ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 71 ᠳ᠋ᠤᠭᠡᠷ ᠬᠤᠷᠠᠯᠳᠤᠭᠠᠨ ᠵᠢᠴᠢ ᠰᠢᠶᠠᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ ᠤᠨ 2022 ᠣᠨ ᠤ 45 ᠳ᠋ᠤᠭᠠᠷ ᠬᠤᠷᠠᠯᠳᠤᠭᠠᠨ᠂ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠤᠭᠤᠳᠬᠤ ᠭᠠᠵᠠᠷ ᠤᠨ 2022 ᠣᠨ ᠤ 52 ᠳ᠋ᠤᠭᠠᠷ ᠬᠤᠷᠠᠯᠳᠤᠭᠠᠨ ᠬᠤᠷᠠᠯᠳᠤᠪᠠ
ᠨᠡᠶᠢᠲᠡᠯᠡᠭᠰᠡᠨ ᠴᠠᠭ᠄
2022/9/21
     9 ᠳ᠋ᠤᠭᠡᠷ ᠰᠠᠷ᠎ᠠ ᠶᠢᠨ 20 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ‌‍ᠤ ᠳᠠᠷᠤᠭ᠎ᠠ ᠭᠤᠸ ᠵᠧᠩ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 71 ᠳ᠋ᠤᠭᠡᠷ ᠤᠳᠠᠭᠠᠨ ᠤ ᠬᠤᠷᠠᠯ ᠵᠢᠴᠢ ᠰᠢᠶᠠᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ‌ᠢ ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ ᠤᠨ 2022 ᠣᠨ ᠤ 45 ᠳ᠋ᠤᠭᠠᠷ ᠤᠳᠠᠭᠠᠨ ᠤ ᠬᠤᠷᠠᠯ᠂ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠤᠭᠤᠳᠬᠤ ᠭᠠᠵᠠᠷ ᠤᠨ 2022 ᠣᠨ ᠤ 52 ᠳ᠋ᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ 9 ᠳ᠋ᠤᠭᠡᠷ ᠰᠠᠷ᠎ᠠ ᠶᠢᠨ 9  ᠤ ᠡᠳᠦᠷ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠳᠡᠭᠡᠷᠡᠬᠢ ᠴᠢᠬᠤᠯᠠ ᠶᠠᠷᠢᠶᠠᠨ‌‍ᠤ ᠵᠣᠷᠢᠭ ᠰᠠᠨᠠᠭ᠎ᠠ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠳᠦᠷᠢᠮ︾ ᠢ ᠤᠯᠠᠮᠵᠢᠯᠠᠨ ᠰᠤᠷᠤᠯᠴᠠᠵᠤ᠂ ︽ᠬᠥᠬᠡᠬᠤᠲᠠ ᠶᠢᠨ 2022 ᠣᠨ ᠤ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭ᠎ᠠ ᠵᠢᠴᠢ ᠡᠮᠦᠨ᠎ᠡ ᠬᠤᠶᠢᠨᠠᠬᠢ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠨᠠᠶᠢᠳᠠᠪᠤᠷᠢᠵᠢᠭᠤᠯᠬᠤ ᠲᠥᠰᠥᠯ︾ ᠢ ᠤᠯᠠᠮᠵᠢᠯᠠᠪᠠ︔ ᠮᠠᠨ ᠤ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠶᠤᠯᠭᠦᠢ ᠦᠢᠯᠡᠳᠪᠦᠷᠢᠯᠡᠯ᠂ ᠰᠦᠯᠵᠢᠶᠡᠨ ᠤ ᠠᠮᠤᠷ ᠲᠦᠪᠰᠢᠨ ᠤ ᠠᠵᠢᠯ ᠤᠨ ᠪᠠᠶᠢᠳᠠᠯ ᠵᠢᠴᠢ ︽ᠲᠠᠪᠤᠨ ᠦᠨᠳᠦᠰᠦᠨ ᠠᠵᠢᠯᠯᠠᠭ᠎ᠠ︾ ᠶᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃ ᠬᠤᠷᠠᠯ ᠠᠴᠠ ᠪᠠᠰᠠ ︽ᠲᠣᠭᠲᠠᠬᠤ ᠰᠢᠶᠠᠨ ᠤ ᠬᠤᠶᠠᠳᠤᠭᠠᠷ ᠡᠭᠡᠯᠵᠢ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠮᠡᠳᠡᠭᠦᠯᠦᠯᠲᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠴᠡᠭᠴᠡᠯᠡᠨ ᠰᠠᠶᠢᠵᠢᠷᠠᠭᠤᠯᠬᠤ ᠲᠥᠰᠥᠯ ︵ᠶᠠᠷᠢᠯᠴᠠᠬᠤ ᠨᠣᠣᠷᠠᠭ︶︾ ᠢ ᠰᠤᠳᠤᠯᠤᠨ ᠶᠠᠷᠢᠯᠴᠠᠪᠠ᠃      ᠬᠤᠷᠠᠯ ᠠᠴᠠ᠂ ᠪᠦᠬᠦ ᠰᠢᠶᠠᠨ ᠤ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠤᠷᠳᠤ ᠬᠤᠭᠤᠴᠠᠭ᠎ᠠ ᠪᠠᠷ ᠨᠠᠶᠢᠳᠠᠪᠤᠷᠢᠵᠢᠭᠤᠯᠵᠤ᠂ ᠴᠢᠬᠤᠯᠠ ᠵᠠᠩᠭᠢᠯᠠᠭ᠎ᠠ ᠶᠢᠨ ᠴᠡᠭ᠂ ᠪᠠᠭᠤᠷᠠᠢ ᠭᠤᠭᠴᠤᠭ᠎ᠠ ᠶᠢ ᠴᠢᠩᠭ᠎ᠠ ᠠᠩᠬᠠᠷᠴᠤ᠂ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠶᠢ ᠦᠷᠭᠦᠯᠵᠢᠯᠡᠨ ᠴᠢᠩᠭᠠᠳᠬᠠᠵᠤ᠂ ᠠᠵᠢᠯ ᠤᠨ ᠰᠤᠷᠲᠠᠯ ᠢᠶᠠᠨ ᠲᠠᠰᠤᠷᠠᠯᠳᠡ ᠦᠭᠡᠢ ᠰᠠᠶᠢᠵᠢᠷᠠᠭᠤᠯᠬᠤ ᠬᠡᠷᠡᠭᠲᠡᠢ᠃ ᠤᠳᠤᠷᠢᠳᠬᠤ ᠺᠠᠳ᠋ᠷᠴᠤᠳ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠪᠠᠨ ᠴᠢᠩᠭ᠎ᠠ ᠠᠩᠬᠠᠷᠴᠤ᠂ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠦᠨ ᠰᠢᠢᠳᠪᠦᠷᠢᠯᠡᠵᠦ᠂ ᠠᠵᠢᠯ ᠲᠦᠷᠦᠯ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠠᠵᠤ ᠠᠬᠤᠢ ᠶᠢᠨ ᠠᠵᠢᠯᠯᠠᠭᠠᠨ ᠢ ᠲᠣᠬᠢᠷᠠᠭᠤᠯᠬᠤ ᠪᠠ ᠵᠠᠳᠠᠯᠤᠨ ᠰᠤᠳᠤᠯᠵᠤ ᠮᠠᠭᠠᠳᠯᠠᠬᠤ ᠪᠠᠨ ᠴᠢᠩᠭᠠᠳᠬᠠᠵᠤ᠂ ᠡᠯ᠎ᠡ ᠵᠦᠢᠯ ᠤᠨ ᠭᠦᠢᠴᠡᠳᠬᠡᠬᠦ ᠲᠤᠭ᠎ᠠ ᠶᠢ ᠵᠢᠯ ᠤᠨ ᠡᠬᠢᠨ ᠤ ᠵᠢᠱᠢᠯᠲᠡ ᠠᠴᠠ ᠳᠠᠪᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ 2023 ᠣᠨ ᠤ ᠭᠤᠣᠯᠳᠠᠯᠭ᠎ᠠ ᠲᠠᠢ ᠠᠵᠢᠯ ᠢ ᠱᠠᠯᠠᠪᠳᠠᠨ ᠲᠥᠯᠥᠪᠵᠢᠭᠦᠯᠵᠦ᠂ ᠵᠢᠱᠢᠭᠰᠡᠨ ᠬᠠᠷᠠᠯᠲᠠ᠂ ᠭᠤᠣᠯᠳᠠᠯᠭ᠎ᠠ ᠲᠠᠢ ᠠᠵᠢᠯ ᠪᠣᠯᠣᠨ ᠴᠢᠬᠤᠯᠠ ᠶᠡᠭᠡ ᠲᠦᠷᠦᠯ ᠵᠦᠢᠯ ᠢ ᠡᠮᠬᠢᠯᠡᠵᠦ᠂ ᠰᠢᠨᠵᠢᠯᠡᠬᠦ ᠤᠬᠠᠭᠠᠨᠴᠢ ᠪᠠᠷ ᠠᠷᠭ᠎ᠠ ᠬᠡᠮᠵᠢᠶ᠎ᠡ ᠠᠪᠴᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ ᠠᠵᠢᠯ ᠢ ᠬᠡᠷᠡᠭᠵᠢᠭᠦᠯᠵᠦ ᠪᠣᠯᠬᠤ᠂ ᠦᠷ᠎ᠡ ᠪᠦᠲᠦᠮᠵᠢ ᠶᠢ ᠦᠨᠡᠨ ᠪᠣᠳᠠᠲᠠᠢ ᠪᠠᠶᠢᠯᠭᠠᠬᠤ ᠶᠢ ᠪᠠᠲᠤᠯᠠᠬᠤ ᠬᠡᠷᠡᠭᠲᠡᠢ᠃ ᠰᠠᠭᠠᠯᠢ ᠶᠢᠨ ᠦᠨᠢᠶ᠎ᠡ ᠶᠢᠨ ᠮᠠᠯᠵᠢᠯ ᠤᠨ ᠰᠠᠯᠠᠭ᠎ᠠ ᠮᠥᠴᠢᠷ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ ᠤ ︽ᠰᠠᠭᠠᠯᠢ ᠶᠢᠨ ᠶᠢᠰᠦᠨ ᠵᠤᠷᠪᠤᠰ︾ ᠤᠨ ᠲᠥᠷᠥ ᠶᠢᠨ ᠪᠣᠳᠣᠯᠭ᠎ᠠ ᠶᠢ ᠬᠢᠨᠠᠮᠠᠭᠠᠢ ᠰᠤᠳᠤᠯᠤᠨ᠂ ᠲᠥᠷᠥ ᠶᠢᠨ ᠪᠣᠳᠣᠯᠭ᠎ᠠ ᠪᠣᠯᠣᠨ ᠪᠡᠯᠡ ᠮᠥᠩᠭᠦ ᠶᠢᠨ ᠳᠡᠮᠵᠢᠯᠭᠡ ᠶᠢ ᠢᠳᠡᠪᠬᠢᠯᠡᠨ ᠣᠯᠵᠤ᠂ ᠬᠡᠪᠴᠢᠶᠡᠵᠢᠭᠦᠯᠦᠭᠰᠡᠨ ᠰᠠᠭᠠᠯᠢ ᠶᠢᠨ ᠦᠨᠢᠶ᠎ᠡ ᠶᠢᠨ ᠮᠠᠯᠵᠢᠯ ᠤᠨ ᠲᠠᠯᠠᠪᠠᠢ ᠶᠢᠨ ᠲᠥᠷᠥᠯ ᠵᠦᠢᠯ ᠤᠨ ᠰᠠᠭᠤᠷᠢ ᠪᠡᠯᠡᠳᠬᠡᠮᠵᠢ ᠪᠣᠯᠣᠨ ᠢᠵᠢ ᠪᠦᠷᠢᠳᠦᠭᠦᠯᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠭᠠᠵᠠᠷ ᠰᠢᠷᠣᠢ ᠶᠢᠨ ᠡᠷᠭᠢᠯᠲᠡ ᠶᠢ ᠤᠷᠢᠳᠴᠢᠯᠠᠨ ᠲᠦᠷᠭᠡᠳᠬᠡᠵᠦ᠂ ᠲᠣᠮᠣ ᠮᠠᠯᠵᠢᠯ ᠤᠨ ᠲᠠᠯᠠᠪᠠᠢ‌‍ᠶᠢ ᠪᠦᠲᠦᠭᠡᠨ ᠪᠠᠶᠢᠭᠤᠯᠬᠤ᢭ ᠲᠤ ᠢᠵᠢ ᠪᠦᠷᠢᠳᠦᠭᠦᠯᠬᠦ ᠲᠡᠵᠢᠭᠡᠯ ᠡᠪᠡᠰᠦ ᠲᠠᠷᠢᠬᠤ ᠶᠢ ᠲᠥᠯᠥᠪᠵᠢᠭᠦᠯᠦᠨ ᠲᠥᠯᠥᠪᠯᠡᠵᠦ᠂ ᠪᠦᠲᠦᠭᠡᠨ ᠪᠠᠶᠢᠭᠤᠯᠬᠤ ᠡᠭᠦᠷᠭᠡ ᠪᠠᠨ ᠲᠥᠯᠥᠪᠯᠡᠭᠡ ᠶᠣᠰᠣᠭᠠᠷ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠪᠥᠬᠦ ᠰᠢᠶᠠᠨ ᠤ ᠳᠡᠭᠡᠳᠦ ᠳᠣᠣᠷᠠᠳᠤ ᠱᠠᠲᠤᠨ ᠤ ᠬᠢᠨ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠦᠨᠳᠦ ᠬᠡᠴᠡᠭᠦᠦ ᠪᠠᠶᠢᠳᠠᠯ ᠢ ᠤᠯᠠᠮ ᠨᠢᠭᠡ ᠠᠯᠬᠤᠮ ᠲᠣᠳᠣᠷᠬᠠᠢ ᠲᠠᠨᠢᠵᠤ᠂ ᠰᠤᠯᠠᠷᠠᠬᠤ ᠰᠡᠳᠬᠢᠯᠭᠡ ᠪᠠ ᠬᠤᠶᠢᠷᠭᠤᠰᠢᠬᠤ ᠰᠡᠳᠬᠢᠯᠭᠡ ᠶᠢ ᠡᠷᠡᠰ ᠲᠡᠪᠴᠢᠵᠦ᠂ ᠮᠢᠨᠴᠦᠭᠦᠷᠡᠬᠦ ᠦᠵᠡᠯ ᠰᠠᠨᠠᠭ᠎ᠠ ᠪᠠ ᠠᠵᠠ ᠵᠠᠪᠰᠢᠶᠠᠨ ᠢ ᠡᠷᠢᠬᠦ ᠰᠡᠳᠬᠢᠴᠡ ᠶᠢ ᠲᠠᠰᠤ ᠵᠣᠭᠰᠣᠭᠠᠵᠤ᠂ ᠬᠢᠯᠪᠠᠷ ᠪᠤᠰᠤ ᠪᠠᠷ ᠣᠯᠣᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠪᠥᠬᠦ ᠰᠢᠶᠠᠨ ᠤ ᠠᠷᠠᠳ ᠲᠦᠮᠡᠨ ᠳᠤ ᠠᠮᠤᠷ ᠲᠦᠪᠰᠢᠨ ᠪᠥᠭᠡᠳ ᠲᠣᠭᠲᠠᠭᠤᠨ ᠦᠢᠯᠡᠳᠪᠦᠷᠢᠯᠡᠯ ᠠᠮᠢᠳᠤᠷᠠᠯ ᠤᠨ ᠣᠷᠴᠢᠨ ᠨᠥᠬᠦᠴᠡᠯ ᠢ ᠴᠢᠷᠮᠠᠶᠢᠨ ᠪᠣᠶ ᠪᠣᠯᠭᠠᠵᠤ ᠥᠭᠬᠦ ᠬᠡᠷᠡᠭᠲᠡᠢ ᠭᠡᠵᠡᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1