ᠲᠣᠭᠲᠠᠬᠤ ᠰᠢᠶᠠᠨ ᠤ ᠦᠶᠡᠷ ᠢ ᠰᠡᠷᠭᠡᠶᠢᠯᠡᠬᠦ ᠴᠠᠬᠢᠯᠭᠠᠨ ᠬᠠᠩᠭᠠᠯᠲᠠ ᠶᠢᠨ ᠪᠠᠲᠤᠯᠠᠭ᠎ᠠ ᠵᠢᠴᠢ ᠬᠤᠳᠠ ᠶᠢᠨ ᠥᠷᠭᠡᠨ ᠬᠡᠪᠴᠢᠶ᠎ᠡ ᠪᠠᠷ ᠴᠠᠬᠢᠯᠭᠠᠨ ᠵᠣᠭᠰᠣᠭᠰᠠᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠠᠪᠤᠭᠳᠠᠪᠠ
ᠨᠡᠶᠢᠲᠡᠯᠡᠭᠰᠡᠨ ᠴᠠᠭ᠄
2022/9/16
     9 ᠳ᠋ᠤᠭᠡᠷ ᠰᠠᠷ᠎ᠠ ᠶᠢᠨ 15 ᠤ ᠡᠳᠦᠷ᠂ ᠮᠠᠨ ᠤ ᠰᠢᠶᠠᠨ 2022 ᠣᠨ ᠤ ᠦᠶᠡᠷ ᠢ ᠰᠡᠷᠭᠡᠶᠢᠯᠡᠬᠦ ᠴᠠᠬᠢᠯᠭᠠᠨ ᠬᠠᠩᠭᠠᠯᠭ᠎ᠠ ᠶᠢᠨ ᠪᠠᠲᠤᠯᠠᠭ᠎ᠠ ᠵᠢᠴᠢ ᠬᠤᠲᠠ ᠶᠢᠨ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠡᠷᠭᠢᠯᠡᠪᠡ᠃      ᠲᠤᠰ ᠤᠳᠠᠭ᠎ᠠ ᠶᠢᠨ ᠰᠣᠷᠢᠯᠲᠠ ᠶᠢ ᠬᠤᠳᠠ ᠶᠢᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠵᠢᠯᠤᠭᠤᠳᠬᠤ ᠭᠠᠵᠠᠷ᠂ ᠬᠤᠳᠠ ᠶᠢᠨ ᠠᠵᠤ ᠦᠢᠯᠡᠳᠪᠦᠷᠢ ᠪᠣᠯᠣᠨ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠰᠢᠶᠠᠨ ᠤ ᠠᠷᠠᠳ ᠤᠨ ᠵᠠᠰᠠᠭ ᠤᠨ ᠣᠷᠳᠣᠨ᠂ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠥᠬᠡᠬᠤᠲᠠ ᠶᠢᠨ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠠᠴᠠ ᠭᠤᠣᠯᠯᠠᠨ ᠡᠷᠬᠢᠯᠡᠵᠦ᠂ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠰᠢᠶᠠᠨ ᠤ ᠠᠵᠤ ᠦᠢᠯᠡᠳᠪᠦᠷᠢ ᠮᠡᠳᠡᠭᠡ ᠵᠠᠩᠭᠢ ᠪᠣᠯᠣᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠥᠬᠡᠬᠤᠲᠠ ᠶᠢᠨ ᠲᠣᠭᠲᠠᠬᠤ ᠠᠵᠤ ᠦᠢᠯᠡᠳᠪᠦᠷᠢ ᠶᠢᠨ ᠬᠦᠷᠢᠶᠡᠯᠡᠩ ᠤᠨ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠠᠴᠠ ᠳᠠᠭᠠᠭᠠᠴᠢᠯᠠᠨ ᠡᠷᠬᠢᠯᠡᠪᠡ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠵᠣᠬᠢᠶᠠᠨ ᠪᠠᠶᠢᠭᠤᠯᠵᠤ ᠥᠷᠨᠢᠭᠦᠯᠦᠭᠰᠡᠨ ᠨᠢ ᠰᠢ ᠶᠢᠨ ᠫᠢᠩ ᠶᠡᠷᠦᠩᠬᠡᠢ ᠱᠦᠵᠢ ᠶᠢᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ︽ᠬᠤᠶᠠᠷ ᠢ ᠪᠠᠷᠢᠮᠲᠠᠯᠠᠬᠤ︾ ︽ᠭᠤᠷᠪᠠ ᠶᠢ ᠬᠤᠪᠢᠷᠠᠭᠤᠯᠬᠤ︾ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠴᠠᠬᠢᠯᠭᠠᠨ ᠬᠦᠴᠦᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ ᠶᠤᠮ᠃ ᠰᠣᠷᠢᠯᠲᠠ ᠶᠢ ︽ᠲᠣᠭᠲᠠᠬᠤ ᠰᠢᠶᠠᠨ ᠤ ᠥᠷᠭᠡᠨ ᠬᠡᠪᠴᠢᠶᠡᠨ ᠳᠤ ᠴᠠᠬᠢᠯᠭᠠᠨ ᠵᠣᠭᠰᠣᠭᠰᠠᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠥᠰᠥᠯ︾ ᠢ ᠦᠨᠳᠦᠰᠦᠯᠡᠨ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠳᠠᠭᠠᠵᠤ ᠬᠢᠬᠦ᠂ ᠳᠠᠭᠠᠵᠤ ᠠᠷᠭᠠᠴᠠᠬᠤ᠂ ᠳᠠᠭᠠᠵᠤ ᠬᠢᠬᠦ ᠶᠢ ᠳᠠᠭᠤᠰᠬᠠᠬᠤ ᠵᠡᠷᠭᠡ ᠳᠥᠷᠪᠡᠨ ᠱᠠᠲᠤ ᠦᠶ᠎ᠡ ᠪᠠᠷ ᠥᠷᠨᠢᠭᠦᠯᠵᠦ᠂ ᠨᠡᠶᠢᠲᠡ 27 ᠰᠣᠷᠢᠯᠲᠠ ᠶᠢᠨ ᠬᠢᠴᠢᠶᠡᠯ ᠲᠥᠷᠥᠯ ᠢ ᠪᠠᠶᠢᠭᠤᠯᠵᠤ᠂ ᠰᠣᠷᠢᠯᠲᠠ ᠶᠢᠨ ᠭᠤᠣᠯ ᠲᠠᠯᠠᠪᠤᠷ᠂ ᠰᠢᠭᠤᠳ ᠨᠡᠪᠲᠡᠷᠡᠭᠦᠯᠬᠦ ᠲᠤᠬᠠᠢ ᠶᠢᠨ ᠲᠠᠯᠠᠪᠤᠷ ᠭᠠᠷᠭᠠᠬᠤ ᠪᠣᠯᠣᠨ᠎ᠠ᠃      ᠰᠣᠷᠢᠯᠲᠠ ᠨᠢ ᠣᠨᠴᠠᠭᠠᠶ ᠠᠭᠤᠷ ᠠᠮᠢᠰᠬᠤᠯ   ᠠᠴᠠ ᠪᠣᠯᠵᠤ ᠬᠤᠲᠠ ᠳᠤ ᠶᠡᠭᠡ ᠬᠡᠪᠴᠢᠶ᠎ᠡ ᠪᠠᠷ ᠴᠠᠬᠢᠯᠭᠠᠨ ᠵᠣᠭᠰᠣᠬᠤ ᠪᠠᠷ ᠠᠷᠤ ᠦᠵᠡᠭᠳᠡᠯ ᠪᠣᠯᠭᠠᠵᠤ᠂ ᠤᠯᠤᠰ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠪᠠᠶᠢᠭᠤᠯᠤᠯ ᠳᠤ ᠴᠢᠬᠤᠯᠠ ᠶᠡᠭᠡ ᠬᠤᠪᠢᠰᠤᠯᠲᠠ ᠭᠠᠷᠤᠭᠰᠠᠨ ᠤ ᠳᠠᠷᠠᠭᠠᠬᠢ ᠨᠢᠭᠡ ᠤᠳᠠᠭᠠᠨ ᠤ ᠪᠥᠬᠦ ᠰᠢᠶᠠᠨ ᠤ ᠬᠡᠪᠴᠢᠶᠡᠨ ᠳᠠᠬᠢ ᠶᠡᠷᠦᠩᠬᠡᠶᠢᠯᠡᠭᠰᠡᠨ ᠴᠢᠨᠠᠷᠲᠠᠢ᠂ ᠪᠣᠳᠠᠲᠤ ᠳᠠᠶᠢᠨᠴᠢᠯᠠᠭᠰᠠᠨ ᠰᠣᠷᠢᠯᠲᠠ ᠪᠣᠯᠬᠤ ᠪᠥᠭᠡᠳ ᠪᠠᠰᠠ ᠴᠤ ᠮᠠᠨ ᠤ ᠰᠢᠶᠠᠨ ᠤ ᠣᠶᠢᠷ᠎ᠠ ᠶᠢᠨ ᠵᠢᠯ ᠤᠳ ᠲᠤ ᠵᠣᠬᠢᠶᠠᠨ ᠪᠠᠶᠢᠭᠤᠯᠤᠭᠰᠠᠨ ᠬᠡᠪᠴᠢᠶ᠎ᠡ ᠪᠠᠷ ᠬᠠᠮᠤᠭ ᠤᠨ ᠶᠡᠭᠡ ᠨᠢᠭᠡ ᠤᠳᠠᠭᠠᠨ ᠤ ᠴᠠᠬᠢᠯᠭᠠᠨ ᠬᠦᠴᠦᠨ ᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠪᠣᠯᠣᠨ᠎ᠠ᠃ ᠰᠣᠷᠢᠯᠲᠠ ᠪᠠᠷ ᠲᠠᠮᠵᠢᠨ᠂ ᠮᠠᠨ ᠤ ᠰᠢᠶᠠᠨ ᠤ ᠦᠶᠡᠷ ᠢ ᠰᠡᠷᠭᠡᠶᠢᠯᠡᠬᠦ ᠴᠠᠬᠢᠯᠭᠠᠨ ᠬᠠᠩᠭᠠᠯᠭ᠎ᠠ ᠶᠢᠨ ᠪᠠᠲᠤᠯᠠᠭ᠎ᠠ ᠶᠢᠨ ᠠᠵᠢᠯ ᠤᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠪᠠᠶᠢᠭᠠᠯᠢ ᠶᠢᠨ ᠭᠠᠮᠰᠢᠭ ᠤᠨ ᠪᠠᠶᠢᠳᠠᠯ ᠳᠣᠣᠷᠠᠬᠢ ᠪᠠᠴᠢᠮ ᠪᠠᠶᠢᠳᠠᠯ ᠢ ᠠᠷᠭᠠᠴᠠᠬᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠵᠣᠬᠢᠴᠠᠭᠤᠯᠵᠤ᠂ ᠵᠠᠰᠠᠭ ᠤᠨ ᠣᠷᠳᠣᠨ ᠪᠣᠯᠣᠨ ᠠᠵᠤ ᠠᠬᠤᠶᠢᠯᠠᠯ ᠤᠨ ᠬᠤᠭᠤᠷᠣᠨᠳᠣᠬᠢ ᠵᠣᠬᠢᠴᠠᠯᠳᠤᠨ ᠬᠠᠮᠲᠤᠷᠠᠨ ᠬᠥᠳᠡᠯᠦᠯᠴᠡᠬᠦ ᠶᠢ ᠴᠢᠩᠭᠠᠳᠬᠠᠵᠤ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ ᠶᠢᠨ ᠬᠦᠨᠳᠦ ᠶᠡᠭᠡ ᠴᠠᠬᠢᠯᠭᠠᠨ ᠬᠦᠴᠦᠨ ᠤ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠵᠢᠯᠤᠭᠤᠳᠬᠤ ᠭᠠᠵᠠᠷ ᠤᠨ ᠵᠢᠯᠤᠭᠤᠳᠬᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠦᠪᠰᠢᠨ ᠪᠣᠯᠣᠨ ᠪᠣᠳᠠᠲᠠᠢ ᠪᠠᠶᠢᠯᠳᠤᠬᠤ ᠴᠢᠳᠠᠪᠤᠷᠢ ᠶᠢ ᠳᠡᠭᠡᠭᠰᠢᠯᠡᠭᠦᠯᠪᠡ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1