ᠡᠨᠡ ᠶᠠᠭᠤᠮ᠎ᠠ ᠥᠮᠡᠨ ᠡᠭᠦᠰᠭᠡᠨ᠎ᠡ︕ ᠤᠯᠠᠨ ᠭᠠᠵᠠᠷ  ᠬᠤᠳᠠᠯᠳᠤᠬᠤ ᠶᠢ ᠵᠤᠭᠰᠤᠭᠠᠪᠠ
ᠨᠡᠶᠢᠲᠡᠯᠡᠭᠰᠡᠨ ᠴᠠᠭ᠄
2022/9/17
      9 ᠰᠠᠷ᠎ᠠ ᠶᠢᠨ 16 ᠤ ᠡᠳᠦᠷ᠂ ᠰᠧᠴᠤᠸᠠᠨ ᠤ ᠴᠧᠩᠳᠦ᠋ ᠬᠤᠲᠠ ᠶᠢᠨ ᠰᠢᠨᠵᠢᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠣᠯᠠᠨ ᠨᠡᠶᠢᠲᠡ ᠶᠢᠨ ᠳ᠋ᠤᠭᠠᠷ ᠤᠨ ᠮᠡᠳᠡᠭᠡ ᠳᠤ᠂ ᠣᠶᠢᠷ᠎ᠠ ᠳᠤ᠂ ᠬᠤᠸᠠ ᠴᠢᠶᠣᠤ ᠰᠤᠳᠤᠯᠭᠠᠨ ᠤ ᠭᠠᠵᠠᠷ ᠪᠢᠩᠯᠠᠩ ᠤᠨ ᠪᠦᠲᠦᠭᠡᠭᠳᠡᠬᠦᠨ ᠢ ᠲᠤᠰᠬᠠᠶ ᠪᠠᠶᠢᠴᠠᠭᠠᠬᠤ  ᠠᠵᠢᠯᠯᠠᠭ᠎ᠠ  ᠥᠷᠨᠢᠭᠦᠯᠪᠡ᠃ ᠣᠳᠣᠬᠠᠨ ᠳᠤ ᠳᠥᠭᠦᠮ ᠳᠡᠯᠭᠡᠭᠦᠷ᠂ ᠬᠡᠲᠦ ᠳᠡᠯᠭᠡᠭᠦᠷ ᠵᠡᠷᠭᠡ ᠢᠳᠡᠭᠡᠨ ᠤ ᠵᠦᠢᠯ ᠢ ᠡᠵᠡᠩᠨᠡᠵᠦ ᠪᠠᠶᠢᠭ᠎ᠠ ᠨᠢᠭᠡᠴᠡ ᠨᠡᠶᠢᠲᠡ 10 ᠶᠢ ᠪᠠᠶᠢᠴᠠᠭᠠᠵᠤ᠂ 6 ᠡᠷᠦᠬᠡ ᠨᠢ ᠪᠢᠩᠯᠠᠩ ᠪᠣᠷᠣᠯᠠᠭᠤᠯᠵᠤ ᠪᠠᠶᠢᠭ᠎ᠠ ᠪᠠᠶᠢᠳᠠᠯ ᠢ ᠣᠯᠵᠤ ᠮᠡᠳᠡᠭᠡᠳ᠂ ᠨᠢᠭᠡᠨᠲᠡ ᠵᠠᠷᠯᠢᠭᠳᠠᠨ ᠵᠠᠬ᠎ᠠ ᠳᠡᠯᠭᠡᠭᠦᠷ ᠠᠴᠠ ᠭᠠᠷᠭᠠᠪᠠ᠃ ᠰᠧᠴᠣᠸᠠᠨ ᠮᠤᠵᠢ ᠶᠢᠨ ᠨᠠᠨᠴᠦ᠋ᠩ ᠬᠤᠲᠠ ᠶᠢᠨ ᠶᠢᠩ ᠱᠠᠨ ᠰᠢᠶᠠᠨ᠂ ᠡᠮᠦᠨᠡᠲᠦ  ᠬᠡᠰᠡᠭ ᠤᠨ ᠰᠢᠶᠠᠨ ᠤ ᠵᠢᠶᠠᠨ ᠰᠢᠩ ᠪᠠᠯᠭᠠᠰᠤ ᠵᠡᠷᠭᠡ ᠭᠠᠵᠠᠷ ᠤᠨ ᠬᠤᠲᠠ ᠶᠢᠨ ᠬᠢᠨᠠᠯᠲᠠ ᠲᠠᠯᠪᠢᠬᠤ ᠰᠠᠯᠠᠭ᠎ᠠ ᠮᠥᠴᠢᠷ ᠪᠠᠰᠠ ᠮᠡᠳᠡᠭᠡ ᠨᠡᠶᠢᠲᠡᠯᠡᠵᠦ᠂ ᠢᠳᠡᠭᠡᠨ ᠤ ᠡᠵᠡᠩᠨᠡᠯᠲᠡ ᠶᠢᠨ ᠲᠠᠯᠠᠪᠤᠷ ᠲᠤ ᠪᠢᠩᠯᠠᠩ ᠪᠣᠯᠤᠨ ᠪᠢᠩᠯᠠᠩ ᠤᠨ ᠪᠦᠲᠦᠭᠡᠭᠳᠡᠬᠦᠨ   ᠬᠤᠳᠠᠯᠳᠤᠬᠤ ᠶᠢ  ᠵᠤᠭᠰᠤᠭᠠᠬᠤ  ᠬᠡᠷᠡᠭᠲᠡᠶ ᠭᠡᠵᠦ ᠱᠠᠭᠠᠷᠳᠠᠵᠠᠶ᠃              ᠪᠢᠩᠯᠠᠩ᠄ ᠥᠮᠡᠨ ᠡᠭᠦᠰᠭᠡᠬᠦ ᠲᠠᠷᠢᠭᠦᠨ ᠵᠡᠷᠭᠡ ᠶᠢᠨ ᠪᠣᠳᠠᠰ            ᠪᠢᠩᠯᠠᠩ ᠤᠨ ᠪᠡᠶ᠎ᠡ ᠨᠢ ᠶᠡᠭᠡ ᠪᠢᠰᠢ ᠪᠣᠯᠪᠠᠴᠤ᠂ ᠬᠤᠣᠷ ᠨᠢ ᠪᠠᠭ᠎ᠠ ᠪᠤᠰᠤ᠃  ᠠᠯᠢ  ᠡᠷᠲᠡ  2003  ᠣᠨ ᠳᠤ᠂ ᠣᠯᠠᠨ ᠤᠯᠤᠰ ᠤᠨ ᠥᠮᠡᠨ ᠡᠪᠡᠳᠴᠢᠨ ᠤ ᠰᠤᠳᠤᠯᠭᠠᠨ ᠤ ᠲᠥᠪ ᠠᠴᠠ ᠪᠢᠩᠯᠠᠩ ᠢ ᠥᠮᠡᠨ ᠡᠭᠦᠰᠭᠡᠬᠦ ᠲᠡᠷᠢᠭᠦᠨ  ᠵᠡᠷᠭᠡ ᠶᠢᠨ ᠪᠣᠳᠠᠰ ᠲᠤ ᠣᠷᠣᠭᠤᠯᠪᠠ᠃ ᠪᠢᠩᠯᠠᠩ ᠳᠤ ᠨᠢᠭᠡ ᠵᠥᠢᠯ ᠤᠨ ᠬᠢᠮᠢ ᠶᠢᠨ  ᠪᠣᠳᠠᠰ  ᠠᠭᠤᠯᠤᠭᠳᠠᠵᠤ  ᠪᠠᠶᠢᠳᠠᠭ᠂  ᠵᠠᠵᠢᠯᠤᠭᠰᠠᠨ ᠤ ᠳᠠᠷᠠᠭ᠎ᠠ ᠥᠮᠡᠨ ᠡᠭᠦᠰᠭᠡᠬᠦ ᠨᠢᠲᠷᠤᠲᠤ ᠨᠢᠭᠡᠳᠪᠦᠷᠢ ᠡᠭᠦᠰᠬᠦ ᠮᠥᠷᠲᠡᠭᠡᠨ ᠵᠠᠵᠢᠯᠬᠤ ᠶᠠᠪᠤᠴᠠ ᠳᠤ ᠠᠮᠠᠨ ᠬᠥᠨᠳᠡᠶ ᠶᠢᠨ ᠰᠠᠯᠢᠰᠤᠲᠤ ᠪᠦᠷᠬᠦᠪᠴᠢ‌‍ᠶᠢ ᠠᠮᠠᠷᠬᠠᠨ ᠭᠡᠮᠲᠦᠭᠡᠵᠦ᠂ ᠪᠠᠶᠢᠨ ᠳᠠᠬᠢᠨ ᠠᠮᠠᠨ ᠬᠥᠨᠳᠡᠶ ᠶᠢᠨ ᠰᠢᠷᠬᠠᠯᠠᠭ᠎ᠠ ᠡᠭᠦᠰᠭᠡᠬᠦ ᠵᠡᠷᠭᠡ ᠵᠣᠶᠢᠯ ᠵᠣᠶᠢᠯ ᠤᠨ ᠡᠪᠡᠳᠴᠢᠨ ᠤ ᠬᠤᠪᠢᠷᠠᠯᠲᠠ ᠭᠠᠷᠳᠠᠭ ᠂ ᠢᠮᠦᠷᠬᠦᠦ ︽ᠳᠠᠪᠬᠤᠷ  ᠴᠣᠬᠢᠯᠲᠠ︾ ᠶᠢᠨ ᠳᠤᠤᠷ᠎ᠠ ᠬᠥᠮᠦᠨ ᠶᠡᠷᠦ ᠨᠢ  ᠠᠮᠠᠨ ᠬᠥᠨᠳᠡᠶ ᠶᠢᠨ ᠥᠮᠡᠨ ᠳᠤ ᠨᠡᠷᠪᠡᠭᠳᠡᠳᠡᠭ᠃ ︽ᠪᠢᠩᠯᠠᠩ ᠢᠳᠡᠳᠡᠭ ᠲᠣᠮᠣ ᠮᠤᠵᠢ︾ ᠪᠣᠯᠬᠤ ᠬᠤᠨᠠᠨ  ᠮᠤᠵᠢ ᠳᠤ᠂ ᠠᠮᠠᠨ‌‍ᠬᠥ᠋ᠨᠳᠡᠶ ᠶᠢᠨ ᠥᠮᠡᠨ ᠳᠤ ᠨᠡᠷᠪᠡᠭᠳᠡᠬᠦ ᠬᠠᠷᠢᠴᠠᠯ ᠨᠢ ᠴᠦ ᠪᠥᠬᠦ ᠤᠯᠤᠰ ᠤᠨ ᠡᠮᠦᠨ᠎ᠡ  ᠡᠩᠨᠡᠭᠡᠨ ᠳᠤ ᠣᠷᠣᠵᠤ ᠪᠠᠶᠢᠨ᠎ᠠ᠂ ᠵᠢᠱᠢᠶᠡᠯᠡᠪᠡᠯ 2017 ᠣᠨ ᠳᠤ ᠬᠤᠨᠠᠨ ᠮᠤᠵᠢ ᠶᠢᠨ ᠡᠷᠡᠭᠲᠡᠶ ᠦᠮᠡᠨ ᠡᠪᠡᠳᠴᠢᠲᠡᠨ ᠤ ᠲᠦᠷᠦᠭᠦᠦ ᠠᠷᠪᠠ ᠶᠢᠨ ᠲᠤᠲᠤᠷ᠂ ᠠᠮᠠᠨ ᠬᠥᠨᠳᠡᠶ ᠶᠢᠨ ᠥᠮᠡᠨ ᠨᠢ ᠳᠣᠯᠣᠳᠤᠭᠠᠷ ᠲᠤ ᠣᠷᠣᠵᠤ ᠪᠠᠶᠢᠨ᠎ᠠ᠃ ᠪᠢᠩᠯᠠᠩ ᠤᠨ ᠳᠣᠲᠣᠷᠠᠬᠢ ᠪᠢᠩᠯᠠᠩ ᠤᠨ ᠱᠦᠯᠲᠦ ᠨᠢ ᠬᠥᠮᠦᠨ ᠢ ᠰᠢᠨᠤᠯ ᠲᠠᠢ ᠪᠣᠯᠭᠠᠵᠤ᠂ ᠢᠳᠡᠬᠦ ᠶᠢ ᠲᠤᠷᠠᠯᠠᠭᠤᠯᠳᠠᠭ᠃  ᠪᠢᠩᠯᠠᠩ ᠢᠳᠡᠳᠡᠭ ᠴᠥᠭᠡᠨ ᠪᠤᠰᠤ ᠬᠥᠮᠦᠰ ᠪᠢᠩᠯᠠᠩ ᠢᠳᠡᠭᠰᠡᠨ ᠤ ᠳᠠᠷᠠᠭ᠎ᠠ ᠲᠠᠷᠢᠬᠢ ᠲᠣᠯᠣᠭᠠᠶ ᠰᠡᠷᠭᠡᠭ ᠪᠣᠯᠵᠦ᠂ ᠵᠠᠵᠢᠯᠬᠤ ᠳᠤ ︽ᠶᠡᠷᠦ ᠠᠴᠠ ᠵᠤᠭᠰᠤᠬᠤ ᠲᠤᠷ᠎ᠠ ᠥᠬᠡᠶ︾ ᠭᠡᠵᠦ ᠢᠯᠡᠷᠬᠡᠶᠢᠯᠡᠵᠦ ᠪᠠᠶᠢᠯ᠎ᠠ᠃              ᠬᠤᠷᠢᠭ᠎ᠠ ᠴᠠᠭᠠᠵᠠ ᠬᠢᠭᠡᠳ ︽ᠪᠡᠶ᠎ᠡ ᠶᠢᠨ ᠭᠠᠷᠤᠯ︾ ᠤᠨ ᠤᠬᠠᠭᠤᠯᠭ᠎ᠠ              ᠪᠢᠩᠯᠠᠩ ᠢᠳᠡᠬᠦ ᠨᠢ ᠡᠷᠡᠭᠦᠯ ᠮᠡᠨᠳᠦ ᠳᠤ ᠨᠥᠯᠥᠭᠡ  ᠦᠵᠡᠭᠦᠯᠬᠦ ᠨᠢ ᠲᠡᠭᠦᠨ ᠢ ᠤᠬᠠᠭᠤᠯᠬᠤ   ᠲᠠᠯ᠎ᠠ ᠪᠠᠷ ᠬᠢᠵᠠᠭᠠᠷᠯᠠᠭᠳᠠᠵᠤ ᠪᠤᠢ᠃ 2021 ᠣᠨ ᠤ 9 ᠰᠠᠷ᠎ᠠ ᠶᠢᠨ 17 ᠤ ᠡᠳᠦᠷ᠂ ᠤᠯᠤᠰ ᠤᠨ  ᠷᠠᠳᠢᠣ᠋  ᠲᠧᠯᠸᠢᠰ ᠤᠨ ᠶᠡᠷᠦᠩᠬᠡᠶ ᠲᠣᠪᠴᠢᠶ᠎ᠠ ᠮᠡᠳᠡᠭᠳᠡᠯ ᠨᠡᠶᠢᠲᠡᠯᠡᠵᠦ᠂ ᠲᠣᠰ ᠡᠳᠦᠷ ᠠᠴᠠ ᠡᠬᠢᠯᠡᠨ ᠷᠠᠳᠢᠣ᠋ ᠲᠧᠯᠸᠢᠰ ᠪᠠ  ᠰᠦᠯᠵᠢᠶᠡᠨ ᠤ ᠦᠵᠡᠵᠦ ᠰᠣᠨᠣᠰᠬᠤ ᠫᠷᠤᠭ᠍ᠷᠠᠮ ᠢ ᠠᠰᠢᠭᠯᠠᠨ ᠪᠢᠩᠯᠠᠩ ᠵᠢᠴᠢ ᠲᠡᠭᠦᠨ ᠤ ᠪᠦᠲᠦᠭᠡᠭᠳᠡᠬᠦᠨ ᠢ  ᠤᠬᠠᠭᠤᠯᠤᠨ ᠪᠣᠷᠣᠯᠠᠭᠤᠯᠬᠤ ᠶᠢ ᠵᠣᠭᠰᠣᠭᠠᠬᠤ ᠪᠠᠷ ᠲᠣᠭᠲᠠᠪᠠ᠃ 2021 ᠣᠨ ᠤ 3 ᠰᠠᠷ᠎ᠠ ᠳᠤ᠂  ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ‍ᠤᠨ‌ᠨᠡᠶᠢᠲᠡᠯᠡᠭᠰᠡᠨ ︽ᠠᠷᠪᠠᠨ ᠭᠤᠷᠪᠠᠳᠤᠭᠠᠷ  ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠤ 1427 ᠳ᠋ᠤᠭᠠᠷ ᠲᠣᠭᠠᠲᠤ ᠰᠠᠨᠠᠭᠤᠯᠭ᠎ᠠ ᠶᠢᠨ ᠬᠠᠷᠢᠭᠤᠯᠲᠠ︾ ᠳᠤ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠪᠢᠩᠯᠠᠩ ᠢ ᠢᠳᠡᠭᠡᠨ ᠤ ᠰᠢᠨ᠎ᠡ ᠲᠦᠭᠦᠬᠡᠶ ᠮᠠᠲ᠋ᠧᠷᠢᠶᠠᠯ  ᠪᠣᠯᠭᠠᠬᠤ ᠶᠢ ᠵᠥᠪᠰᠢᠶᠡᠷᠡᠭᠰᠡᠨ ᠥᠬᠡᠶ᠂ ᠲᠡᠭᠦᠨ ᠢ ᠢᠳᠡᠭᠡᠨ ᠤ ᠵᠥᠢᠯ ᠡᠮ ᠤᠨ ᠵᠣᠶᠢᠯ ᠤᠨ ᠭᠠᠷᠴᠠᠭ ᠲᠤ ᠣᠷᠣᠭᠤᠯᠤᠭᠰᠠᠨ ᠥᠬᠡᠶ᠂ ᠪᠢᠩᠯᠠᠩ ︵ᠵᠢᠮᠢᠰ︶ ᠨᠢ ᠴᠦ ᠢᠳᠡᠭᠡᠨ ᠤ ᠠᠮᠤᠷ ᠲᠦᠪᠰᠢᠨ ᠤ  ᠪᠠᠷᠢᠮᠵᠢᠶ᠎ᠠ  ᠲᠣᠭᠲᠠᠭᠠᠬᠤ ᠳᠤ  ᠲᠣᠬᠢᠷᠠᠮᠵᠢ ᠥᠬᠡᠶ ᠭᠡᠵᠦ  ᠲᠣᠳᠣᠷᠬᠠᠶ ᠢᠯᠡᠷᠬᠡᠶᠢᠯᠡᠪᠡ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1