ᠶᠢᠨ ᠱᠠᠨ ᠡᠨᠧᠷᠭᠢ ᠶᠢᠨ ᠪᠦᠯᠦᠭᠯᠡᠯ ᠲᠣᠭᠲᠠᠬᠤ ᠰᠢᠶᠠᠨ ᠳᠤ 10 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ ᠬᠠᠲᠠᠭᠤ ᠪᠡᠶᠡᠲᠦ ᠣᠷᠭᠠᠨᠢᠭ ᠬᠠᠶᠠᠭᠳᠠᠮᠠᠯ ᠪᠣᠳᠠᠰ ᠢ ᠬᠠᠯᠠᠭᠤᠨ ᠢᠶᠠᠷ ᠵᠠᠳᠠᠷᠠᠭᠤᠯᠵᠤ ᠤᠰᠤᠲᠥ᠋ᠷᠥᠭᠴᠢ ᠶᠢ ᠨᠢᠭᠡ ᠴᠣᠭᠴᠠᠵᠢᠭᠤᠯᠬᠤ ᠲᠥᠷᠥᠯ ᠵᠦᠢᠯ ᠢ ᠪᠠᠶᠢᠭᠤᠯᠬᠤ ᠪᠠᠷ ᠪᠣᠶ
ᠨᠡᠶᠢᠲᠡᠯᠡᠭᠰᠡᠨ ᠴᠠᠭ᠄
2022/9/2
     9 ᠳ᠋ᠤᠭᠡᠷ ᠰᠠᠷ᠎ᠠ ᠶᠢᠨ 1  ᠤ ᠡᠳᠦᠷ᠂ ᠲᠣᠭᠲᠠᠬᠤ ᠰᠢᠶᠠᠨ ᠪᠣᠯᠣᠨ ᠶᠢᠨ ᠱᠠᠨ ᠡᠨᠧᠷᠭᠢ ᠶᠢᠨ ᠪᠦᠯᠦᠭᠯᠡᠯ 10 ᠳ᠋ᠦᠩᠰᠢᠭᠤᠷ ᠲᠥᠭᠦᠷᠢᠭ ᠤᠨ ᠬᠠᠲᠠᠭᠤ ᠪᠡᠶᠡᠲᠦ ᠣᠷᠭᠠᠨᠢᠭ ᠬᠠᠶᠠᠭᠳᠠᠮᠠᠯ ᠪᠣᠳᠠᠰ ᠢ ᠬᠠᠯᠠᠭᠤᠨ ᠢᠶᠠᠷ ᠵᠠᠳᠠᠷᠠᠭᠤᠯᠬᠤ ᠡᠷᠭᠢᠯᠲᠡᠲᠦ ᠤᠰᠤᠲᠥ᠋ᠷᠥᠭᠴᠢ ᠶᠢ ᠦᠢᠯᠡᠳᠬᠦ ᠵᠢᠴᠢ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠴᠤᠭᠯᠠᠭᠤᠯᠬᠤ᠂ ᠣᠷᠣᠨ ᠪᠦᠰᠡ ᠶᠢᠨ ᠤᠰᠤᠲᠥ᠋ᠷᠥᠭᠴᠢ ᠶᠢ ᠲᠣᠬᠢᠷᠠᠭᠤᠯᠤᠨ ᠬᠦᠷᠭᠡᠬᠦ ᠵᠢᠴᠢ ᠤᠰᠤᠲᠥ᠋ᠷᠥᠭᠴᠢ ᠶᠢ ᠨᠡᠮᠡᠬᠦ ᠦᠷᠳᠡᠭᠡ ᠶᠢᠨ ᠲᠦᠷᠦᠯ ᠵᠦᠢᠯ ᠤᠨ ᠪᠡᠯᠡ ᠣᠷᠣᠭᠤᠯᠤᠯᠲᠠ ᠶᠢᠨ ᠵᠥᠪᠯᠡᠯᠴᠡᠭᠡᠷ ᠲᠣᠬᠢᠷᠠᠯᠴᠠᠵᠠᠢ᠃ ᠶᠢᠨ ᠱᠠᠨ ᠡᠨᠧᠷᠭᠢ ᠶᠢᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠯᠢᠦ ᠯᠢ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠤᠤ ᠵᠧᠩ ᠭᠠᠷ ᠤᠨ ᠦᠰᠦᠭ ᠵᠢᠷᠤᠬᠤ ᠶᠣᠰᠣᠯᠠᠯ ᠳᠤ ᠣᠷᠣᠯᠴᠠᠪᠠ᠃      ᠯᠢᠦ ᠯᠢ᠂ ᠤᠰᠤᠲᠥ᠋ᠷᠥᠭᠴᠢ ᠶᠢᠨ ᠡᠨᠧᠷᠭᠢ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠪᠦᠬᠦ ᠲᠠᠯ᠎ᠠ ᠪᠠᠷ ᠪᠠᠶᠢᠷᠢᠰᠢᠭᠤᠯᠵᠤ᠂ ᠡᠨᠧᠷᠭᠢ ᠶᠢᠨ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢ ᠬᠤᠪᠢᠷᠠᠭᠤᠯᠬᠤ ᠴᠢᠬᠤᠯᠠ ᠭᠠᠷᠳᠠᠴᠠ ᠪᠣᠯᠬᠤ ᠪᠠᠷ ᠪᠠᠷᠠᠬᠤ ᠦᠭᠡᠢ ᠪᠠᠰᠠ ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠬᠠᠷᠠᠯᠲᠠ ᠶᠢ ᠪᠡᠶᠡᠯᠡᠭᠦᠯᠬᠦ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠪᠣᠯᠣᠨ᠎ᠠ᠃ ᠲᠤᠰ ᠪᠦᠯᠦᠭᠯᠡᠯ ᠨᠢ ᠲᠣᠭᠲᠠᠬᠤ ᠰᠢᠶᠠᠨ ᠲᠠᠢ ᠨᠢᠭᠲᠠ ᠬᠠᠮᠲᠤᠷᠠᠯᠴᠠᠵᠤ᠂ ᠲᠤᠰ ᠪᠡᠶ᠎ᠡ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠮᠡᠷᠭᠡᠵᠢᠯ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠲᠣᠭᠲᠠᠬᠤ ᠰᠢᠶᠠᠨ ᠤ ᠠᠵᠤ ᠠᠬᠤᠢ ᠨᠡᠶᠢᠭᠡᠮ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠨ᠎ᠠ᠃ ᠬᠤᠶᠠᠷ ᠲᠠᠯ᠎ᠠ ᠪᠠᠷ ᠢᠶᠠᠨ ᠤᠯᠠᠮ ᠴᠢᠨᠠᠭᠰᠢᠳᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠲᠦᠷᠦᠯ ᠵᠦᠢᠯ ᠢ ᠲᠦᠷᠭᠡᠨ ᠨᠠᠶᠢᠳᠠᠪᠤᠷᠢᠵᠢᠭᠤᠯᠬᠤ ᠶᠢ ᠴᠢᠷᠮᠠᠶᠢᠨ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃      ᠭᠤᠸ ᠵᠧᠩ ᠬᠡᠯᠡᠬᠦ ᠳᠡᠭᠡᠨ᠂ ᠲᠣᠭᠲᠠᠬᠤ ᠰᠢᠶᠠᠨ ᠣᠷᠣᠨ ᠤ ᠲᠥᠪ ᠤᠨ ᠲᠣᠭᠤᠷᠢᠨ ᠳᠤ ︽ᠵᠢᠷᠭᠤᠭᠠᠨ ᠶᠡᠭᠡ ᠠᠵᠤ ᠦᠢᠯᠡᠰ ᠤᠨ ᠪᠦᠯᠦᠭᠯᠡᠯ︾ ᠢ ᠪᠣᠶᠢᠵᠢᠭᠤᠯᠤᠨ᠂ ︽ᠲᠠᠪᠤᠨ ᠲᠠᠷᠢᠶ᠎ᠠ︾ ︽ᠬᠤᠶᠠᠷ ᠪᠦᠰᠡ︾ ︽ᠨᠢᠭᠡ ᠲᠣᠭᠤᠷᠢᠭ︾ ᠤᠨ ᠬᠥᠭᠵᠢᠯᠲᠡ ᠶᠢᠨ ᠪᠠᠶᠢᠷᠢᠰᠢᠯ ᠢ ᠬᠦᠴᠦᠯᠡᠨ ᠪᠠᠶᠢᠭᠤᠯᠵᠤ᠂ ᠴᠡᠪᠡᠷ ᠡᠨᠧᠷᠭᠢ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠡᠷᠭᠢᠯᠲᠡᠲᠦ ᠠᠵᠤ ᠦᠢᠯᠡᠰ ᠢ ᠪᠣᠶ ᠪᠣᠯᠭᠠᠨ᠎ᠠ᠃ ᠲᠤᠰ ᠲᠦᠷᠦᠯ ᠵᠦᠢᠯ ᠨᠢ ᠬᠠᠲᠠᠭᠤ ᠪᠡᠶᠡᠲᠦ ᠣᠷᠭᠠᠨᠢᠭ ᠬᠠᠶᠠᠭᠳᠠᠮᠠᠯ ᠪᠣᠳᠠᠰ ᠢ ᠠᠰᠢᠭᠯᠠᠨ ᠤᠰᠤᠲᠥ᠋ᠷᠥᠭᠴᠢ ᠶᠢ ᠦᠢᠯᠡᠳᠴᠦ᠂ ᠬᠠᠶᠠᠭᠳᠠᠮᠠᠯ ᠪᠣᠳᠠᠰ ᠢ ᠡᠷᠳᠡᠨᠢ ᠪᠣᠯᠭᠠᠵᠤ᠂ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠶᠢ ᠪᠡᠶᠡᠯᠡᠭᠦᠯᠵᠦ᠂ ᠯᠤᠲᠤ ᠶᠡᠭᠡ ᠠᠵᠤ ᠠᠬᠤᠢ ᠶᠢᠨ ᠦᠷ᠎ᠡ ᠠᠰᠢᠭ ᠪᠠ ᠨᠡᠶᠢᠭᠡᠮ ᠤᠨ ᠦᠷ᠎ᠡ ᠠᠰᠢᠭ ᠢ ᠠᠪᠴᠢᠷᠠᠬᠤ ᠪᠣᠯᠣᠨ᠎ᠠ᠃ ᠲᠣᠭᠲᠠᠬᠤ ᠰᠢᠶᠠᠨ ᠤ ᠬᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠳᠤ ᠬᠠᠮᠤᠭ ᠤᠨ ᠶᠡᠭᠡ ᠳᠡᠮᠵᠢᠯᠭᠡ ᠦᠵᠡᠭᠦᠯᠵᠦ᠂ ᠪᠦᠬᠦ ᠶᠠᠪᠤᠴᠠ ᠳᠤ ︽ᠠᠰᠠᠷᠠᠭᠴᠢ ᠮᠠᠶ᠋ᠢᠭ︾ ᠤᠨ ᠦᠢᠯᠡᠴᠢᠯᠡᠭᠡ ᠬᠠᠩᠭᠠᠵᠤ᠂ ᠲᠦᠷᠦᠯ ᠵᠦᠢᠯ ᠢ ᠡᠷᠲᠡ ᠨᠠᠶᠢᠳᠠᠪᠤᠷᠢᠵᠢᠭᠤᠯᠬᠤ᠂ ᠡᠷᠲᠡ ᠦᠢᠯᠡᠳᠪᠦᠷᠢᠯᠡᠬᠦ᠂ ᠡᠷᠲᠡ ᠦᠷ᠎ᠡ ᠪᠦᠲᠦᠮᠵᠢ ᠣᠯᠬᠤ ᠶᠢ ᠪᠠᠲᠤᠯᠠᠬᠤ ᠪᠣᠯᠣᠨ᠎ᠠ ᠭᠡᠵᠡᠢ᠃      ᠣᠶᠢᠯᠠᠭᠠᠭᠰᠠᠨ ᠢᠶᠠᠷ᠂ ᠬᠠᠲᠠᠭᠤ ᠪᠡᠶᠡᠲᠦ ᠣᠷᠭᠠᠨᠢᠭ ᠬᠠᠶᠠᠭᠳᠠᠮᠠᠯ ᠪᠣᠳᠠᠰ ᠢ ᠬᠠᠯᠠᠭᠤᠨ ᠢᠶᠠᠷ ᠵᠠᠳᠠᠷᠠᠭᠤᠯᠤᠨ ᠡᠷᠭᠢᠯᠳᠦᠭᠦᠯᠦᠨ ᠦᠶᠯᠡᠳᠬᠦ ᠴᠡᠪᠡᠷ ᠤᠰᠤᠲᠥ᠋ᠷᠥᠭᠴᠢ ᠵᠢᠴᠢ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠬᠤᠷᠢᠶᠠᠨ ᠴᠤᠭᠯᠠᠭᠤᠯᠬᠤ᠂ ᠣᠷᠣᠨ ᠪᠦᠰᠡ ᠶᠢᠨ ᠤᠰᠤᠲᠥ᠋ᠷᠥᠭᠴᠢ ᠶᠢ ᠲᠣᠬᠢᠷᠠᠭᠤᠯᠤᠨ ᠬᠦᠷᠭᠡᠬᠦ ᠵᠢᠴᠢ ᠤᠰᠤᠲᠥ᠋ᠷᠥᠭᠴᠢ ᠨᠡᠮᠡᠬᠦ ᠥᠷᠲᠡᠭᠡ ᠶᠢᠨ ᠲᠥᠷᠥᠯ ᠵᠦᠢᠯ ᠤᠨ ᠨᠢᠭᠡᠳᠦᠭᠡᠷ ᠬᠤᠭᠤᠴᠠᠭᠠᠨ ᠤ ᠲᠥᠯᠥᠪᠯᠡᠭᠡ ᠳᠤ ᠨᠡᠶᠢᠲᠡ 10 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠣᠶ᠃ ᠲᠥᠷᠥᠯ ᠵᠦᠢᠯ ᠨᠢ ᠶᠡᠷᠦᠩᠬᠡᠢ ᠳᠡᠭᠡᠨ ᠦᠢᠯᠡᠳᠪᠦᠷᠢᠯᠡᠯ ᠳᠤ ᠣᠷᠣᠭᠰᠠᠨ ᠤ ᠳᠠᠷᠠᠭ᠎ᠠ᠂ ᠵᠢᠱᠢᠯᠲᠡ ᠪᠠᠷ ᠵᠢᠯ ᠤᠨ ᠦᠢᠯᠡᠳᠬᠦᠨ ᠤ ᠥᠷᠲᠡᠭ ᠨᠢ 6.8 ᠳ᠋ᠦᠩᠰᠢᠭᠤᠷ ᠲᠥᠭᠦᠷᠢᠭ ᠢ ᠳᠠᠪᠠᠵᠤ᠂ ᠠᠰᠢᠭ ᠭᠠᠶᠢᠯᠢ ᠨᠢ 8000 ᠲᠦᠮᠡᠨ ᠲᠥᠭᠦᠷᠢᠭ ᠠᠴᠠ ᠳᠡᠭᠡᠭᠰᠢ ᠪᠠᠶᠢᠵᠤ᠂ 300 ᠠᠵᠢᠯ ᠤᠨ ᠪᠠᠶᠢᠷᠢ ᠶᠢ ᠰᠢᠭᠤᠳ ᠬᠠᠩᠭᠠᠵᠤ᠂ ᠤᠰᠤᠲᠥ᠋ᠷᠥᠭᠴᠢ ᠡᠨᠧᠷᠭᠢ ᠶᠢᠨ ᠠᠵᠢᠯ ᠲᠥᠷᠥᠯ ᠤᠨ ᠳᠠᠮ ᠢᠵᠢ ᠪᠦᠷᠢᠳᠦᠭᠦᠯᠬᠦ ᠲᠥᠷᠥᠯ ᠵᠦᠢᠯ‌‍ᠦᠨ ᠪᠡᠯᠡ ᠣᠷᠣᠭᠤᠯᠤᠯᠲᠠ ᠶᠢ 80 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠣᠯᠣᠨ᠎ᠠ᠃ ᠲᠥᠷᠥᠯ ᠵᠦᠢᠯ ᠤᠨ ᠬᠡᠷᠡᠭᠵᠢᠭᠦᠯᠦᠯᠲᠡ ᠨᠢ ᠣᠷᠣᠨ ᠤ ᠲᠥᠪ ᠤᠨ ᠬᠠᠶᠠᠭᠳᠠᠮᠠᠯ ᠦᠭᠡᠢ ᠬᠤᠲᠠ ᠶᠢ ᠡᠭᠦᠳᠦᠨ ᠪᠠᠶᠢᠭᠤᠯᠬᠤ ᠳᠤ ᠬᠦᠴᠦᠨ ᠨᠡᠮᠡᠷᠢᠯᠡᠵᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠪᠣᠬᠢᠷᠳᠤᠯ ᠦᠭᠡᠢ ᠬᠥᠳᠡᠯᠭᠡᠭᠦ ᠬᠦᠴᠦᠨ ᠨᠡᠮᠡᠷᠢᠯᠡᠬᠦ ᠪᠣᠯᠣᠨ᠎ᠠ᠃      ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠵᠠᠩ ᠢᠦᠢ᠂  ᠲᠤᠭᠳᠠᠬᠤ ᠴᠢᠩ ᠱᠦᠢ ᠾᠧ ᠠᠵᠤ ᠠᠬᠤᠢ ᠶᠢᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠵᠢᠴᠢ ᠬᠠᠮᠢᠶ᠎ᠠ ᠪᠦᠬᠦᠢ ᠬᠠᠷᠢᠭᠤᠴᠠᠯᠭᠠᠲᠠᠨ ᠭᠠᠷ ᠤᠨ ᠦᠰᠦᠭ ᠵᠢᠷᠤᠬᠤ ᠶᠣᠰᠣᠯᠠᠯ ᠳᠤ ᠣᠷᠣᠯᠴᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1