ᠰᠢᠶᠠᠨ ᠤ ᠠᠷᠠᠳ ᠤᠨ ᠵᠠᠰᠠᠭ ᠤᠨ ᠣᠷᠳᠣᠨ ᠤ 2022 ᠣᠨ ᠤ 18 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/9/21
     9 ᠳ᠋ᠤᠭᠡᠷ ᠰᠠᠷ᠎ᠠ ᠶᠢᠨ 20 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠤᠸ ᠵᠧᠩ ᠰᠢᠶᠠᠨ ᠤ ᠠᠷᠠᠳ ᠤᠨ ᠵᠠᠰᠠᠭ ᠤᠨ ᠣᠷᠳᠣᠨ ᠤ 2022 ᠣᠨ ᠤ 18 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ︽ᠲᠣᠭᠲᠠᠬᠤ ᠰᠢᠶᠠᠨ ᠤ ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠮᠡᠳᠡᠭᠦᠯᠦᠯᠲᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠴᠡᠭᠴᠡᠯᠡᠨ ᠰᠠᠶᠢᠵᠢᠷᠠᠭᠤᠯᠬᠤ ᠲᠥᠰᠥᠯ ︵ᠶᠠᠷᠢᠯᠴᠠᠬᠤ ᠨᠣᠣᠷᠠᠭ︶︾᠂ ︽ᠲᠣᠭᠲᠠᠬᠤ ᠰᠢᠶᠠᠨ ᠤ ᠰᠠᠭᠤᠷᠢ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠥᠯ︾ ︵2022 ︱ 2025 ᠣᠨ︶ ︵ᠬᠦᠷᠭᠡᠨ ᠬᠢᠨᠠᠭᠤᠯᠬᠤ ᠨᠣᠣᠷᠠᠭ︶︶ ᠢ ᠬᠢᠨᠠᠨ ᠵᠥᠪᠯᠡᠵᠦ ᠪᠠᠲᠤᠯᠠᠪᠠ᠃ ᠲᠠᠷᠢᠶᠠᠨ ᠭᠠᠵᠠᠷ ᠤᠨ ᠨᠥᠭᠡᠴᠡ ᠶᠢᠨ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠤᠴᠢᠷ ᠶᠠᠪᠤᠳᠠᠯ᠂ ︽ᠳᠠᠭᠠᠳᠬᠠᠯ ᠤᠨ ᠮᠥᠩᠭᠦ ᠶᠢᠨ ᠵᠢᠭᠡᠯᠡᠯᠭᠡ︾ ᠶᠢ ᠦᠷᠭᠦᠯᠵᠢᠯᠡᠭᠦᠯᠬᠦ ᠬᠠᠮᠲᠤᠷᠠᠯᠴᠠᠭᠠᠨ ᠤ ᠵᠥᠪᠯᠡᠯᠴᠡᠭᠡᠷ ᠤᠨ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠤᠨ ᠶᠠᠷᠢᠯᠴᠠᠪᠠ᠃      ᠬᠤᠷᠠᠯ ᠠᠴᠠ᠂ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠪᠠᠶᠢᠳᠠᠯ ᠢ ᠲᠣᠳᠣᠷᠬᠠᠢ ᠲᠠᠨᠢᠵᠤ᠂ ᠲᠦᠷᠭᠡᠨ ᠠᠵᠢᠯᠯᠠᠬᠤ ᠶᠢ ᠴᠢᠩᠭ᠎ᠠ ᠠᠳᠬᠤᠵᠤ᠂ ᠲᠤᠰ ᠤᠳᠠᠭ᠎ᠠ ᠶᠢᠨ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠪᠠᠷ ᠠᠵᠠ ᠲᠣᠬᠢᠶᠠᠯ ᠪᠣᠯᠭᠠᠵᠤ᠂ ᠴᠡᠭᠴᠡᠯᠡᠨ ᠰᠠᠶᠢᠵᠢᠷᠠᠭᠤᠯᠬᠤ ᠴᠠᠭ ᠬᠤᠭᠤᠴᠠᠭ᠎ᠠ ᠶᠢ ᠴᠢᠩᠭ᠎ᠠ ᠵᠢᠷᠤᠮᠯᠠᠨ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠦᠩᠭᠡᠨ ᠲᠠᠯ᠎ᠠ ᠠᠴᠠ ᠴᠡᠭᠴᠡᠯᠡᠨ ᠰᠠᠶᠢᠵᠢᠷᠠᠭᠤᠯᠬᠤ᠂ ᠬᠠᠰᠢ ᠶᠠᠰᠢ ᠪᠠᠷ ᠴᠡᠭᠴᠡᠯᠡᠨ ᠰᠠᠶᠢᠵᠢᠷᠠᠭᠤᠯᠬᠤ᠂ ᠬᠤᠳᠠᠯ ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠬᠤ ᠶᠢ ᠡᠷᠡᠰ ᠬᠤᠷᠢᠭᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠡᠪᠦᠯ ᠤᠨ ᠤᠯᠠᠷᠢᠯ ᠤᠨ ᠳᠤᠯᠠᠭᠠᠯᠠᠭ᠎ᠠ ᠲᠦᠭ ᠲᠦᠮᠡᠨ ᠠᠶᠢᠯ ᠡᠷᠦᠬᠡ ᠳᠤ ᠬᠤᠯᠪᠣᠭᠳᠠᠵᠤ᠂ ᠤᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠵᠤ᠂ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠬᠤ ᠪᠥᠭᠡᠳ ᠪᠠᠰᠠ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠣᠨ᠎ᠠ᠃ ᠡᠯ᠎ᠡ ᠬᠤᠯᠪᠣᠭᠳᠠᠯ ᠪᠦᠬᠦᠢ ᠨᠢᠭᠡᠴᠡ ᠶᠢᠨ ᠬᠢᠨ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠤᠯᠠᠨ ᠲᠦᠮᠡᠨ ᠤ ᠬᠠᠯᠠᠭᠤᠨ ᠳᠤᠯᠠᠭᠠᠨ ᠢᠶᠠᠷ ᠡᠪᠦᠯᠵᠢᠬᠦ ᠶᠢ ᠪᠠᠲᠤᠯᠠᠬᠤ ᠶᠠᠪᠤᠳᠠᠯ ᠢ ᠣᠳᠣᠬᠠᠨ ᠤ ᠠᠵᠢᠯ ᠤᠨ ᠢᠶᠠᠨ ᠲᠡᠷᠢᠭᠦᠨ ᠴᠢᠬᠤᠯᠠ ᠶᠠᠪᠤᠳᠠᠯ ᠪᠣᠯᠭᠠᠬᠤ ᠬᠡᠷᠡᠭᠲᠡᠢ᠃ ᠢᠯᠴᠢ ᠬᠠᠩᠭᠠᠬᠤ ᠠᠵᠤ ᠠᠬᠤᠶᠢᠯᠠᠯ ᠳᠤ ᠠᠶᠦᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠬᠢᠵᠦ᠂ ᠢᠯᠴᠢ ᠬᠠᠩᠭᠠᠬᠤ ᠴᠢᠳᠠᠪᠤᠷᠢ᠂ ᠲᠦᠯᠡᠰᠢ ᠨᠥᠭᠡᠴᠡᠯᠡᠬᠦ᠂ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠪᠠᠶᠢᠳᠠᠯ ᠵᠢᠴᠢ ᠢᠯᠴᠢ ᠬᠠᠩᠭᠠᠬᠤ ᠬᠤᠭᠤᠯᠠᠢ ᠶᠢᠨ ᠲᠣᠣᠷ᠂ ᠪᠡᠯᠡᠳᠬᠡᠮᠵᠢ ᠲᠥᠬᠦᠭᠡᠷᠦᠮᠵᠢ ᠶᠢᠨ ᠠᠵᠢᠯᠯᠠᠭᠠᠨ ᠵᠡᠷᠭᠡ ᠦᠨᠳᠦᠰᠦᠨ ᠪᠠᠶᠢᠳᠠᠯ ᠢ ᠣᠶᠢᠯᠠᠭᠠᠨ ᠪᠠᠶᠢᠴᠠᠭᠠᠵᠤ᠂ ᠪᠦᠬᠦᠨ ᠢ ᠴᠡᠭᠴᠡᠯᠡᠨ ᠰᠠᠶᠢᠵᠢᠷᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ︔ ᠳᠤᠯᠠᠭᠠᠯᠭ᠎ᠠ ᠶᠢᠨ ᠠᠵᠤ ᠠᠬᠤᠶᠢᠯᠠᠯ ᠤᠳ ᠢ ᠵᠣᠬᠢᠴᠠᠭᠤᠯᠤᠨ ︽ᠠᠷᠠᠳ ᠢ ᠰᠤᠷᠪᠤᠯᠵᠢᠯᠠᠵᠤ ᠳᠤᠯᠠᠭᠠᠯᠭ᠎ᠠ ᠶᠢ ᠠᠰᠠᠭᠤᠬᠤ︾ ᠠᠵᠢᠯᠯᠠᠭ᠎ᠠ ᠥᠷᠨᠢᠭᠦᠯᠵᠦ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠠᠨᠠᠭᠠᠴᠢᠯᠠᠭ᠎ᠠ   ᠠᠴᠠ ᠪᠠᠨ ᠣᠶᠢᠯᠠᠭᠠᠵᠤ᠂ ᠳᠤᠯᠠᠭᠠᠯᠭ᠎ᠠ ᠶᠢᠨ ᠦᠢᠯᠡᠴᠢᠯᠡᠭᠡᠨ ᠤ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠡᠯ᠎ᠡ ᠬᠠᠮᠢᠶ᠎ᠠ ᠪᠦᠬᠦᠢ ᠨᠢᠭᠡᠴᠡ ᠨᠦᠭᠦᠳ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠨ᠂ ᠢᠯᠴᠢ ᠬᠠᠩᠭᠠᠬᠤ ᠠᠵᠢᠯ ᠤᠨ ᠠᠮᠤᠷ ᠲᠦᠪᠰᠢᠨ᠂ ᠲᠣᠭᠲᠠᠭᠤᠨ᠂ ᠡᠮᠬᠢ ᠵᠢᠷᠤᠮ ᠲᠠᠢ ᠥᠷᠨᠢᠬᠦ ᠶᠢ ᠦᠨᠡᠨᠬᠦ ᠪᠠᠲᠤᠯᠠᠵᠤ᠂ ᠠᠷᠠᠳ ᠣᠯᠠᠨ ᠤ ᠳᠤᠯᠠᠭᠠᠨ ᠪᠦᠯᠢᠶᠡᠨ ᠡᠪᠦᠯᠵᠢᠬᠦ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠨᠢᠭᠡᠴᠡ ᠨᠦᠭᠦᠳ ᠲᠠᠷᠢᠶᠠᠨ ᠭᠠᠵᠠᠷ ᠤᠨ ᠨᠥᠭᠡᠴᠡ ᠶᠢᠨ ᠬᠥᠮᠥᠷᠭᠡ ᠶᠢ ᠪᠦᠲᠦᠭᠡᠨ ᠪᠠᠶᠢᠭᠤᠯᠬᠤ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠰᠦᠨ ᠱᠣᠸ ᠴᠧᠩ ᠱᠦᠵᠢ ᠶᠢᠨ ︽ᠭᠠᠵᠠᠷ ᠰᠢᠷᠣᠢ ᠶᠢᠨ ᠡᠵᠡᠩᠨᠡᠯᠲᠡ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ ᠂ ᠭᠠᠵᠠᠷ ᠰᠢᠷᠣᠢ ᠶᠢᠨ ᠶᠡᠷᠦᠩᠬᠡᠶᠢᠯᠡᠭᠰᠡᠨ ᠦᠷ᠎ᠡ ᠠᠰᠢᠭ ᠢ ᠳᠡᠭᠡᠭᠰᠢᠯᠡᠭᠦᠯᠬᠦ︾ ᠲᠤᠬᠠᠢ ᠶᠠᠷᠢᠶᠠᠨ ᠤ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠤᠨ ᠨᠥᠭᠡᠴᠡ ᠶᠢᠨ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠤᠴᠢᠷ ᠶᠠᠪᠤᠳᠠᠯ‌ᠢ ᠬᠢᠨᠠᠮᠠᠭᠠᠢ ᠨᠠᠶᠢᠳᠠᠪᠤᠷᠢᠵᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠤᠨ ᠶᠠᠷᠢᠯᠴᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1