ᠰᠢᠶᠠᠨ ᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠠᠷᠪᠠᠨ ᠳᠥᠷᠪᠡᠳᠦᠭᠡᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/9/22
       9 ᠳ᠋ᠤᠭᠡᠷ ᠰᠠᠷ᠎ᠠ ᠶᠢᠨ 20 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠠᠷᠪᠠᠨ ᠳᠥᠷᠪᠡᠳᠦᠭᠡᠷ ᠬᠤᠷᠠᠯ ᠬᠤᠷᠠᠯᠳᠤᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠤᠸ ᠵᠧᠩ ᠬᠤᠷᠠᠯ ᠡᠷᠭᠢᠯᠡᠪᠡ᠃       ᠬᠤᠷᠠᠯ ᠠᠴᠠ᠂ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠬᠤᠷᠢᠨ ᠳᠣᠯᠣᠳᠤᠭᠠᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ᠂᠂ 9 ᠳ᠋ᠤᠭᠡᠷ ᠰᠠᠷ᠎ᠠ ᠶᠢᠨ 5  ᠤ ᠡᠳᠦᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ ᠪᠦᠬᠦ ᠰᠢᠶᠠᠨ ᠤ ᠠᠵᠤ ᠠᠬᠤᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠰᠢᠬᠢ ᠪᠦᠬᠦ ᠰᠢᠶᠠᠨ ᠤ ᠰᠤᠷᠭᠠᠨ ᠬᠥᠮᠦᠵᠢᠯ ᠤᠨ ᠬᠦᠷᠢᠶᠡᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃      ᠬᠤᠷᠠᠯ ᠠᠴᠠ᠂ ᠡᠬᠢ ᠪᠠᠶᠠᠯᠢᠭ ᠢ ᠠᠷᠪᠢᠯᠠᠬᠤ ᠶᠢ ᠴᠢᠩᠭᠠᠳᠬᠠᠵᠤ᠂ ᠡᠨᠧᠷᠭᠢ ᠬᠡᠷᠡᠭᠯᠡᠬᠦ᠂ ᠤᠰᠤ ᠬᠡᠷᠡᠭᠯᠡᠬᠦ᠂ ᠭᠠᠵᠠᠷ ᠬᠡᠷᠡᠭᠯᠡᠬᠦ ᠶᠢ ᠴᠢᠩᠭ᠎ᠠ ᠬᠠᠮᠢᠶᠠᠷᠴᠤ᠂ ᠰᠤᠯᠠ ᠪᠠᠶᠢᠬᠤ ᠭᠠᠵᠠᠷ ᠰᠢᠷᠣᠢ ᠶᠢᠨ ᠰᠠᠭᠤᠷᠢ ᠲᠤᠭ᠎ᠠ‌‍ᠶᠢ ᠪᠦᠬᠦ ᠲᠠᠯ᠎ᠠ ᠪᠠᠷ ᠣᠶᠢᠯᠠᠭᠠᠵᠤ᠂ ︽ᠵᠥᠪᠰᠢᠶᠡᠷᠡᠭᠰᠡᠨ ᠪᠣᠯᠪᠠᠴᠤ ᠬᠠᠩᠭᠠᠭᠰᠠᠨ ᠦᠭᠡᠢ᠂ ᠬᠠᠩᠭᠠᠭᠰᠠᠨ ᠪᠣᠯᠪᠠᠴᠤ ᠬᠡᠷᠡᠭᠯᠡᠭᠰᠡᠨ ᠦᠭᠡᠢ︾ ᠰᠢᠢᠳᠪᠦᠷᠢᠯᠡᠬᠦ ᠡᠷᠴᠢᠮ ᠢ ᠴᠢᠩᠭᠠᠷᠠᠭᠤᠯᠵᠤ᠂ ᠭᠠᠵᠠᠷ ᠰᠢᠷᠣᠢ ᠶᠢ ᠠᠷᠪᠢᠯᠠᠨ ᠡᠷᠴᠢᠮᠵᠢᠭᠦᠯᠬᠦ ᠲᠦᠪᠰᠢᠨ ᠢ ᠳᠡᠭᠡᠭᠰᠢᠯᠡᠭᠦᠯᠵᠦ᠂ ᠡᠬᠢ ᠪᠠᠶᠠᠯᠢᠭ ᠢ ᠥᠨᠳᠥᠷ ᠪᠦᠲᠦᠮᠵᠢᠲᠡᠢ ᠠᠰᠢᠭᠯᠠᠬᠤ᠂ ᠪᠣᠬᠢᠷᠳᠤᠯ ᠦᠭᠡᠢ ᠦᠢᠯᠡᠳᠪᠦᠷᠢᠯᠡᠯ ᠠᠮᠢᠳᠤᠷᠠᠯ ᠢ ᠠᠬᠢᠭᠤᠯᠬᠤ ᠬᠡᠷᠡᠭᠲᠡᠢ᠃ ᠬᠥᠳᠡᠭᠡ ᠲᠣᠰᠬᠤᠨ ᠤ ᠭᠠᠵᠠᠷ ᠰᠢᠷᠣᠢ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠤ ᠬᠥᠮᠥᠨ ᠠᠮᠠ ᠶᠢᠨ ᠰᠢᠯᠵᠢᠯᠲᠡ ᠶᠢ ᠭᠦᠢᠴᠡᠳ ᠪᠣᠳᠣᠯᠬᠢᠯᠠᠨ᠂ ᠲᠠᠷᠢᠶᠠᠨ ᠭᠠᠵᠠᠷ᠂ ᠣᠷᠣᠨ ᠰᠠᠭᠤᠴᠠ ᠶᠢᠨ ᠭᠠᠵᠠᠷ ᠢ ᠬᠢᠵᠠᠭᠠᠷᠯᠠᠬᠤ ᠶᠢ ᠨᠠᠷᠢᠨ ᠬᠢᠨᠠᠮᠠᠭᠠᠢ ᠵᠢᠭᠰᠠᠭᠠᠨ ᠪᠠᠶᠢᠴᠠᠭᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠵᠤ᠂ ᠭᠠᠵᠠᠷ ᠰᠢᠷᠣᠢ ᠶᠢᠨ ᠶᠡᠷᠦᠩᠬᠡᠶᠢᠯᠡᠭᠰᠡᠨ ᠦᠷ᠎ᠡ ᠠᠰᠢᠭ ᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠬᠤ ᠬᠡᠷᠡᠭᠲᠡᠢ᠃ ᠪᠥᠬᠦ ᠰᠢᠶᠠᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠥᠬᠦ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠶᠡᠭᠡ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠡᠮ ᠡᠮᠨᠡᠯᠭᠡ ᠶᠢᠨ ᠬᠤᠯᠪᠣᠭᠠᠲᠤ ᠴᠣᠭᠴᠠ᠂ ᠡᠮ ᠡᠮᠨᠡᠯᠭᠡ ᠶᠢᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠤᠨ ᠲᠡᠭᠦᠯᠳᠡᠷᠵᠢᠭᠦᠯᠵᠦ᠂ ᠴᠢᠨᠠᠷ ᠰᠠᠶᠢᠲᠠᠢ ᠡᠮ ᠡᠮᠨᠡᠯᠭᠡ ᠶᠢᠨ ᠡᠬᠢ ᠪᠠᠶᠠᠯᠢᠭ ᠢ ᠵᠠᠯᠭᠠᠨ ᠣᠷᠣᠭᠤᠯᠵᠤ᠂ ᠮᠠᠨ ᠤ ᠰᠢᠶᠠᠨ ᠤ ᠬᠤᠲᠠ ᠬᠥᠳᠡᠭᠡ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠪᠦᠬᠦ ᠰᠢᠶᠠᠨ ᠤ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠰᠠᠶᠢᠲᠤᠷ ᠠᠳᠬᠤᠵᠤ᠂ ᠡᠯ᠎ᠡ ᠬᠦᠷᠢᠶᠡᠨ ᠤ ᠥᠭᠡᠷᠡᠴᠢᠯᠡᠯᠲᠡ ᠶᠢᠨ ᠡᠭᠦᠷᠭᠡ ᠶᠢ ᠴᠢᠩᠭ᠎ᠠ ᠠᠩᠬᠠᠷᠴᠤ᠂ ᠪᠣᠳᠠᠲᠤ ᠦᠷ᠎ᠡ ᠪᠦᠲᠦᠮᠵᠢ ᠶᠢ ᠲᠣᠪᠤᠶᠢᠯᠭᠠᠨ᠂ ᠲᠣᠬᠢᠷᠠᠭᠤᠯᠭ᠎ᠠ ᠶᠢ ᠴᠢᠩᠭᠠᠳᠬᠠᠵᠤ᠂ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ᠂ ᠥᠭᠡᠷᠡᠴᠢᠯᠡᠯᠲᠡ ᠶᠢᠨ ᠪᠣᠳᠠᠲᠤ ᠦᠷ᠎ᠡ ᠪᠦᠲᠦᠮᠵᠢ ᠪᠠᠷ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠰᠦᠨ ᠰᠢᠶᠦ᠋ᠨ᠂ ᠲᠦᠮᠡᠨ ᠵᠡᠷᠭᠡ ᠰᠢᠶᠠᠨ ᠤ ᠤᠳᠤᠷᠢᠳᠤᠯᠭ᠎ᠠ᠂ ᠡᠯ᠎ᠡ ᠪᠠᠯᠭᠠᠰᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1