ᠮᠠᠨ ᠤ ᠰᠢᠶᠠᠨ ᠭᠠᠵᠢᠭᠤ ᠨᠣᠮᠯᠠᠯ ᠢ ᠰᠡᠷᠭᠡᠶᠢᠯᠡᠬᠦ ᠤᠬᠠᠭᠤᠯᠭ᠎ᠠ ᠶᠢᠨ ᠰᠠᠷ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2022/9/17
     9 ᠰᠠᠷ᠎ᠠ   ᠶᠢᠨ 16 ᠤ ᠡᠳᠦᠷ᠂ ︽ᠭᠠᠵᠢᠭᠤ ᠨᠣᠮᠯᠠᠯ   ᠢ ᠰᠡᠷᠭᠡᠶᠢᠯᠡᠬᠦ ᠤᠬᠠᠭᠤᠯᠭ᠎ᠠ   ᠶᠢᠨ ᠰᠠᠷ᠎ᠠ︾ ᠲᠣᠭᠲᠠᠬᠤ ᠰᠠᠷᠭᠠᠢ ᠴᠡᠴᠡᠷᠯᠢᠭ ᠲᠤ ᠵᠢᠩᠬᠢᠨᠢ ᠪᠠᠷ ᠡᠬᠢᠯᠡᠪᠡ᠃ ᠰᠢᠶᠠᠨ ᠤ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠵᠥᠪᠯᠡᠯ᠂ ᠱᠤᠸᠠᠩ ᠾᠧ ᠪᠠᠯᠭᠠᠰᠤ᠂ ᠰᠢᠭᠦᠬᠦ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠤᠯᠠᠭᠠᠨᠮᠥ᠋ᠴᠢᠷ ᠵᠡᠷᠭᠡ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃      ᠤᠬᠠᠭᠤᠯᠭ᠎ᠠ ᠶᠢᠨ ᠰᠠᠷ᠎ᠠ ᠳᠤ ︽ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ ᠬᠦᠴᠦᠨ ᠢᠶᠠᠨ ᠲᠥᠪᠯᠡᠷᠡᠭᠦᠯᠦᠨ ᠭᠠᠵᠢᠭᠤ ᠨᠣᠮᠯᠠᠯ ᠢ ᠡᠰᠡᠷᠭᠦᠴᠡᠶ᠎ᠡ︾ ᠪᠠᠷ ᠭᠤᠣᠯ ᠰᠡᠳᠦᠪ ᠪᠣᠯᠭᠠᠪᠠ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠶ᠂ ᠤᠯᠠᠭᠠᠨᠮᠥ᠋ᠴᠢᠷ ᠤᠨ ᠲᠣᠭᠯᠠᠭᠴᠢᠳ ᠤᠷᠠᠨ ᠰᠠᠶᠢᠬᠠᠨ ᠤ ᠲᠣᠭᠯᠠᠯᠲᠠ ᠪᠣᠯᠣᠨ ᠱᠠᠩᠨᠠᠯ ᠲᠠᠢ ᠠᠰᠠᠭᠤᠯᠲᠠ ᠬᠠᠷᠢᠭᠤᠯᠲᠠ ᠪᠠᠷ ᠳᠠᠮᠵᠢᠭᠤᠯᠤᠨ ᠶᠡᠭᠡ ᠬᠡᠮᠵᠢᠶᠡᠨ ᠤ ᠤᠯᠠᠨ ᠲᠦᠮᠡᠨ ᠢ ᠤᠬᠠᠭᠤᠯᠭ᠎ᠠ ᠶᠢᠨ ᠠᠵᠢᠯᠯᠠᠭ᠎ᠠ ᠳᠤ ᠢᠳᠡᠪᠬᠢᠲᠡᠢ ᠣᠷᠣᠯᠴᠠᠭᠤᠯᠵᠠᠢ᠃ ᠡᠯ᠎ᠡ ᠰᠠᠯᠠᠭ᠎ᠠ ᠮᠥᠴᠢᠷ ᠤᠨ ᠠᠵᠢᠯᠲᠠᠳ ᠤᠬᠠᠭᠤᠯᠭ᠎ᠠ ᠶᠢᠨ ᠳᠡᠯᠭᠡᠭᠦᠷ ᠭᠠᠷᠭᠠᠵᠤ᠂ ᠭᠠᠵᠢᠭᠤ ᠨᠣᠮᠯᠠᠯ ᠢ ᠡᠰᠡᠷᠭᠦᠴᠡᠬᠦ ᠬᠤᠳᠠᠯᠳᠤᠭᠠᠨ ᠤ ᠤᠭᠤᠲᠠ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠣᠯᠠᠨ ᠲᠦᠮᠡᠨ ᠤ ᠮᠠᠳᠠᠭ ᠢ ᠲᠠᠶᠢᠯᠤᠨ ᠲᠥᠭᠡᠷᠢᠭᠳᠡᠯ ᠢ ᠠᠷᠢᠯᠭᠠᠵᠤ᠂ ᠨᠠᠰᠤᠵᠢᠯ ᠤᠨ ᠮᠡᠬᠡᠯᠡᠯ ᠢ ᠰᠡᠷᠭᠡᠶᠢᠯᠡᠬᠦ ᠮᠡᠳᠡᠯᠭᠡ ᠶᠢ ᠲᠤᠬᠠᠢ ᠶᠢᠨ ᠭᠠᠵᠠᠷ ᠲᠤᠨᠢ ᠤᠬᠠᠭᠤᠯᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠳᠦᠷᠢᠮ︾ ᠪᠣᠯᠣᠨ ︽ᠵᠣᠬᠢᠶᠠᠨ ᠪᠠᠶᠢᠭᠤᠯᠤᠯᠲᠠ ᠲᠠᠢ ᠪᠠᠷ ᠶᠠᠯ᠎ᠠ ᠬᠢᠬᠦ ᠶᠢ ᠡᠰᠡᠷᠭᠦᠴᠡᠬᠦ ᠬᠠᠤᠯᠢ︾ ᠶᠢ ᠲᠠᠶᠢᠯᠪᠤᠷᠢᠯᠠᠨ᠂ ᠭᠠᠵᠢᠭᠤ ᠨᠣᠮᠯᠠᠯ ᠢ ᠢᠯᠭᠠᠨ ᠲᠠᠨᠢᠬᠤ ᠠᠷᠭ᠎ᠠ ᠵᠡᠷᠭᠡ ᠶᠢ ᠲᠠᠨᠢᠯᠴᠠᠭᠤᠯᠵᠤ᠂ ᠰᠠᠭᠤᠭᠠᠯᠢ ᠠᠷᠠᠳ ᠲᠤ ᠬᠠᠤᠯᠢ ᠪᠠᠷ ᠵᠠᠰᠠᠬᠤ ᠦᠵᠡᠯᠲᠡ ᠶᠢ ᠪᠠᠲᠤ ᠪᠤᠶ ᠪᠣᠯᠭᠠᠵᠤ᠂ ᠭᠠᠵᠢᠭᠤ ᠨᠣᠮᠯᠠᠯ ᠠᠴᠠ ᠬᠤᠯᠠᠳᠠᠬᠤ ᠶᠢ  ᠰᠠᠨᠠᠭᠤᠯᠪᠠ᠃      ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠥᠷᠭᠡᠨ ᠣᠯᠠᠨ ᠲᠦᠮᠡᠨ ᠳᠤ ᠭᠠᠵᠢᠭᠤ ᠨᠣᠮᠯᠠᠯ ᠤᠨ ᠮᠥᠨ ᠴᠢᠨᠠᠷ ᠪᠠ ᠬᠤᠣᠷ ᠬᠥᠨᠥᠭᠡᠯ ᠢ ᠭᠦᠢᠴᠡᠳ ᠲᠠᠨᠢᠭᠤᠯᠵᠤ᠂ ᠪᠥᠬᠦ ᠠᠷᠠᠳ ᠢᠶᠠᠷ ᠢᠶᠠᠨ ᠭᠠᠵᠢᠭᠤ ᠨᠣᠮᠯᠠᠯ ᠢ ᠢᠯᠭᠠᠨ ᠲᠠᠨᠢᠬᠤ᠂ ᠭᠠᠵᠢᠭᠤ ᠨᠣᠮᠯᠠᠯ ᠢ ᠡᠰᠡᠷᠭᠦᠴᠡᠨ ᠬᠤᠷᠢᠭᠯᠠᠬᠤ ᠴᠢᠳᠠᠪᠤᠷᠢ ᠶᠢ ᠨᠡᠮᠡᠭᠳᠡᠭᠦᠯᠦᠨ᠂ ᠪᠥᠬᠦ ᠨᠡᠶᠢᠭᠡᠮ ᠢᠶᠠᠷ ᠢᠶᠠᠨ ᠭᠠᠵᠢᠭᠤ ᠨᠣᠮᠯᠠᠯ ᠢ ᠲᠠᠨᠢᠵᠤ ᠭᠠᠵᠢᠭᠤ ᠨᠣᠮᠯᠠᠯ ᠢ ᠡᠰᠡᠷᠭᠦᠴᠡᠨ ᠭᠠᠵᠢᠭᠤ ᠨᠣᠮᠯᠠᠯ ᠢ ᠡᠰᠡᠷᠭᠦᠴᠡᠬᠦ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠭᠰᠠᠨ ᠪᠠᠶᠢᠨ᠎ᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1