ᠬᠥᠬᠡᠬᠤᠲᠠ ᠨᠠᠢᠮᠠᠳᠤᠭᠠᠷ ᠪᠦᠯᠦᠭ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠤ ᠵᠢᠱᠢᠶ᠎ᠡ ᠦᠵᠡᠭᠦᠯᠬᠦ ᠨᠢᠭᠡᠴᠡ ᠶᠢᠨ ᠨᠡᠷᠡᠰ ᠲᠤ ᠰᠣᠩᠭᠤᠭᠳᠠᠭᠰᠠᠨ ᠢ ᠨᠡᠶᠢᠲᠡᠯᠡᠵᠦ᠂ ᠲᠣᠭᠲᠠᠬᠤ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠨᠡᠷᠡᠰ ᠤᠨ ᠵᠢᠭᠰᠠᠭᠠᠯᠲᠠ ᠳᠤ ᠣᠷᠣᠪᠠ
ᠨᠡᠶᠢᠲᠡᠯᠡᠭᠰᠡᠨ ᠴᠠᠭ᠄
2022/9/26
      ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠨᠢᠭᠡᠳᠦᠮᠡᠯ ᠹᠷᠣᠨᠲ ᠤᠨ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠨᠡᠷᠡᠶᠢᠳᠬᠦ ᠲᠣᠭᠲᠠᠭᠠᠯ ᠳᠠᠷᠤᠮᠠᠯᠯᠠᠨ ᠲᠠᠷᠬᠠᠭᠠᠵᠤ᠂ ᠬᠥᠬᠡᠬᠤᠲᠠ ᠶᠢᠨ ᠰᠠᠶᠢᠬᠠᠨ ᠲᠣᠭᠤᠷᠢᠭ᠂ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠡᠶᠢᠯᠡᠯ ᠵᠠᠭᠤᠴᠢᠯᠠᠭᠤᠷ ᠤᠨ ᠲᠥᠪ᠂ ᠠᠯᠠᠱᠠ ᠠᠶᠢᠮᠠᠭ ᠤᠨ ᠡᠵᠡᠨ᠎ᠡ ᠬᠤᠰᠢᠭᠤᠨ ᠤ ᠳᠠᠯᠠᠶ ᠶᠢᠨ ᠬᠤᠪᠤ ᠪᠠᠯᠭᠠᠰᠤ ᠵᠡᠷᠭᠡ 157 ᠭᠠᠵᠠᠷ ᠣᠷᠣᠨ ᠪᠠ ᠨᠢᠭᠡᠴᠡ ᠶᠢ ᠨᠠᠢᠮᠠᠳᠤᠭᠠᠷ ᠪᠦᠯᠦᠭ ᠤᠨ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠲᠣᠭᠤᠷᠢᠭ ᠤᠨ ᠵᠢᠱᠢᠶ᠎ᠡ ᠦᠵᠡᠭᠦᠯᠬᠦ ᠨᠢᠭᠡᠴᠡ ᠪᠠᠷ ᠨᠡᠷᠡᠶᠢᠳᠪᠡ᠃ ᠬᠤᠭᠤᠴᠠᠭ᠎ᠠ ᠨᠢ ᠳᠦᠭᠦᠷᠦᠭᠡᠳ ᠬᠠᠷᠢᠭᠤ ᠮᠡᠳᠡᠭᠦᠯᠦᠭᠰᠡᠨ ᠬᠥᠯᠥᠨ ᠪᠤᠶᠢᠷ ᠬᠤᠲᠠ ᠶᠢᠨ ᠬᠠᠭᠤᠴᠢᠨ ᠪᠠᠷᠭᠤ ᠬᠤᠰᠢᠭᠤ᠂ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠳ᠋ᠠᠩ ᠫᠤ ᠭᠠᠵᠠᠷ ᠤᠨ ᠮᠠᠨᠵᠤ ᠦᠨᠳᠦᠰᠦᠲᠡᠨ ᠤ ᠰᠢᠶᠠᠩ ᠤᠨ ᠭᠤᠸᠠᠨ ᠵᠢᠶᠠ ᠶᠢᠩ ᠲᠣᠰᠬᠤᠨ ᠵᠡᠷᠭᠡ 28 ᠭᠠᠵᠠᠷ ᠣᠷᠣᠨ ᠪᠠ ᠨᠢᠭᠡᠴᠡ ᠶᠢ ᠦᠷᠭᠦᠯᠵᠢᠯᠡᠨ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠤ ᠵᠢᠱᠢᠶ᠎ᠡ ᠦᠵᠡᠭᠦᠯᠬᠦ ᠨᠢᠭᠡᠴᠡ ᠭᠡᠵᠦ ᠨᠡᠷᠡᠶᠢᠳᠪᠡ᠃ 2021 ᠣᠨ ᠠᠴᠠ ᠡᠬᠢᠯᠡᠨ᠂ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠤ ᠵᠢᠱᠢᠶ᠎ᠡ ᠦᠵᠡᠭᠦᠯᠬᠦ ᠨᠢᠭᠡᠴᠡ ᠶᠢ ᠨᠡᠷᠡᠶᠢᠳᠬᠦ ᠳᠤ ᠬᠥᠳᠡᠯᠦᠩᠭᠦᠢ ᠬᠠᠮᠢᠶᠠᠷᠤᠯᠲᠠ ᠶᠢᠨ ᠲᠣᠭᠲᠠᠴᠠ ᠶᠢ ᠬᠡᠷᠡᠭᠵᠢᠭᠦᠯᠵᠦ᠂ ᠨᠡᠷᠡᠶᠢᠳᠦᠯ ᠤᠨ ᠬᠦᠴᠦᠨ ᠲᠠᠢ ᠬᠤᠭᠤᠴᠠᠭ᠎ᠠ ᠨᠢ 5 ᠵᠢᠯ ᠪᠣᠯᠣᠨ᠎ᠠ᠃      ᠨᠡᠷᠡᠶᠢᠳᠬᠦ ᠲᠣᠭᠲᠠᠭᠠᠯ ᠳᠤ ᠵᠢᠭᠠᠵᠤ ᠭᠠᠷᠭᠠᠭᠰᠠᠨ ᠨᠢ᠂ 2021 ᠣᠨ ᠤ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠠᠴᠠ ᠨᠠᠰᠢ᠂ ᠪᠦᠬᠦ ᠣᠷᠣᠨ ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠣᠯᠣᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶᠠᠨ ᠤ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠦᠬᠦᠵᠦ ᠰᠡᠬᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠲᠤ ᠪᠠᠬᠢ ᠪᠤᠶ ᠪᠣᠯᠭᠠᠵᠤ᠂ ᠦᠨᠳᠦᠰᠦᠲᠡᠨ ᠨᠦᠭᠦᠳ ᠤᠨ ᠳᠤᠮᠳᠠᠳᠤ ᠶᠢᠨ ᠦᠨᠳᠦᠰᠦᠲᠡᠨ ᠤ ᠶᠡᠭᠡ ᠭᠡᠷ ᠪᠦᠯᠢ ᠳᠤ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠬᠦ ᠶᠢ ᠠᠬᠢᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠨᠢᠭᠡ ᠪᠦᠯᠦᠭ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠲᠣᠭᠤᠷᠢᠭ ᠤᠨ ᠵᠢᠱᠢᠶ᠎ᠡ ᠦᠵᠡᠭᠦᠯᠬᠦ ᠨᠢᠭᠡᠴᠡ ᠴᠣᠯᠭᠤᠷᠠᠨ ᠭᠠᠷᠴᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ᠂ ᠦᠨᠳᠦᠰᠦᠲᠡᠨ ᠨᠦᠭᠦᠳ ᠤᠨ ᠨᠡᠶᠢᠭᠡᠮ ᠵᠢᠷᠤᠮ ᠤᠨ ᠣᠳᠣᠬᠢᠴᠢᠯᠠᠯᠲᠠ ᠲᠡᠰᠢ ᠬᠠᠮᠲᠤᠪᠠᠷ ᠤᠷᠤᠭᠰᠢᠯᠠᠬᠤ ᠶᠢ ᠠᠬᠢᠭᠤᠯᠬᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠵᠡᠷᠭᠡ ᠲᠠᠯ᠎ᠠ‌‍ᠪᠠᠷ ᠢᠳᠡᠪᠬᠢᠲᠡᠢ ᠬᠤᠪᠢ ᠨᠡᠮᠡᠷᠢ ᠦᠵᠡᠭᠦᠯᠪᠡ ᠭᠡᠪᠡ᠃      ᠨᠡᠷᠡᠶᠢᠳᠬᠦ ᠲᠣᠭᠲᠠᠭᠠᠯ ᠳᠤ᠂ ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠲᠣᠭᠤᠷᠢᠭ ᠤᠨ ᠵᠢᠱᠢᠶ᠎ᠡ ᠦᠵᠡᠭᠦᠯᠬᠦ ᠨᠢᠭᠡᠴᠡ ᠶᠢᠨ ᠬᠢᠨ ᠦᠨᠳᠦᠰᠦᠲᠡᠨ ᠤ ᠶᠡᠭᠡ ᠪᠦᠯᠬᠦᠮᠳᠡᠯ ᠤᠨ ᠲᠤᠭ ᠢ ᠥᠨᠳᠥᠷ ᠮᠠᠨᠳᠤᠭᠤᠯᠵᠤ᠂ ᠦᠨᠳᠦᠰᠦᠲᠡᠨ ᠤ ᠪᠦᠯᠬᠦᠮᠳᠡᠯ ᠤᠨ ᠢᠷᠠᠭᠤ ᠠᠯᠳᠠᠷᠲᠤ ᠤᠯᠠᠮᠵᠢᠯᠠᠯ ᠢ ᠶᠡᠬᠡᠪᠡᠷ ᠪᠠᠳᠠᠷᠠᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠪᠦᠯᠬᠦᠮᠳᠡᠨ ᠲᠡᠮᠡᠴᠡᠬᠦ ᠶᠢ ᠠᠬᠢᠭᠤᠯᠵᠤ᠂ ᠠᠭᠤᠤ ᠶᠡᠭᠡ ᠡᠬᠡ ᠤᠯᠤᠰ ᠢᠶᠠᠨ ᠬᠠᠮᠲᠤᠪᠠᠷ ᠪᠦᠲᠦᠭᠡᠨ ᠪᠠᠶᠢᠭᠤᠯᠵᠤ᠂ ᠰᠠᠶᠢᠨ ᠰᠠᠶᠢᠬᠠᠨ ᠠᠮᠢᠳᠤᠷᠠᠯ ᠢ ᠬᠠᠮᠲᠤᠪᠠᠷ ᠴᠣᠭᠴᠠᠯᠠᠵᠤ᠂ ᠰᠢᠨ᠎ᠡ ᠴᠠᠭ ᠦᠶ᠎ᠡ ᠳᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠡᠷᠬᠢᠮ ᠳᠡᠭᠡᠳᠦ ᠢᠷᠠᠭᠤ ᠠᠯᠳᠠᠷ ᠢ ᠦᠷᠭᠦᠯᠵᠢᠯᠡᠨ ᠪᠠᠲᠤᠯᠠᠬᠤ ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠱᠠᠭᠠᠷᠳᠠᠪᠠ᠃      ᠨᠡᠷᠡᠶᠢᠳᠬᠦ ᠲᠣᠭᠲᠠᠭᠠᠯ ᠳᠤ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ‌‍ᠦᠨ ᠬᠢᠨ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ  ᠪᠠᠷ ᠡᠵᠡᠮᠰᠢᠨ ᠲᠤᠤᠱᠯᠠᠭᠤᠯᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠶ ᠪᠣᠯᠭᠠᠬᠤ ᠶᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯ ᠤᠨ ᠪᠦᠬᠦ ᠶᠠᠪᠤᠴᠠ᠂ ᠡᠯ᠎ᠡ ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ᠂ ᠪᠥᠬᠦ ᠲᠠᠯ᠎ᠠ ᠶᠢᠨ ᠰᠣᠯᠢᠯᠴᠠᠭ᠎ᠠ᠂ ᠭᠦᠨᠵᠡᠭᠡᠢ ᠠᠭᠤᠰᠤᠯᠴᠠᠯ ᠢ ᠠᠬᠢᠭᠤᠯᠵᠤ᠂ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠮᠡᠳᠡᠷᠡᠮᠵᠢ ᠶᠢ ᠲᠠᠰᠤᠷᠠᠯᠲᠠ ᠦᠭᠡᠢ ᠴᠢᠩᠭᠠᠳᠬᠠᠵᠤ᠂ ︽ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠦᠲᠦᠭᠡᠨ ᠪᠠᠶᠢᠭᠤᠯᠵᠤ᠂ ᠠᠭᠤᠤ ᠶᠡᠭᠡ ᠳᠤᠮᠳᠠᠳᠤ ᠶᠢᠨ ᠵᠡᠭᠦᠳᠦ ᠪᠠᠨ ᠬᠠᠮᠲᠤᠪᠠᠷ ᠲᠡᠷᠭᠡᠯᠰᠢᠭᠦᠯᠬᠦ︾ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠵᠦ᠂ ᠰᠢᠯᠢᠳᠡᠭ ᠬᠢᠷᠢ ᠪᠦᠲᠦᠮᠵᠢ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠡᠢ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1