ᠮᠠᠨ ᠤ ᠰᠢᠶᠠᠨ 2022 ᠣᠨ ᠤ ᠪᠦᠬᠦ ᠰᠢᠶᠠᠨ ᠤ ᠪᠠᠭᠰᠢ ᠰᠤᠷᠤᠭᠴᠢᠳ ᠤᠨ ᠳᠤᠮᠳᠠᠳᠤ ᠶᠢᠨ ᠰᠣᠩᠭᠤᠳᠠᠭ ᠰᠢᠯᠦᠭ ᠵᠣᠬᠢᠶᠠᠯ ᠤᠨ ᠤᠩᠰᠢᠯᠭ᠎ᠠ ᠶᠢᠨ ᠤᠷᠤᠯᠳᠤᠭᠠᠨ ᠶᠠᠪᠤᠭᠤᠯᠪᠠ
ᠨᠡᠶᠢᠲᠡᠯᠡᠭᠰᠡᠨ ᠴᠠᠭ᠄
2022/9/17
     9 ᠰᠠᠷ᠎ᠠ ᠶᠢᠨ 15  ᠤ ᠡᠳᠦᠷ᠂ 25 ᠳ᠋ᠤᠭᠠᠷ ᠪᠦᠬᠦ ᠤᠯᠤᠰ ᠤᠨ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠠᠷᠠᠭ ᠤᠨ ᠲᠠᠰᠢᠷᠠᠮ ᠢᠶᠠᠷ᠂ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ᠂ ᠦᠭᠡ ᠬᠡᠯᠡ ᠦᠰᠦᠭ ᠪᠢᠴᠢᠭ ᠤᠨ ᠠᠵᠢᠯ ᠤᠨ ᠵᠥᠪᠯᠡᠯ᠂ ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠠᠴᠠ ᠭᠤᠣᠯᠯᠠᠨ ᠡᠷᠬᠢᠯᠡᠵᠦ ᠂ ᠰᠢᠶᠠᠨ ᠤ ᠭᠤᠷᠪᠠᠳᠤᠭᠠᠷ ᠳᠤᠮᠳᠠᠳᠤ ᠰᠤᠷᠭᠠᠭᠤᠯᠢ ᠠᠴᠠ ᠳᠠᠭᠠᠭᠠᠴᠢᠯᠠᠨ ᠡᠷᠬᠢᠯᠡᠭᠰᠡᠨ ︽ᠨᠡᠶᠢᠲᠡᠯᠢᠭ ᠬᠡᠯᠡ ᠶᠢ ᠲᠦᠭᠡᠮᠡᠯᠵᠢᠭᠦᠯᠬᠦ · ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠳᠤᠶ᠎ᠠ︾2022 ᠣᠨ ᠤ ᠪᠦᠬᠦ ᠰᠢᠶᠠᠨ ᠤ ᠪᠠᠭᠰᠢ ᠰᠤᠷᠤᠭᠴᠢᠳ ᠤᠨ ᠳᠤᠮᠳᠠᠳᠤ ᠶᠢᠨ ᠰᠣᠩᠭᠤᠳᠠᠭ ᠰᠢᠯᠦᠭ ᠵᠣᠬᠢᠶᠠᠯ ᠤᠩᠰᠢᠬᠤ ᠤᠷᠤᠯᠳᠤᠭᠠᠨ ᠲᠣᠭᠲᠠᠬᠤ ᠰᠢᠶᠠᠨ ᠤ ᠭᠤᠷᠪᠠᠳᠤᠭᠠᠷ ᠳᠤᠮᠳᠠᠳᠤ ᠰᠤᠷᠭᠠᠭᠤᠯᠢ ᠳᠤ ᠶᠠᠪᠤᠭᠳᠠᠪᠠ᠃      ᠰᠢᠶᠠᠨ ᠤ ᠤᠳᠤᠷᠢᠳᠤᠯᠭ᠎ᠠ ᠲᠦᠮᠡᠨ᠂ ᠶᠠᠩ ᠶᠢᠨ᠂ ᠹᠦ᠋ ᠴᠧᠨ ᠠᠵᠢᠯᠯᠠᠭ᠎ᠠ ᠳᠤ ᠣᠷᠣᠯᠴᠠᠪᠠ᠃      ᠤᠷᠤᠯᠳᠤᠭᠠᠨ ᠤ ᠳᠤᠮᠳᠠ᠂ ᠪᠥᠬᠦ ᠰᠢᠶᠠᠨ ᠤ ᠳᠤᠮᠳᠠᠳᠤ ᠪᠠᠭ᠎ᠠ ᠰᠤᠷᠭᠠᠭᠤᠯᠢ ᠶᠢᠨ 16 ᠰᠤᠷᠭᠠᠭᠤᠯᠢ ᠶᠢᠨ ᠤᠷᠤᠯᠳᠤᠭᠠᠨ ᠳᠤ ᠣᠷᠣᠯᠴᠠᠭᠰᠠᠨ ᠪᠠᠭᠰᠢ ᠰᠤᠷᠤᠭᠴᠢᠳ ᠴᠤᠭ ᠵᠢᠪᠬᠤᠭ᠎ᠠ ᠲᠡᠭᠦᠯᠳᠡᠷ ᠪᠠᠶᠢᠵᠤ᠂ ᠰᠣᠩᠭᠤᠳᠠᠭ ᠪᠦᠲᠦᠭᠡᠯ ᠤᠳ ᠢ ᠭᠦᠨ ᠰᠡᠳᠬᠢᠯᠭᠡ ᠲᠠᠢ ᠪᠠᠷ ᠤᠩᠰᠢᠵᠤ᠂ ᠲᠤᠬᠠᠢ ᠶᠢᠨ ᠲᠠᠯᠠᠪᠤᠷ ᠤᠨ ᠦᠵᠡᠭᠴᠢᠳ ᠲᠤ ᠨᠢᠭᠡ ᠤᠳᠠᠭᠠᠨ ᠤ ᠥᠪᠡᠷᠮᠢᠴᠡ ᠰᠣᠶᠣᠯ ᠤᠨ ᠦᠪᠡᠳᠡᠭᠰᠢ ᠨᠠᠶᠢᠷ ᠢ ᠠᠪᠴᠢᠷᠠᠨ᠂ ᠬᠠᠯᠠᠭᠤᠨ ᠠᠯᠠᠭ᠎ᠠ ᠲᠡᠰᠢᠯᠲᠡ ᠶᠢ ᠣᠯᠣᠭᠰᠠᠨ ᠪᠠᠶᠢᠨ᠎ᠠ᠃ ᠰᠢᠯᠭᠠᠷᠠᠭᠤᠯᠬᠤ ᠺᠣᠮᠢᠰ ᠤᠨ ᠭᠡᠰᠢᠭᠦᠨ ᠲᠤᠬᠠᠢ ᠶᠢᠨ ᠲᠠᠯᠠᠪᠠᠶ ᠳᠤ ᠬᠤᠪᠢ ᠥᠭᠴᠦ᠂ ᠲᠣᠭᠲᠠᠬᠤ ᠰᠢᠶᠠᠨ ᠤ ᠬᠤᠶᠠᠳᠤᠭᠠᠷ ᠪᠠᠭ᠎ᠠ ᠰᠤᠷᠭᠠᠭᠤᠯᠢ ᠨᠢᠭᠡᠳᠦᠭᠡᠷ ᠳᠡᠰ‌‍ᠤᠨ ᠱᠠᠩᠨᠠᠯ ᠭᠥᠷᠳᠡᠪᠡ᠂ ᠲᠣᠭᠲᠠᠬᠤ ᠰᠢᠶᠠᠨ ᠤ ᠳᠥᠷᠪᠡᠳᠦᠭᠡᠷ ᠪᠠᠭ᠎ᠠ ᠰᠤᠷᠭᠠᠭᠤᠯᠢ᠂ ᠲᠣᠭᠲᠠᠬᠤ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠬᠤᠶᠠᠳᠤᠭᠠᠷ ᠳᠡᠰ ᠤᠨ ᠱᠠᠩᠨᠠᠯ ᠭᠥᠷᠳᠡᠪᠡ᠂ ᠲᠣᠭᠲᠠᠬᠤ ᠰᠢᠶᠠᠨ ᠤ ᠭᠤᠷᠪᠠᠳᠤᠭᠠᠷ ᠳᠤᠮᠳᠠᠳᠤ ᠰᠤᠷᠭᠠᠭᠤᠯᠢ᠂ ᠲᠣᠭᠲᠠᠬᠤ ᠰᠢᠶᠠᠨ ᠤ ᠦᠨᠳᠦᠰᠦᠲᠡᠨ ᠤ ᠪᠠᠭ᠎ᠠ ᠰᠤᠷᠭᠠᠭᠤᠯᠢ᠂ ᠲᠣᠭᠲᠠᠬᠤ ᠰᠢᠶᠠᠨ ᠤ ᠨᠢᠭᠡᠳᠦᠭᠡᠷ ᠪᠠᠭ᠎ᠠ ᠰᠤᠷᠭᠠᠭᠤᠯᠢ ᠭᠤᠷᠪᠠᠳᠤᠭᠠᠷ ᠳᠡᠰ ᠤᠨ ᠱᠠᠩᠨᠠᠯ ᠭᠥᠷᠳᠡᠪᠡ᠃      ᠠᠵᠢᠯᠯᠠᠭ᠎ᠠ ᠶᠢᠨ ᠥᠷᠨᠢᠯᠲᠡ᠂ ᠡᠨᠡ ᠨᠢ ᠮᠠᠨ ᠤ ᠰᠢᠶᠠᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠪᠦᠬᠦ ᠪᠠᠭᠰᠢ ᠰᠤᠷᠤᠭᠴᠢᠳ ᠤᠨ ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠪᠠ ᠡᠬᠡ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠭᠦᠢᠴᠡᠳ ᠢᠯᠡᠷᠡᠭᠦᠯᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠬᠤ᠂ ᠥᠷᠭᠡᠨ ᠤᠯᠠᠨ ᠪᠠᠭᠰᠢ ᠰᠤᠷᠤᠭᠴᠢᠳ ᠤᠨ ᠦᠭᠡ ᠬᠡᠯᠡ ᠰᠣᠶᠣᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ᠂ ᠮᠠᠨ ᠤ ᠰᠢᠶᠠᠨ ᠤ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠥᠮ ᠢᠳᠡᠪᠬᠢᠲᠡᠢ ᠦᠢᠯᠡᠳᠦᠯ ᠦᠵᠡᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠪᠣᠯᠣᠨ᠎ᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1