ᠮᠠᠨ ᠤ ᠰᠢᠶᠠᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠣᠯᠪᠠᠰᠤᠷᠠᠯ ᠤᠨ ᠠᠩᠬᠢ ᠡᠷᠬᠢᠯᠡᠪᠡ
ᠨᠡᠶᠢᠲᠡᠯᠡᠭᠰᠡᠨ ᠴᠠᠭ᠄
2022/9/22
    ᠶᠢᠰᠦᠳᠦᠭᠡᠷ ᠬᠡᠪᠯᠡᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠲᠥᠰᠥᠯ ᠤᠨ ᠱᠠᠭᠠᠷᠳᠠᠯᠭ᠎ᠠ   ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ  ᠶᠢ ᠬᠥᠳᠡᠯᠦᠩᠭᠦᠢ ᠪᠠᠷ ᠲᠣᠬᠢᠷᠠᠭᠤᠯᠵᠤ᠂ ᠨᠠᠷᠢᠯᠢᠭ ᠣᠨᠣᠴᠢᠲᠠᠢ ᠪᠠᠷ ᠬᠡᠷᠡᠭᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠡᠯ᠎ᠡ ᠵᠦᠢᠯ ᠤᠨ ᠪᠣᠳᠠᠲᠠᠢ ᠠᠵᠢᠯ ᠢ ᠥᠨᠳᠥᠷ ᠪᠦᠲᠦᠮᠵᠢᠲᠡᠶ ᠨᠠᠷᠢᠯᠢᠭ ᠣᠨᠣᠴᠢᠲᠠᠢ ᠪᠠᠷ ᠥᠷᠨᠢᠭᠦᠯᠬᠦ ᠶᠢᠨ ᠲᠥᠯᠥᠭᠡ᠂ 9 ᠳ᠋ᠤᠭᠡᠷ ᠰᠠᠷ᠎ᠠ   ᠶᠢᠨ 20 ᠤ ᠡᠳᠦᠷ ᠮᠠᠨ‌‍ᠤ ᠰᠢᠶᠠᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠪᠣᠯᠪᠠᠰᠤᠷᠠᠭᠤᠯᠤᠯ ᠤᠨ ᠠᠩᠬᠢ ᠡᠷᠬᠢᠯᠡᠪᠡ᠃      ᠰᠢᠶᠠᠨ ᠤ ᠳᠡᠳ᠋ ᠳᠠᠷᠤᠭ᠎ᠠ ᠶᠠᠩ ᠶᠢᠨ ᠬᠤᠷᠠᠯ ᠡᠷᠭᠢᠯᠡᠪᠡ᠃      ᠬᠤᠷᠠᠯ ᠠᠴᠠ᠂ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢᠨ ᠲᠣᠭᠤᠷᠢᠨ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ᠂ ᠬᠢᠵᠢᠭ ᠤᠨ ᠪᠠᠶᠢᠳᠠᠯ‌ᠢ ᠰᠢᠢᠳᠪᠦᠷᠢᠯᠡᠬᠦ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠵᠡᠷᠭᠡ ᠲᠦᠷᠪᠡᠨ ᠲᠠᠯ᠎ᠠ ᠶᠢᠨ ᠠᠭᠤᠯᠭ᠎ᠠ ᠶᠢ ᠣᠷᠣᠭᠤᠯᠵᠤ᠂ ᠶᠢᠰᠦᠳᠦᠭᠡᠷ ᠨᠢᠭᠤᠷ ᠤᠨ ︽ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠠᠭᠤᠰᠬᠢᠨ ᠦᠷᠪᠢᠰᠦᠯ ᠢ ᠰᠡᠷᠭᠡᠶᠢᠯᠡᠨ ᠬᠢᠵᠠᠭᠠᠷᠯᠠᠬᠤ ᠲᠥᠰᠥᠯ︾ ᠳᠤ ᠨᠠᠷᠢᠨ ᠲᠠᠶᠢᠯᠤᠮᠵᠢ ᠪᠠ ᠪᠣᠯᠪᠠᠰᠤᠷᠠᠯ ᠬᠢᠵᠡᠢ᠃ ᠪᠣᠯᠪᠠᠰᠤᠷᠠᠭᠤᠯᠤᠯ ᠤᠨ ᠠᠭᠤᠯᠭ᠎ᠠ ᠨᠢ ᠡᠯᠪᠡᠭ ᠪᠠᠶᠠᠯᠢᠭ᠂ ᠭᠦᠨᠵᠡᠭᠡᠢ ᠪᠥᠭᠡᠳ ᠣᠶᠢᠯᠠᠭᠠᠮᠵᠢᠲᠠᠢ ᠪᠠᠶᠢᠵᠤ᠂ ᠬᠤᠷᠠᠯ ᠳᠤ ᠣᠷᠣᠯᠴᠠᠭᠰᠠᠳ ᠤᠨ ︽ᠲᠥᠰᠥᠯ︾ ᠤᠨ ᠱᠠᠭᠠᠷᠳᠠᠯᠭ᠎ᠠ ᠶᠢ ᠣᠨᠣᠪᠴᠢᠲᠠᠶ ᠣᠶᠢᠯᠠᠭᠠᠬᠤ ᠪᠠ ᠪᠥᠬᠦ ᠲᠠᠯ᠎ᠠ ᠪᠠᠷ ᠡᠵᠡᠮᠳᠡᠬᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ‌‍ᠪᠠᠷ ᠵᠢᠷᠤᠮᠵᠢᠭᠤᠯᠤᠨ ᠰᠠᠶᠢᠲᠤᠷ ᠬᠢᠬᠦ᠂ ᠡᠯ᠎ᠡ ᠵᠦᠢᠯ ᠤᠨ ᠠᠵᠢᠯ ᠢ ᠦᠨᠡᠨ ᠬᠦ ᠪᠣᠳᠠᠲᠠᠢ ᠪᠥᠭᠡᠳ ᠨᠠᠷᠢᠯᠢᠭ ᠪᠥᠭᠡᠳ ᠪᠣᠳᠠᠲᠠᠢ ᠪᠠᠷ ᠠᠳᠬᠤᠬᠤ ᠳᠤ ᠲᠤᠶᠢᠯ ᠤᠨ ᠴᠢᠬᠤᠯᠠ ᠵᠢᠯᠤᠭᠤᠳᠬᠤ ᠠᠴᠢ ᠬᠤᠯᠪᠣᠭᠳᠠᠯ ᠲᠠᠢ ᠶᠤᠮ ᠭᠡᠵᠦ ᠵᠢᠭᠠᠨ ᠭᠠᠷᠭᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠠᠷᠪᠠᠨ ᠰᠠᠷ᠎ᠠ ᠶᠢᠨ ᠨᠢᠭᠡᠨ ᠤ ᠠᠮᠠᠷᠠᠯᠲᠠ ᠶᠢᠨ ᠬᠤᠭᠤᠴᠠᠭ᠎ᠠ  ᠤᠶᠢᠷᠠᠳᠠᠵᠦ᠂ ᠬᠦᠢᠮᠣᠠ ᠬᠠᠷ᠎ᠠ ᠣᠯᠠᠰᠢᠷᠠᠵᠤ ᠪᠠᠶᠢᠭ᠎ᠠ ᠪᠣᠯᠬᠤᠷ ᠭᠠᠳᠠᠨ᠎ᠠ ᠠᠴᠠ ᠣᠷᠣᠭᠤᠯᠬᠤ ᠶᠢ ᠰᠡᠷᠭᠡᠶᠢᠯᠡᠵᠦ᠂ ᠳᠣᠲᠣᠨ᠎ᠠ ᠭᠠᠳᠠᠨ᠎ᠠ ᠠᠴᠠ ᠲᠠᠭᠢᠨ ᠭᠠᠷᠬᠤ ᠶᠢ ᠰᠡᠷᠭᠡᠶᠢᠯᠡᠬᠦ ᠶᠡᠷᠦᠩᠬᠡᠢ ᠠᠷᠭ᠎ᠠ ᠪᠣᠳᠣᠯᠭ᠎ᠠ ᠶᠢ ᠭᠤᠶᠢᠪᠢᠰᠢ ᠣᠶᠢᠭᠡᠢ ᠪᠠᠷᠢᠮᠲᠠᠯᠠᠨ᠂ ᠡᠯ᠎ᠡ ᠪᠠᠯᠭᠠᠰᠤ᠂ ᠬᠠᠲᠣᠠ ᠭᠤᠣᠯ ᠤᠨ ᠨᠤᠭᠤ ᠭᠠᠵᠠᠷ ᠤᠨ ᠬᠠᠮᠢᠶᠠᠷᠤᠯᠳᠠ ᠬᠠᠮᠠᠭᠠᠯᠠᠯᠳᠠ ᠶᠢᠨ ᠲᠥᠪ᠂ ᠡᠯ᠎ᠡ ᠨᠢᠭᠡᠴᠡ ᠶᠢᠨ ᠬᠢᠨ ᠦᠵᠡᠯ ᠰᠠᠨᠠᠭ᠎ᠠ ᠲᠠᠨᠢᠯᠲᠠ ᠪᠠᠨ ᠴᠢᠩᠬᠠᠣᠠᠬᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠦᠢᠴᠣᠠ ᠢ ᠴᠠᠭ ᠢᠮᠠᠭᠲᠠ ᠴᠢᠩᠬᠠᠣᠠᠬᠠᠨ᠂ ᠮᠢᠨᠴᠦᠭᠦᠷᠡᠬᠦ ᠦᠵᠡᠯ ᠰᠠᠨᠠᠭ᠎ᠠ ᠪᠠ ᠲᠠᠶᠢᠨ ᠠᠴᠠ ᠬᠠᠯᠠᠰᠢᠷᠠᠬᠤ ᠰᠡᠳᠬᠢᠯᠭᠡ ᠶᠢ ᠲᠡᠪᠴᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠱᠠᠭᠠᠷᠳᠠᠯᠭ᠎ᠠ ᠶᠢ ᠤᠬᠠᠮᠰᠠᠷ ᠠᠴᠠ ᠪᠠᠨ ᠨᠠᠶᠢᠳᠠᠪᠤᠷᠢᠵᠢᠭᠤᠯᠬᠤ ᠬᠡᠷᠡᠭᠳᠡᠢ᠃ ᠥᠷᠭᠡᠨ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠬᠤᠪᠢ ᠬᠥᠮᠥᠨ ᠤ ᠰᠡᠷᠭᠡᠶᠢᠯᠡᠨ ᠬᠠᠮᠠᠭᠠᠯᠠᠬᠤ ᠤᠬᠠᠮᠰᠠᠷ ᠢ ᠨᠢ ᠦᠷᠭᠦᠯᠵᠢᠯᠡᠨ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠤᠨ ᠠᠶᠤᠯ ᠲᠦᠭᠰᠢᠭᠦᠷᠢ ᠶᠢ ᠠᠷᠭᠠᠴᠠᠬᠤ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ ᠪᠠᠲᠤ ᠪᠠᠬᠢ ᠪᠠᠶᠢᠭᠤᠯᠬᠤ ᠬᠡᠷᠡᠭᠲᠡᠢ᠃ ᠬᠤᠷᠢᠭ᠎ᠠ ᠱᠤᠭᠤᠮ ᠤᠨ ᠰᠡᠳᠬᠢᠬᠦᠢ ᠶᠢ ᠴᠢᠩᠭᠠᠳᠬᠠᠵᠤ᠂ ︽ᠴᠠᠭ ᠢᠮᠠᠭᠲᠠ ᠰᠠᠨᠠᠭ᠎ᠠ ᠠᠮᠤᠷ ᠦᠭᠡᠢ︾ ᠪᠠᠶᠢᠬᠤ ᠬᠠᠷᠢᠭᠤᠴᠠᠯᠭᠠᠲᠤ ᠰᠡᠳᠬᠢᠯᠭᠡ ᠶᠢ ᠢᠮᠠᠭᠲᠠ ᠪᠠᠷᠢᠮᠲᠠᠯᠠᠵᠤ᠂ ᠠᠵᠢᠯ ᠳᠠᠭᠠᠨ ᠬᠠᠷᠢᠭᠤᠴᠠᠯᠭ᠎ᠠ ᠲᠠᠢ᠂ ᠠᠵᠢᠯ ᠤᠨ ᠬᠠᠷᠢᠭᠤᠴᠠᠯᠭ᠎ᠠ ᠪᠠᠨ ᠰᠠᠬᠢᠬᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠦᠨᠡᠨᠬᠦ ᠪᠡᠶᠡᠯᠡᠭᠦᠯᠬᠦ ᠬᠡᠷᠡᠭᠲᠡᠢ᠃ ᠶᠢᠰᠦᠳᠦᠭᠡᠷ ᠬᠡᠪᠯᠡᠯ ᠤᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠲᠥᠰᠥᠯ ᠤᠨ ᠠᠭᠤᠯᠭ᠎ᠠ ᠶᠢ ᠰᠠᠶᠢᠲᠤᠷ ᠡᠵᠡᠮᠰᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠢᠮᠪᠠᠢ ᠨᠠᠶᠢᠳᠠᠪᠤᠷᠢᠵᠢᠭᠤᠯᠤᠨ᠂ ᠤᠯᠤᠰ ᠤᠨ ᠪᠠᠶᠠᠷ ᠤᠨ ᠡᠮᠦᠨ᠎ᠡ ᠬᠤᠶᠢᠨᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠥᠴᠥᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠠᠷᠠᠳ ᠣᠯᠠᠨ ᠢ ᠠᠮᠤᠷ ᠲᠦᠪᠰᠢᠨ᠂ ᠡᠷᠡᠭᠦᠯ ᠡᠩᠬᠡ᠂ ᠡᠶ᠎ᠡ ᠵᠣᠬᠢᠴᠠᠯ ᠲᠠᠢ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭ᠎ᠠ ᠶᠢ ᠥᠩᠭᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠡᠯ᠎ᠡ ᠪᠠᠯᠭᠠᠰᠤ᠂ ᠬᠠᠲᠤᠨ ᠭᠤᠣᠯ ᠤᠨ ᠨᠤᠭᠤ ᠭᠠᠵᠠᠷ ᠤᠨ ᠬᠠᠮᠢᠶᠠᠷᠤᠯᠳᠠ ᠬᠠᠮᠠᠭᠠᠯᠠᠯᠳᠠ ᠶᠢᠨ ᠲᠥᠪ᠂ ᠡᠯ᠎ᠡ ᠬᠤᠯᠪᠣᠭᠳᠠᠯ ᠪᠦᠬᠦᠢ ᠨᠢᠭᠡᠴᠡ ᠵᠢᠴᠢ ᠡᠯ᠎ᠡ ᠲᠤᠰᠬᠠᠢ ᠠᠵᠢᠯ ᠤᠨ ᠳᠤᠭᠤᠶᠢᠯᠠᠩ ᠤᠨ ᠭᠤᠣᠯ ᠬᠠᠷᠢᠭᠤᠴᠠᠯᠭᠠᠲᠠᠨ ᠪᠣᠯᠪᠠᠰᠤᠷᠠᠭᠤᠯᠤᠯ ᠳᠤ ᠣᠷᠣᠯᠴᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1