ᠮᠠᠨ ᠤ ᠰᠢᠶᠠᠨ ᠬᠤᠵᠢᠷᠯᠢᠭ ᠭᠠᠵᠠᠷ ᠢ ᠶᠡᠷᠦᠩᠬᠡᠶᠢᠯᠡᠨ ᠵᠠᠰᠠᠬᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ  ᠶᠠᠷᠢᠯᠴᠠᠭᠠᠨ ᠤ ᠬᠤᠷᠠᠯ ᠬᠢᠪᠡ
ᠨᠡᠶᠢᠲᠡᠯᠡᠭᠰᠡᠨ ᠴᠠᠭ᠄
2022/9/21
     9 ᠳ᠋ᠤᠭᠡᠷ ᠰᠠᠷ᠎ᠠ ᠶᠢᠨ 20 ᠤ ᠡᠳᠦᠷ ᠠᠦ᠋ᠰᠲᠷᠠᠯᠢᠶ᠎ᠠ ᠵᠢᠶᠠᠩᠰᠤ   ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ ᠤᠨ ᠳᠠᠷᠤᠭ᠎ᠠ ᠴᠧᠨ ᠶᠢᠨ ᠰᠢᠨ ᠨᠠᠷ ᠮᠠᠨ ᠤ ᠰᠢᠶᠠᠨ ᠳᠤ ᠢᠷᠡᠵᠦ᠂ ᠬᠤᠵᠢᠷᠯᠢᠭ ᠭᠠᠵᠠᠷ ᠢ ᠶᠡᠷᠦᠩᠬᠡᠶᠢᠯᠡᠨ ᠵᠠᠰᠠᠬᠤ᠂ ᠪᠠᠭᠠᠰᠤᠨ ᠪᠣᠬᠢᠷᠳᠤᠯ ᠢ ᠶᠡᠷᠦᠩᠬᠡᠶᠢᠯᠡᠨ ᠠᠰᠢᠭᠯᠠᠬᠤ ᠵᠦᠢᠯᠡᠰ ᠤᠨ ᠪᠡᠯᠡ ᠣᠷᠣᠭᠤᠯᠤᠯᠲᠠ  ᠶᠢᠨ ᠪᠠᠶᠢᠳᠠᠯ ᠤᠨ ᠲᠤᠬᠠᠢ ᠶᠠᠷᠢᠯᠴᠠᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠤᠸ ᠵᠧᠩ ᠬᠤᠷᠠᠯ ᠡᠷᠭᠢᠯᠡᠵᠦ᠂ ᠰᠢᠶᠠᠨ ᠤ ᠳᠡᠳ᠋ ᠳᠠᠷᠤᠭ᠎ᠠ ᠰᠢᠶ᠋ᠧ ᠴᠦᠨ ᠯᠦᠩ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃      ᠬᠤᠷᠠᠯ ᠳᠡᠭᠡᠷ᠎ᠡ VRM ᠺᠣᠮᠫᠠᠨᠢ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠪᠡᠯᠡ ᠣᠷᠣᠭᠤᠯᠬᠤ ᠪᠠᠷ ᠪᠠᠶᠢᠭ᠎ᠠ ᠵᠦᠢᠯᠡᠰ ᠤᠨ ᠪᠠᠶᠢᠳᠠᠯ ᠢ ᠲᠠᠨᠢᠯᠴᠠᠭᠤᠯᠤᠭᠰᠠᠨ ᠪᠥᠭᠡᠳ ᠲᠣᠭᠲᠠᠬᠤ ᠰᠢᠶᠠᠨ ᠤ ᠪᠡᠯᠡ ᠣᠷᠣᠭᠤᠯᠤᠯᠲᠠ ᠶᠢᠨ ᠣᠷᠴᠢᠨ ᠨᠥᠬᠦᠴᠡᠯ ᠳᠠᠪᠠᠭᠤᠯᠢᠭ᠂ ᠲᠥᠷᠥ ᠶᠢᠨ ᠪᠣᠳᠣᠯᠭ᠎ᠠ ᠶᠢᠨ ᠲᠠᠯ᠎ᠠ ᠪᠠᠷ ᠬᠠᠷᠠᠭᠠᠯᠵᠠᠯ ᠦᠵᠡᠭᠦᠯᠵᠦ ᠪᠠᠶᠢᠨ᠎ᠠ᠃ ᠺᠣᠮᠫᠠᠨᠢ ᠠᠴᠠ ᠲᠡᠷᠢᠭᠦᠨ ᠤ ᠮᠡᠷᠭᠡᠵᠢᠯ ᠢ ᠠᠰᠢᠭᠯᠠᠨ᠂ ︽ᠲᠣᠭᠲᠠᠩᠭᠤᠢ ᠢᠰᠬᠡᠯᠲᠡ ᠶᠢᠨ ᠮᠡᠷᠭᠡᠵᠢᠯ︾ ᠳᠤ ᠰᠠᠭᠤᠷᠢᠯᠠᠨ᠂ ᠪᠠᠭᠠᠰᠤᠨ ᠪᠣᠬᠢᠷᠳᠤᠯ᠂ ᠪᠣᠬᠢᠷ ᠤᠰᠤ ᠶᠢ ᠬᠤᠣᠷ  ᠦᠭᠡᠶᠢᠵᠢᠭᠦᠯᠦᠨ ᠪᠦᠲᠦᠮᠵᠢᠲᠡᠶ ᠰᠢᠢᠳᠪᠦᠷᠢᠯᠡᠵᠦ᠂ ᠬᠥᠷᠥᠰᠥ ᠰᠢᠷᠣᠢ ᠶᠢ ᠰᠠᠶᠢᠵᠢᠷᠠᠭᠤᠯᠬᠤ᠂ ᠣᠷᠴᠢᠨ ᠠᠬᠤᠢ ᠶᠢ ᠵᠠᠰᠠᠬᠤ ᠵᠡᠷᠭᠡ ᠵᠦᠢᠯᠡᠰ ᠲᠤ ᠳᠠᠬᠢᠨ ᠰᠢᠨ᠎ᠡ ᠪᠠᠷ ᠣᠷᠣᠭᠤᠯᠤᠨ᠂ ᠲᠤᠭᠳᠠᠬᠤ ᠰᠢᠶᠠᠨ ᠢ ᠬᠠᠪᠰᠤᠷᠤᠨ ᠳᠠᠷᠢᠵᠤ ᠲᠡᠵᠢᠭᠡᠬᠦ ᠶᠢ ᠤᠶᠠᠯᠳᠤᠭᠤᠯᠵᠤ᠂ ᠣᠷᠴᠢᠯ ᠠᠵᠤ ᠠᠬᠤᠢ ᠶᠢ ᠪᠣᠶ ᠪᠣᠯᠭᠠᠵᠤ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠪᠠᠭᠠᠰᠬᠠᠨ᠂ ᠪᠣᠬᠢᠷᠳᠤᠯ ᠦᠭᠡᠢ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠤᠨ᠎ᠠ ᠭᠡᠵᠦ ᠢᠯᠡᠷᠬᠡᠶᠢᠯᠡᠵᠡᠢ᠃      ᠭᠤᠸ ᠵᠧᠩ ᠬᠡᠯᠡᠬᠦ ᠳᠡᠭᠡᠨ᠂ ᠲᠣᠭᠲᠠᠬᠤ ᠰᠢᠶᠠᠨ ᠤ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠠᠵᠤ ᠦᠢᠯᠡᠰ ᠥᠷᠨᠢᠩᠭᠦᠢ ᠬᠥᠭᠵᠢᠵᠦ᠂ ᠪᠠᠭᠠᠰᠤᠨ ᠪᠣᠬᠢᠷᠳᠤᠯ ᠢ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠤᠨ ᠳᠠᠯᠳᠠ ᠬᠦᠴᠦᠨ ᠯᠤᠲᠤ ᠶᠡᠭᠡ ᠪᠠᠶᠢᠵᠤ᠂ ᠣᠷᠴᠢᠨ ᠠᠬᠤᠢ ᠶᠢᠨ ᠪᠣᠬᠢᠷᠳᠤᠯ ᠢ ᠪᠠᠭᠠᠰᠬᠠᠬᠤ᠂ ᠮᠠᠯᠵᠢᠯ ᠤᠨ ᠲᠠᠯᠠᠪᠠᠶ ᠶᠢᠨ ᠪᠣᠬᠢᠷᠳᠤᠯ ᠢ ᠭᠠᠳᠠᠭᠰᠢᠯᠠᠭᠤᠯᠬᠤ ᠦᠭᠡᠢ ᠪᠠᠶᠢᠬᠤ ᠶᠢ ᠪᠡᠶᠡᠯᠡᠭᠦᠯᠬᠦ᠂ ᠡᠷᠬᠢᠨ ᠲᠣᠭᠤᠷᠢᠨ ᠤ ᠬᠤᠵᠢᠷᠯᠢᠭ ᠭᠠᠵᠠᠷ ᠢ ᠰᠠᠶᠢᠵᠢᠷᠠᠭᠤᠯᠬᠤ᠂ ᠠᠮᠢ ᠠᠬᠤᠢ ᠶᠢᠨ ᠲᠠᠷᠢᠶᠠᠯᠠᠩ ᠢ ᠬᠥᠭᠵᠢᠭᠦᠯᠬᠦ᠂ ᠮᠠᠯᠵᠢᠯ ᠤᠨ ᠲᠠᠯᠠᠪᠠᠶ ᠶᠢᠨ ᠦᠷᠭᠦᠯᠵᠢᠯᠡᠬᠦ ᠬᠥᠭᠵᠢᠯᠲᠡ ᠶᠢ ᠠᠬᠢᠭᠤᠯᠬᠤ᠂ ᠮᠠᠨ ᠤ ᠰᠢᠶᠠᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ ᠭᠡᠵᠡᠢ᠃ ᠬᠤᠶᠠᠷ ᠲᠠᠯ᠎ᠠ ᠪᠠᠷ ᠢᠶᠠᠨ ᠲᠤᠰ ᠤᠳᠠᠭ᠎ᠠ ᠶᠢᠨ ᠶᠠᠷᠢᠯᠴᠠᠬᠤ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠬᠠᠮᠲᠤᠷᠠᠯᠴᠠᠭ᠎ᠠ ᠪᠠᠨ ᠤᠯᠠᠮ ᠴᠢᠨᠠᠭᠰᠢᠳᠠ ᠭᠦᠨᠵᠡᠭᠡᠶᠢᠷᠡᠭᠦᠯᠵᠦ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠵᠦ᠂ ᠬᠥᠭᠵᠢᠯᠲᠡ ᠶᠢ ᠬᠠᠮᠲᠤᠪᠠᠷ ᠡᠷᠢᠯᠬᠢᠯᠡᠵᠦ᠂ ᠲᠦᠷᠦᠯ ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠲᠣᠭᠲᠠᠬᠤ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠳᠤ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1