠤᠭᠠᠷ ᠬᠤᠭᠤᠴᠠᠭᠠᠨ ᠤ ᠲᠡᠷᠢᠭᠦᠯᠡᠭᠴᠢᠳ ᠤᠨ ᠪᠦᠯᠬᠦᠮ ᠤᠨ ᠲᠡᠷᠢᠭᠦᠯᠡᠭᠴᠢ ᠪᠠᠷ ᠰᠣᠩᠭᠤᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1