ᠥᠪᠥᠷ ᠮᠣᠩᠭᠤᠯ ᠤᠨ ᠡᠯᠧᠺᠲᠷᠣᠨ ᠮᠡᠳᠡᠭᠡ ᠵᠠᠩᠭᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠮᠠᠨ ᠤ ᠰᠢᠶᠠᠨ ᠳᠤ ᠢᠷᠡᠵᠦ ᠠᠵᠤ ᠠᠬᠤᠶᠢᠯᠠᠯ ᠢ ᠰᠤᠷᠪᠤᠯᠵᠢᠯᠠᠨ ᠠᠵᠢᠯ ᠤᠨ ᠪᠠᠶᠢᠷᠢ ᠪᠠᠨ ᠥᠷᠭᠡᠳᠬᠡᠵᠦ ᠠᠵᠢᠯ ᠣᠯᠭᠤᠯᠲᠠ ᠶᠢ ᠠᠬᠢᠭᠤᠯᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2022/9/26
      9 ᠳ᠋ᠤᠭᠡᠷ ᠰᠠᠷ᠎ᠠ ᠶᠢᠨ 22 ᠤᠨ ᠡᠳᠦᠷ᠂ ᠥᠪᠥᠷ ᠮᠣᠩᠭᠤᠯ ᠤᠨ ᠡᠯᠧᠺᠲᠷᠣᠨ ᠮᠡᠳᠡᠭᠡ ᠵᠠᠩᠭᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠱᠦᠵᠢ ᠯᠢ ᠴᠦᠨ ᠶᠠᠨ᠂ ᠨᠠᠮ ᠤᠨ ᠬᠤᠷᠢᠶ᠎ᠠ ᠶᠢᠨ ᠭᠡᠰᠢᠭᠦᠨ᠂ ᠳᠡᠳ᠋ ᠵᠠᠬᠢᠷᠤᠯ ᠡᠩᠬᠡᠮᠡᠨᠳᠦ᠂ ᠨᠠᠮ ᠤᠨ ᠬᠤᠷᠢᠶ᠎ᠠ ᠶᠢᠨ ᠭᠡᠰᠢᠭᠦᠨ᠂ ᠳᠡᠳ᠋ ᠵᠠᠬᠢᠷᠤᠯ ᠴᠢᠨ ᠲᠢᠩ ᠨᠠᠷ ᠲᠣᠭᠲᠠᠬᠤ ᠰᠢᠶᠠᠨ ᠳᠤ ᠢᠷᠡᠵᠦ᠂ ᠭᠤᠣᠯᠳᠠᠯᠭ᠎ᠠ ᠲᠠᠢ ᠠᠵᠤ ᠠᠬᠤᠶᠢᠯᠠᠯ ᠢᠶᠠᠷ ᠪᠠᠶᠢᠴᠠᠭᠠᠨ ᠰᠤᠳᠤᠯᠤᠯᠲᠠ ᠬᠢᠵᠦ᠂ ᠠᠵᠤ ᠠᠬᠤᠶᠢᠯᠠᠯ ᠢ ᠰᠤᠷᠪᠤᠯᠵᠢᠯᠠᠨ ᠠᠵᠢᠯ ᠤᠨ ᠪᠠᠶᠢᠷᠢ ᠪᠠᠨ ᠥᠷᠭᠡᠳᠬᠡᠵᠦ ᠠᠵᠢᠯ ᠣᠯᠭᠤᠯᠲᠠ ᠶᠢ ᠠᠬᠢᠭᠤᠯᠬᠤ ᠠᠵᠢᠯ ᠢ ᠥᠷᠨᠢᠭᠦᠯᠪᠡ᠃      ᠯᠢ ᠴᠦᠨ ᠶᠠᠨ ᠨᠠᠷ ᠥᠪᠥᠷ ᠮᠣᠩᠭᠤᠯ ᠤᠨ ᠵᠢᠦ ᠲᠠᠢ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠶᠢᠨ ᠳ᠋ᠠ ᠸᠧᠢ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠳ᠋ᠠ ᠲᠠᠩ ᠲᠤᠭᠳᠠᠬᠤ ᠴᠠᠬᠢᠯᠭᠠᠨ ᠬᠦᠴᠦᠨ ᠤ ᠬᠢᠵᠠᠭᠠᠷᠲᠤ ᠺᠣᠮᠫᠠᠨᠢ᠂ ᠶᠢᠨ ᠾᠧ ᠶᠢᠤ ᠫᠧᠨ ᠠᠮᠢᠳᠤ ᠪᠣᠳᠠᠰ ᠤᠨ ᠪᠦᠲᠦᠭᠡᠭᠳᠡᠬᠦᠨ ᠤ ᠬᠢᠵᠠᠭᠠᠷᠲᠤ ᠺᠣᠮᠫᠠᠨᠢ ᠵᠡᠷᠭᠡ ᠲᠦᠷᠪᠡᠨ ᠨᠡᠷᠡᠳᠦ ᠠᠵᠤ ᠠᠬᠤᠶᠢᠯᠠᠯ ᠳᠤ ᠪᠠᠶᠢᠴᠠᠭᠠᠨ ᠰᠤᠳᠤᠯᠤᠯᠲᠠ ᠬᠢᠵᠡᠢ᠃ ᠪᠠᠶᠢᠴᠠᠭᠠᠨ ᠰᠤᠳᠤᠯᠤᠯᠲᠠ ᠶᠢᠨ ᠳᠤᠮᠳᠠ᠂ ᠯᠢ ᠴᠦᠨ ᠶᠠᠨ ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠣᠨᠴᠠᠯᠢᠭᠲᠤ ᠳᠠᠪᠠᠭᠤᠯᠢᠭ ᠲᠠᠢ ᠪᠠᠨ ᠤᠶᠠᠯᠳᠤᠭᠤᠯᠤᠨ᠂ ᠰᠤᠷᠭᠠᠭᠤᠯᠢ ᠪᠠ ᠠᠵᠤ ᠠᠬᠤᠶᠢᠯᠠᠯ‌‍ᠤᠨ ᠬᠠᠮᠲᠤᠷᠠᠯᠴᠠᠭᠠᠨ ᠤ ᠴᠢᠳᠠᠪᠤᠷᠢᠲᠠᠨ ᠢ ᠬᠥᠮᠥᠵᠢᠭᠦᠯᠬᠦ᠂ ᠮᠡᠷᠭᠡᠵᠢᠯ ᠤᠨ ᠰᠣᠯᠢᠯᠴᠠᠭ᠎ᠠ ᠶᠢ ᠴᠢᠩᠭᠠᠳᠬᠠᠬᠤ᠂ ᠠᠵᠤ ᠦᠢᠯᠡᠰ ᠪᠠ ᠰᠤᠷᠭᠠᠨ ᠬᠥᠮᠦᠵᠢᠯ ᠤᠨ ᠠᠭᠤᠰᠤᠯᠴᠠᠯ ᠢ ᠭᠦᠨᠵᠡᠭᠡᠶᠢᠷᠡᠭᠦᠯᠬᠦ᠂ ᠰᠣᠷᠣᠭᠴᠢ ᠶᠢᠨ ᠠᠵᠢᠯ ᠣᠯᠭᠤᠯᠲᠠ ᠶᠢ ᠠᠬᠢᠭᠤᠯᠬᠤ ᠵᠡᠷᠭᠡ ᠲᠠᠯ᠎ᠠ ᠪᠠᠷ ᠠᠵᠤ ᠠᠬᠤᠶᠢᠯᠠᠯ ᠲᠠᠢ ᠭᠦᠨᠵᠡᠭᠡᠢ ᠵᠥᠪᠳᠡᠯᠴᠡᠨ ᠶᠠᠷᠢᠯᠴᠠᠪᠠ᠃        ᠲᠡᠷᠡ ᠢᠯᠡᠷᠬᠡᠶᠢᠯᠡᠬᠦ ᠳᠡᠭᠡᠨ᠂ ᠲᠠᠷᠠᠭᠠᠴᠢ ᠶᠢᠨ ᠠᠯᠬᠤᠮ ᠳᠤ ᠠᠵᠤ ᠠᠬᠤᠶᠢᠯᠠᠯ ᠲᠠᠢ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭᠠᠨ ᠤ ᠤᠴᠢᠷ ᠶᠠᠪᠤᠳᠠᠯ ᠢ ᠭᠦᠨᠵᠡᠭᠡᠢ ᠵᠣᠯᠭᠠᠭᠤᠯᠵᠤ᠂ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠭᠠᠵᠤ᠂ ᠬᠤᠶᠠᠷ ᠲᠠᠯ᠎ᠠ ᠪᠠᠷ ᠢᠶᠠᠨ ᠦᠢᠯᠡᠳᠪᠦᠷᠢᠯᠡᠯ ᠪᠠ ᠰᠤᠷᠭᠠᠨ ᠬᠥᠮᠦᠵᠢᠯ ᠤᠨ ᠭᠦᠨᠵᠡᠭᠡᠢ ᠠᠭᠤᠰᠤᠯᠴᠠᠯ ᠤᠨ ᠲᠠᠯ᠎ᠠ ᠪᠠᠷ ᠦᠷ᠎ᠡ ᠪᠦᠲᠦᠮᠵᠢ ᠣᠯᠬᠤ ᠶᠢ ᠬᠦᠰᠡᠵᠦ ᠪᠠᠶᠢᠨ᠎ᠠ ᠭᠡᠵᠡᠢ᠃      ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠲᠦᠮᠡᠨ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠰᠦᠨ ᠬᠠᠢ ᠱᠧᠩ᠂ ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ ᠰᠢᠶᠧ ᠴᠦᠨ ᠯᠦᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1