ᠲᠡᠷᠭᠡ ᠣᠨᠤᠭ᠎ᠠ ᠰᠢᠯᠭᠠᠨ ᠪᠠᠶᠢᠴᠠᠭᠠᠬᠤ ᠦᠶᠡᠯᠡᠯ ᠤᠨ ᠬᠤᠭᠤᠴᠠᠭ᠎ᠠ ᠳᠤ ᠬᠤᠪᠢᠷᠠᠯᠳᠠ ᠲᠠᠢ
ᠨᠡᠶᠢᠲᠡᠯᠡᠭᠰᠡᠨ ᠴᠠᠭ᠄
2022/9/19
    10 ᠳ᠋ᠣᠭᠠᠷ ᠰᠠᠷ᠎ᠠ ᠶᠢᠨ 1 ᠤ ᠡᠳᠦᠷ ᠠᠴᠠ ᠡᠬᠢᠯᠡᠨ᠂ ᠮᠠᠨ ᠤ ᠤᠯᠤᠰ ᠬᠤᠪᠢ ᠶᠢᠨ ᠮᠠᠰᠢᠨ ᠲᠡᠷᠭᠡ ᠶᠢᠨ ᠰᠢᠯᠭᠠᠨ ᠪᠠᠶᠢᠴᠠᠭᠠᠬᠤ ᠦᠶᠡᠯᠡᠯ ᠤᠨ ᠬᠤᠭᠤᠴᠠᠭ᠎ᠠ ᠳᠤ ᠳᠣᠬᠢᠷᠠᠭᠤᠯᠣᠯᠳᠠ ᠬᠢᠬᠦ ᠪᠠᠷ ᠪᠣᠢ᠃              ᠲᠣᠰ ᠤᠳᠠᠭᠠᠨ ᠤ ᠥᠭᠡᠷᠡᠴᠢᠯᠡᠯᠲᠡ ᠳᠤ᠂ ᠣᠣᠯ ᠨᠢ ᠡᠵᠡᠩᠨᠡᠯᠲᠡ ᠶᠢᠨ ᠪᠤᠰᠤ ᠪᠠᠭ᠎ᠠ ᠬᠡᠯᠪᠡᠷᠢ ᠶᠢᠨ  ᠠᠶᠠᠨᠴᠢᠳ ᠤᠨ ᠮᠠᠰᠢᠨ ᠲᠡᠷᠭᠡ ᠶᠢ 10 ᠵᠢᠯ ᠤᠨ ᠳᠣᠲᠣᠷ᠎ᠠ 3 ᠤᠳᠠᠭ᠎ᠠ ᠰᠢᠯᠭᠠᠨ ᠪᠠᠶᠢᠴᠠᠭᠠᠳᠠᠭ᠂ ᠥᠭᠡᠷ᠎ᠡ ᠪᠠᠷ ᠬᠡᠯᠡᠪᠡᠯ 6 ᠳ᠋ᠤᠭᠠᠷ ᠵᠢᠯ᠂ 8 ᠳ᠋ᠤᠭᠠᠷ ᠵᠢᠯ᠂ 10 ᠳ᠋ᠤᠭᠠᠷ ᠵᠢᠯ ᠳᠤ ᠨᠢ ᠰᠢᠯᠭᠠᠨ ᠪᠠᠶᠢᠴᠠᠭᠠᠳᠠᠭ ᠪᠠᠶᠢᠭᠰᠠᠨ   ᠢ  ᠬᠤᠪᠢᠷᠠᠭᠤᠯᠤᠭᠠᠳ 10  ᠵᠢᠯ   ᠳᠤ  ᠬᠤᠶᠠᠷ ᠤᠳᠠᠭ᠎ᠠ ᠰᠢᠯᠭᠠᠨ ᠪᠠᠶᠢᠴᠠᠭᠠᠨ᠎ᠠ᠂ ᠲᠤᠬᠠᠶᠢᠯᠠᠪᠠᠯ 6 ᠳ᠋ᠤᠭᠠᠷ ᠵᠢᠯ ᠪᠠ 10 ᠳ᠋ᠤᠭᠠᠷ ᠵᠢᠯ ᠳᠤ ᠰᠢᠯᠭᠠᠨ ᠪᠠᠶᠢᠴᠠᠭᠠᠨ᠎ᠠ︔ ᠮᠣᠲ᠋ᠣᠷ ᠲᠡᠷᠭᠡ ᠶᠢ ᠮᠦᠨᠴᠦ 6 ᠳ᠋ᠤᠭᠠᠷ ᠵᠢᠯ ᠪᠠ 10 ᠳ᠋ᠤᠭᠠᠷ ᠵᠢᠯ ᠳᠤ ᠬᠤᠶᠠᠷ ᠤᠳᠠᠭ᠎ᠠ ᠰᠢᠯᠭᠠᠨ ᠪᠠᠶᠢᠴᠠᠭᠠᠪᠠᠯ ᠪᠣᠯᠴᠢᠬᠠᠨ᠎ᠠ᠃10 ᠵᠢᠯ ᠠᠴᠠ ᠬᠡᠲᠦᠷᠡᠭᠰᠡᠨ ᠡᠵᠡᠩᠨᠡᠯᠲᠡ ᠶᠢᠨ ᠪᠤᠰᠤ ᠪᠠᠭ᠎ᠠ ᠬᠡᠯᠪᠡᠷᠢ ᠶᠢᠨ ᠠᠶᠠᠨᠴᠢᠳ ᠤᠨ ᠮᠠᠰᠢᠨ ᠲᠡᠷᠭᠡ ᠪᠠ ᠮᠣᠲ᠋ᠣᠷ  ᠲᠡᠷᠭᠡ ᠶᠢ ᠬᠤᠶᠢᠰᠢᠳᠠ ᠵᠢᠯ ᠪᠦᠷᠢ ᠨᠢᠭᠡ ᠤᠳᠠᠭ᠎ᠠ ᠰᠢᠯᠭᠠᠨ ᠪᠠᠶᠢᠴᠠᠭᠠᠨ᠎ᠠ᠃ 10 ᠵᠢᠯ ᠤᠨ ᠳᠣᠲᠣᠷ᠎ᠠ ᠡᠨᠡ ᠬᠤᠶᠠᠷ ᠲᠥᠷᠥᠯ ᠤᠨ ᠲᠡᠷᠭᠡ ᠨᠢ ᠬᠤᠶᠠᠷ ᠵᠢᠯ ᠳᠤ ᠨᠢᠭᠡ ᠤᠳᠠᠭ᠎ᠠ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠲᠡᠮᠳᠡᠭ ᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠭᠤᠶᠤᠴᠢᠯᠠᠨ ᠠᠪᠬᠤ ᠬᠡᠷᠡᠭᠲᠡᠶ᠃            
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1