ᠪᠦᠬᠦ ᠰᠢᠶᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/9/26
     9 ᠳ᠋ᠤᠭᠡᠷ ᠰᠠᠷ᠎ᠠ ᠶᠢᠨ 23 ᠤ ᠡᠳᠦᠷ᠂ ᠪᠦᠬᠦ ᠰᠢᠶᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠤᠵᠤ᠂ ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠪᠣᠯᠣᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠤᠯᠤᠰ᠂ ᠪᠦᠬᠦ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠲᠤᠬᠠᠢ ᠡᠯ᠎ᠡ ᠵᠦᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠦᠬᠦ ᠰᠢᠶᠠᠨ ᠢᠶᠠᠷ ᠢᠶᠠᠨ ︽ᠴᠠᠭ ᠢᠮᠠᠭᠲᠠ ᠰᠠᠨᠠᠭ᠎ᠠ ᠠᠮᠤᠷ ᠦᠭᠡᠢ︾ ᠪᠠᠶᠢᠬᠤ ᠬᠠᠷᠢᠭᠤᠴᠠᠯᠭᠠᠲᠤ ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠪᠠᠲᠤᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠪᠦᠷᠢᠯᠳᠦᠭᠦᠯᠵᠦ ᠥᠭᠬᠦ ᠶᠢ ᠳᠠᠶᠢᠴᠢᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠤᠸ ᠵᠧᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠪᠠᠶᠢᠩᠭᠤ ᠶᠢᠨ ᠳᠡᠳ᠋  ᠳᠠᠷᠤᠭ᠎ᠠ ᠵᠠᠩ ᠢᠦᠢ ᠪᠦᠬᠦ ᠰᠢᠶᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃ ᠰᠢᠶᠠᠨ ᠤ ᠳᠡᠳ᠋ ᠳᠠᠷᠤᠭ᠎ᠠ ᠵᠠᠩ ᠵᠧᠨ ᠬᠠᠢ᠂ ᠡᠯ᠎ᠡ ᠪᠠᠯᠭᠠᠰᠤ᠂ ᠬᠠᠲᠤᠨ ᠭᠤᠣᠯ ᠤᠨ ᠨᠤᠭᠤ ᠭᠠᠵᠠᠷ ᠢ ᠬᠠᠮᠢᠶᠠᠷᠤᠨ ᠬᠠᠮᠠᠭᠠᠯᠠᠬᠤ ᠲᠥᠪ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃      ᠬᠤᠷᠠᠯ ᠠᠴᠠ᠂ ᠪᠠᠶᠢᠳᠠᠯ ᠢ ᠲᠣᠳᠣᠷᠬᠠᠢ ᠲᠠᠨᠢᠵᠤ᠂ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠯᠠᠬᠤ ᠬᠡᠷᠡᠭᠲᠡᠢ᠂ ᠥᠴᠥᠬᠡᠨ ᠴᠦ ᠰᠤᠯᠠᠷᠠᠵᠤ ᠮᠢᠨᠴᠦᠭᠦᠷᠡᠨ ᠲᠠᠶᠢᠪᠤᠰᠢᠷᠠᠵᠤ ᠪᠣᠯᠬᠤ ᠦᠭᠡᠢ᠃ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠬᠠᠷᠢᠶ᠎ᠠ ᠭᠠᠵᠠᠷ ᠤᠨ ᠬᠠᠮᠢᠶᠠᠷᠤᠯᠲᠠ᠂ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠠᠮᠢᠶᠠᠷᠤᠯᠲᠠ ᠶᠢ ᠴᠢᠩᠭᠠᠳᠬᠠᠨ᠂ ᠲᠤᠰ ᠲᠤᠰ‌‍ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠪᠠᠨ ᠬᠤᠯᠪᠣᠭᠳᠠᠯ ᠪᠦᠬᠦᠢ ᠠᠵᠢᠯ ᠲᠥᠷᠥᠯ᠂ ᠬᠦᠷᠢᠶᠡᠨ ᠤ ᠠᠶᠦᠯᠭᠦᠢ ᠦᠢᠯᠡᠳᠪᠦᠷᠢᠯᠡᠯ ᠤᠨ ᠠᠵᠢᠯ ᠲᠤ ᠬᠢᠨᠠᠯᠲᠠ ᠲᠠᠯᠪᠢᠬᠤ ᠶᠢ ᠬᠡᠷᠡᠭᠵᠢᠭᠦᠯᠬᠦ ᠬᠡᠷᠡᠭᠲᠡᠢ᠃ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠳᠠᠷᠤᠢ ᠲᠦᠷᠭᠡᠨ ᠬᠥᠳᠡᠯᠦᠯᠴᠡᠵᠦ᠂ ᠠᠶᠤᠯᠭᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠨᠠᠷᠢᠨ ᠬᠢᠨᠠᠮᠠᠭᠠᠢ ᠥᠷᠨᠢᠭᠦᠯᠵᠦ᠂ ᠡᠯ᠎ᠡ ᠲᠦᠷᠦᠯ‌‍ᠦᠨ ᠠᠶᠤᠯ ᠲᠦᠭᠰᠢᠭᠦᠷᠢ ᠶᠢᠨ ᠭᠡᠮ ᠰᠣᠭᠤᠭ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠤᠰᠠᠳᠬᠠᠬᠤ ᠶᠢ ᠪᠠᠲᠤᠯᠠᠬᠤ ᠬᠡᠷᠡᠭᠲᠡᠢ᠃ ᠭᠤᠣᠯᠳᠠᠯᠭ᠎ᠠ ᠶᠢ ᠳᠤᠪᠤᠶᠢᠯᠭᠠᠵᠤ᠂ ᠭᠤᠣᠯᠳᠠᠯᠭ᠎ᠠ ᠲᠠᠢ ᠬᠦᠷᠢᠶ᠎ᠡ ᠶᠢ ᠴᠡᠭᠴᠡᠯᠡᠨ ᠵᠠᠰᠠᠬᠤ ᠠᠵᠢᠯ ᠢ ᠬᠦᠴᠦᠯᠡᠨ ᠰᠠᠶᠢᠲᠤᠷ ᠠᠳᠬᠤᠵᠤ᠂ ᠤᠯᠠᠨ ᠨᠡᠶᠢᠲᠡ ᠶᠢᠨ ᠠᠮᠤᠷ ᠲᠦᠪᠰᠢᠨ ᠤ ᠠᠳᠡᠯ ᠠᠮᠠᠷᠬᠠᠨ ᠡᠭᠦᠰᠬᠦ ᠤᠯᠠᠨ ᠡᠭᠦᠰᠬᠦ ᠬᠦᠷᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠬᠤᠯᠠ ᠲᠠᠯᠠᠪᠤᠷ᠂ ᠭᠤᠣᠯᠳᠠᠯᠭ᠎ᠠ ᠲᠠᠢ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠶᠢᠩᠭᠤᠵᠢᠭᠤᠯᠤᠭᠰᠠᠨ ᠬᠢᠨᠠᠨ ᠵᠢᠯᠤᠭᠤᠳᠴᠤ ᠪᠠᠶᠢᠴᠠᠭᠠᠬᠤ ᠠᠵᠢᠯ ᠢ ᠥᠷᠨᠢᠭᠦᠯᠬᠦ ᠬᠡᠷᠡᠭᠲᠡᠢ᠃ ᠨᠠᠮᠤᠷ ᠡᠪᠦᠯ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠬᠦᠴᠦᠯᠡᠨ ᠰᠠᠶᠢᠲᠤᠷ ᠠᠳᠬᠤᠵᠤ᠂ ᠬᠦᠨᠳᠦ ᠶᠡᠭᠡ ᠣᠨᠴᠠ ᠶᠡᠭᠡ ᠭᠠᠯ ᠤᠨ ᠭᠠᠮᠰᠢᠭ ᠡᠭᠦᠰᠬᠦ ᠶᠢ ᠡᠷᠡᠰ ᠬᠤᠷᠢᠭᠯᠠᠬᠤ ᠬᠡᠷᠡᠭᠲᠡᠢ᠃ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠠᠮᠤᠷ ᠲᠦᠪᠰᠢᠨ ᠤ ᠲᠦᠷᠦ ᠶᠢᠨ ᠪᠣᠳᠣᠯᠭ᠎ᠠ ᠬᠠᠤᠯᠢ ᠲᠣᠭᠲᠠᠭᠠᠯ᠂ ᠠᠮᠤᠷ ᠲᠦᠪᠰᠢᠨ ᠤ ᠶᠡᠷᠦ ᠶᠢᠨ ᠮᠡᠳᠡᠯᠭᠡ ᠶᠢᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠠᠮᠤᠷ ᠲᠦᠪᠰᠢᠨ ᠤ ᠤᠬᠠᠭᠤᠯᠭ᠎ᠠ ᠶᠢᠨ ᠯᠠᠪᠯᠠᠯᠭ᠎ᠠ᠂ ᠠᠮᠤᠷ ᠲᠦᠪᠰᠢᠨ ᠤ ᠰᠡᠷᠡᠮᠵᠢᠯᠡᠭᠦᠯᠬᠦ ᠬᠥᠮᠦᠵᠢᠯ᠂ ᠪᠣᠳᠠᠲᠤ ᠳᠠᠶᠢᠨ ᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠵᠡᠷᠭᠡ ᠰᠢᠷᠢᠰ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠤᠯᠠᠨ ᠲᠦᠮᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠴᠢᠨᠠᠭᠰᠢᠳᠠ ᠳᠡᠭᠡᠭᠰᠢᠯᠡᠭᠦᠯᠵᠦ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠬᠡᠷᠡᠭᠲᠡᠢ᠃ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠬᠦᠴᠦᠨ ᠤ ᠲᠣᠬᠢᠷᠠᠭᠤᠯᠤᠯᠲᠠ ᠶᠢ ᠴᠢᠩᠭᠠᠳᠬᠠᠵᠤ᠂ ᠴᠠᠭ ᠢᠮᠠᠭᠲᠠ ᠵᠡᠪᠰᠡᠭ ᠢᠶᠠᠨ ᠳᠡᠷᠡᠯᠡᠵᠦ ᠪᠠᠴᠢᠮ ᠪᠠᠶᠢᠳᠠᠯ ᠢ ᠬᠦᠯᠢᠶᠡᠬᠦ ᠰᠣᠨᠣᠷ ᠰᠡᠷᠡᠮᠵᠢ ᠲᠠᠢ ᠪᠠᠶᠢᠵᠤ᠂ ᠭᠠᠮᠰᠢᠭ ᠤᠨ ᠪᠠᠶᠢᠳᠠᠯ ᠭᠠᠷᠤᠮᠠᠭᠴᠠ ᠠᠶᠤᠯ ᠲᠦᠭᠰᠢᠭᠦᠷᠢ ᠶᠢᠨ ᠪᠠᠶᠢᠳᠠᠯ ᠢ ᠴᠠᠭ ᠲᠤᠬᠠᠢ ᠳᠤᠨᠢ ᠳᠡᠭᠡᠭᠰᠢ ᠮᠡᠳᠡᠭᠦᠯᠵᠦ᠂ ᠲᠦᠷᠭᠡᠨ ᠰᠢᠢᠳᠪᠦᠷᠢᠯᠡᠬᠦ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ ᠪᠠᠰᠠ ᠣᠶᠢᠷ᠎ᠠ ᠶᠢᠨ ᠬᠤᠭᠤᠴᠠᠭᠠᠨ ᠤ ᠵᠠᠬᠢᠳᠠᠯ ᠰᠣᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1