ᠰᠢᠶᠠᠨ ᠤ ᠨᠠᠮ ᠤᠨ ᠬᠤᠷᠢᠶᠠᠨ ᠤ ᠤᠨᠤᠯ ᠤᠨ ᠭᠤᠣᠯ ᠳᠤᠭᠤᠶᠢᠯᠠᠩ ᠤᠨ 2022 ᠣᠨ ᠤ 11 ᠳ᠋ᠤᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/9/22
        9 ᠳ᠋ᠤᠭᠡᠷ ᠰᠠᠷ᠎ᠠ ᠶᠢᠨ 20 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠣᠨᠣᠯ ᠤᠨ ᠭᠤᠣᠯ ᠳᠤᠭᠤᠶᠢᠯᠠᠩ ᠤᠨ 2022 ᠣᠨ ᠤ 11 ᠳ᠋ᠤᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠤᠣ ᠵᠧᠩ ᠬᠠᠮᠲᠤ   ᠶᠢᠨ ᠰᠤᠷᠤᠯᠴᠠᠯᠭ᠎ᠠ   ᠶᠢ ᠡᠷᠭᠢᠯᠡᠬᠦ   ᠶᠢᠨ ᠬᠠᠮᠲᠤ ᠶᠠᠷᠢᠶ᠎ᠠ ᠲᠠᠯᠪᠢᠵᠠᠢ᠃      ᠬᠤᠷᠠᠯ ᠠᠴᠠ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠠᠵᠢᠯ ᠢ ᠢᠯᠡ ᠪᠣᠯᠭᠠᠬᠤ ᠳᠦᠷᠢᠮ ︵ᠲᠤᠷᠰᠢᠨ ᠬᠡᠷᠡᠭᠵᠢᠭᠦᠯᠬᠦ︶︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︿ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠠᠵᠢᠯ ᠢ ᠢᠯᠡ ᠪᠣᠯᠭᠠᠬᠤ ᠳᠦᠷᠢᠮ ︵ᠲᠤᠷᠰᠢᠨ ᠬᠡᠷᠡᠭᠵᠢᠭᠦᠯᠬᠦ︶﹀ ᠢ ᠲᠤᠤᠱᠯᠠᠭᠤᠯᠬᠤ ᠬᠡᠷᠡᠭᠵᠢᠭᠦᠯᠬᠦ ᠨᠠᠷᠢᠨ ᠳᠦᠷᠢᠮ︾᠂ ︽ᠨᠠᠮ‌‍ᠤᠨ ᠠᠵᠢᠯ ᠢ ᠢᠯᠡ ᠪᠣᠯᠭᠠᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠬᠡᠬᠤᠲᠠ ᠶᠢᠨ ᠬᠤᠷᠢᠶ᠎ᠠ ᠶᠢᠨ ᠬᠡᠷᠡᠭᠵᠢᠭᠦᠯᠬᠦ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ︶︾ ᠢ ᠰᠤᠷᠤᠯᠴᠠᠪᠠ︔ ᠶᠡᠷᠦᠩᠬᠡᠢ ᠱᠦᠵᠢ ᠰᠢ ᠶᠢᠨ ᠫᠢᠩ ᠤᠨ ︽ᠦᠨᠡᠨ︾ ᠰᠡᠳᠬᠦᠯ ᠳᠡᠭᠡᠷ᠎ᠡ ᠨᠡᠶᠢᠲᠡᠯᠡᠭᠰᠡᠨ  ︽ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡ ᠶᠢᠨ ᠲᠤᠷᠰᠢᠯᠭ᠎ᠠ ᠶᠢ ᠨᠡᠩ ᠰᠠᠶᠢᠲᠤᠷ ᠡᠵᠡᠮᠰᠢᠨ ᠬᠡᠷᠡᠭᠯᠡᠶ᠎ᠡ︾ ᠭᠡᠬᠦ ᠴᠢᠬᠤᠯᠠ ᠵᠣᠬᠢᠶᠠᠯ ᠢ ᠰᠤᠷᠤᠯᠴᠠᠪᠠ︔ᠰᠢ ᠶᠢᠨ ᠫᠢᠩ ᠶᠡᠷᠦᠩᠬᠡᠢ ᠱᠦᠵᠢ ᠶᠢᠨ ᠮᠤᠵᠢ ᠶᠠᠮᠤᠨ ᠤ ᠲᠡᠰ ᠤᠨ ᠭᠤᠣᠯ ᠤᠳᠤᠷᠢᠳᠬᠤ ᠺᠠᠳ᠋ᠷ ᠤᠨ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠳᠤ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ︽ᠲᠦᠷᠦ ᠶᠢ ᠵᠠᠰᠠᠵᠤ ᠵᠠᠰᠠᠭ ᠢ ᠡᠷᠬᠢᠯᠡᠬᠦ ᠲᠤᠬᠠᠢ ᠶᠠᠷᠢᠭᠰᠠᠨ ᠨᠢ︾ ᠭᠡᠬᠦ ᠨᠣᠮ ᠤᠨ ᠳᠥᠷᠪᠡᠳᠦᠭᠡᠷ ᠪᠣᠳᠢ ᠶᠢ ᠰᠤᠷᠤᠯᠴᠠᠬᠤ ᠶᠢᠨ ᠬᠠᠮᠲᠤ ᠰᠤᠷᠤᠯᠴᠠᠬᠤ ᠠᠭᠤᠯᠭ᠎ᠠ ᠶᠢᠨ ᠲᠣᠭᠤᠷᠢᠨ ᠳᠤ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠪᠠ᠃      ᠬᠤᠷᠠᠯ ᠠᠴᠠ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠤᠨᠤᠯ ᠤᠨ ᠰᠤᠷᠤᠯᠴᠠᠯᠭ᠎ᠠ ᠪᠠᠨ ᠦᠷᠭᠦᠯᠵᠢᠯᠡᠨ ᠴᠢᠩᠭᠠᠳᠬᠠᠵᠤ᠂ ᠠᠷᠠᠳ ᠤᠨ ᠲᠥᠯᠥᠭᠡ ᠵᠢᠳᠬᠦᠬᠦ ᠰᠡᠳᠬᠢᠯᠭᠡ ᠶᠢ ᠪᠠᠲᠤ ᠪᠤᠢ ᠪᠣᠯᠭᠠᠬᠤ ᠬᠡᠷᠡᠭᠲᠡᠢ᠃ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠬᠤ ᠪᠠ ᠤᠷᠳᠤ ᠬᠤᠭᠤᠴᠠᠭᠠᠨ‌‍ᠤ ᠪᠦᠲᠦᠮᠵᠢᠲᠡᠢ ᠪᠠᠶᠢᠯᠭᠠᠬᠤ ᠶᠢ ᠠᠬᠢᠭᠤᠯᠬᠤ ᠲᠠᠢ ᠤᠶᠠᠯᠳᠤᠭᠤᠯᠵᠤ᠂ ᠥᠷᠭᠡᠨ ᠤᠯᠠᠨ ᠺᠠᠳ᠋ᠷᠴᠤᠳ ᠢ ᠰᠤᠷᠤᠯᠴᠠᠬᠤ ᠠᠴᠠ ᠤᠬᠠᠮᠰᠠᠷ ᠲᠠᠢ᠂ ᠰᠤᠷᠤᠯᠴᠠᠬᠤ ᠠᠴᠠ ᠣᠯᠣᠯᠲᠠ ᠲᠠᠢ᠂ ᠰᠤᠷᠤᠯᠴᠠᠬᠤ ᠠᠴᠠ ᠠᠮᠵᠢᠯᠲᠠ ᠲᠠᠢ ᠪᠣᠯᠭᠠᠬᠤ ᠬᠡᠷᠡᠭᠲᠡᠢ᠃ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠪᠦᠬᠦ ᠠᠷᠠᠳ ᠢᠶᠠᠷ ᠢᠶᠠᠨ ᠳᠠᠶᠢᠴᠢᠯᠠᠬᠤ ᠮᠠᠶ᠋ᠢᠭ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠣᠭᠲᠠᠴᠠ ᠶᠢ ᠭᠦᠨᠵᠡᠭᠡᠢ ᠬᠡᠷᠡᠭᠵᠢᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠬᠡᠷᠡᠭᠲᠡᠢ︔ ᠠᠷᠢᠭᠤᠨ ᠴᠡᠪᠡᠷ ᠡᠨᠧᠷᠭᠢ ᠶᠢᠨ ᠰᠤᠷᠪᠤᠯᠵᠢ ᠶᠢ ᠬᠥᠭᠵᠢᠭᠦᠯᠦᠨ ᠥᠭᠡᠷᠡᠴᠢᠯᠡᠵᠦ᠂ ᠠᠵᠤ ᠦᠢᠯᠡᠳᠪᠦᠷᠢ ᠶᠢᠨ ᠪᠦᠲᠦᠴᠡ ᠶᠢᠨ ᠰᠢᠯᠢᠳᠡᠭᠵᠢᠨ ᠲᠡᠰ ᠳᠡᠪᠰᠢᠬᠦ ᠶᠢ ᠠᠬᠢᠭᠤᠯᠤᠨ᠎ᠠ᠃ ᠠᠷᠠᠳ ᠢ ᠪᠠᠶᠠᠵᠢᠭᠤᠯᠤᠨ ᠬᠤᠨᠢ ᠢᠮᠠᠭ᠎ᠠ ᠲᠡᠵᠢᠭᠡᠬᠦ ᠲᠥᠷᠥᠯ ᠵᠦᠢᠯ ᠢ ᠬᠡᠷᠡᠭᠵᠢᠭᠦᠯᠵᠦ᠂ ᠠᠯᠠᠰᠢᠨ ᠬᠤᠨᠢᠨ ᠤ ᠬᠥᠭᠵᠢᠯᠲᠡ ᠶᠢᠨ ᠰᠢᠨ᠎ᠡ ᠬᠥᠳᠡᠯᠭᠡᠭᠦ ᠬᠦᠴᠦᠨ ᠢ ᠬᠥᠳᠡᠯᠭᠡᠵᠦ᠂ ᠲᠠᠷᠢᠶᠠᠯᠠᠩ ᠮᠠᠯ ᠠᠵᠤ ᠠᠬᠤᠢ ᠶᠢᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠂ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠳᠠᠶᠢᠴᠢᠯᠠᠨ᠎ᠠ ᠭᠡᠵᠦ ᠴᠢᠬᠤᠯᠠᠴᠢᠯᠠᠪᠠ᠃      ᠰᠦᠨ ᠰᠢᠶᠦ᠋ᠨ᠂ ᠲᠦᠮᠡᠨ ᠵᠡᠷᠭᠡ ᠰᠢᠶᠠᠨ ᠤ ᠤᠳᠤᠷᠢᠳᠤᠯᠭ᠎ᠠ ᠬᠤᠷᠠᠯ ᠳᠤ ᠣᠷᠣᠯᠴᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1