ᠲᠣᠭᠲᠠᠬᠤ ᠰᠢᠶᠠᠨ 2022 ᠣᠨ ᠤ ᠱᠠᠰᠢᠨ ᠰᠤᠷᠲᠠᠬᠤᠨ ᠤ ᠠᠵᠢᠯ ᠤᠨ ᠭᠤᠷᠪᠠᠨ ᠳᠡᠰ ᠤᠨ ᠰᠦᠯᠵᠢᠶ᠎ᠡ ᠪᠠ ᠬᠤᠶᠠᠷ ᠳᠡᠰ ᠤᠨ ᠬᠠᠷᠢᠭᠤᠴᠠᠯᠭ᠎ᠠ ᠶᠢᠨ ᠳᠦᠷᠢᠮ ᠤᠨ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2022/9/26
     9 ᠳ᠋ᠤᠭᠡᠷ ᠰᠠᠷ᠎ᠠ ᠶᠢᠨ 22 ᠤᠨ ᠡᠳᠦᠷ᠂ ᠮᠠᠨ ᠤ ᠰᠢᠶᠠᠨ 2022 ᠣᠨ ᠤ ᠱᠠᠰᠢᠨ ᠰᠤᠷᠲᠠᠬᠤᠨ‌‍ᠤ ᠠᠵᠢᠯ ᠤᠨ ᠭᠤᠷᠪᠠᠨ ᠳᠡᠰ ᠤᠨ ᠰᠦᠯᠵᠢᠶ᠎ᠡ ᠪᠠ ᠬᠤᠶᠠᠷ ᠲᠤᠶᠢᠯ ᠤᠨ ᠬᠠᠷᠢᠭᠤᠴᠠᠯᠭ᠎ᠠ ᠶᠢᠨ ᠳᠦᠷᠢᠮ ᠤᠨ ᠪᠣᠯᠪᠠᠰᠤᠷᠠᠯ ᠤᠨ ᠠᠩᠭᠢ ᠶᠢ ᠡᠷᠬᠢᠯᠡᠪᠡ᠃      ᠪᠣᠯᠪᠠᠰᠤᠷᠠᠯ ᠤᠨ ᠠᠩᠭᠢ ᠶᠢᠨ ᠬᠢᠨ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠱᠠᠰᠢᠨ ᠰᠤᠷᠲᠠᠬᠤᠨ ᠤ ᠰᠤᠳᠤᠯᠭᠠᠨ ᠤ ᠨᠡᠶᠢᠭᠡᠮᠯᠢᠭ ᠤᠨ ᠰᠤᠳᠤᠯᠤᠭᠴᠢ᠂ ᠥᠪᠥᠷ ᠮᠣᠩᠭᠤᠯ ᠤᠨ ᠨᠡᠶᠢᠭᠡᠮ ᠵᠢᠷᠤᠮ ᠤᠨ ᠳᠡᠭᠡᠳᠦ ᠰᠤᠷᠭᠠᠭᠤᠯᠢ ᠶᠢᠨ ᠳᠡᠳ᠋ ᠫᠷᠤᠹᠥᠰᠰᠤᠷ ᠮᠠ ᠨᠢᠩ ᠪᠣᠯᠣᠨ ᠰᠢᠶᠠᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠭᠦᠨ᠂ ᠰᠢᠶᠠᠨ ᠤ ᠮᠦᠽᠧᠢ ᠶᠢᠨ ᠬᠦᠷᠢᠶᠡᠯᠡᠩ ᠤᠨ ᠲᠠᠶᠢᠯᠪᠤᠷᠢᠯᠠᠭᠴᠢ ᠯᠢᠦ ᠼᠠᠢ ᠰᠢᠶᠠ ᠶᠢ ᠤᠷᠢᠵᠤ᠂ ︽ᠮᠠᠨ ᠤ ᠤᠯᠤᠰ ᠤᠨ ᠱᠠᠰᠢᠨ ᠰᠤᠷᠲᠠᠬᠤᠨ ᠢ ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠲᠠᠯᠠᠵᠤ ᠰᠢᠨ᠎ᠡ ᠴᠠᠭ ᠦᠶ᠎ᠡ ᠶᠢᠨ ᠱᠠᠰᠢᠨ ᠰᠤᠷᠲᠠᠬᠤᠨ ᠤ ᠠᠵᠢᠯ ᠢ ᠰᠠᠶᠢᠲᠤᠷ ᠬᠢᠬᠦ︾᠂ ︽ᠮᠦᠽᠧᠢ ᠳᠠᠬᠢ ᠲᠣᠭᠲᠠᠬᠤ ᠲᠡᠦᠬᠡ ᠶᠢᠨ ᠤᠯᠠ ᠮᠥᠷ ᠲᠠᠬᠢ ᠦᠨᠳᠦᠰᠦᠲᠡᠨ ᠤ ᠠᠭᠤᠰᠤᠯᠴᠠᠯ ︾ ᠤᠨ ᠲᠣᠭᠤᠷᠢᠨ ᠳᠤ ᠲᠤᠰ ᠲᠤᠰ ᠲᠤᠰᠬᠠᠢ ᠰᠡᠳᠦᠪᠲᠦ ᠬᠠᠪᠰᠤᠷᠤᠨ ᠵᠢᠯᠣᠭᠤᠳᠤᠯᠭ᠎ᠠ ᠬᠢᠵᠡᠢ᠃      ᠪᠣᠯᠪᠠᠰᠤᠷᠠᠭᠤᠯᠤᠯ ᠳᠤ ᠵᠢᠭᠠᠵᠤ ᠭᠠᠷᠭᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠱᠠᠰᠢᠨ ᠰᠤᠷᠲᠠᠬᠤᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠵᠢᠴᠢ ᠪᠦᠬᠦ ᠤᠯᠤᠰ᠂ ᠪᠦᠬᠦ ᠣᠷᠣᠨ᠂ ᠪᠦᠬᠦ ᠬᠤᠳᠠ᠂ ᠪᠦᠬᠦ ᠰᠢᠶᠠᠨ ᠤ ᠱᠠᠰᠢᠨ ᠰᠤᠷᠲᠠᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠱᠠᠰᠢᠨ ᠰᠤᠷᠲᠠᠬᠤᠨ ᠤ ᠠᠵᠢᠯᠲᠠᠳ ᠤᠨ ᠰᠢᠨ᠎ᠡ ᠴᠠᠭ ᠦᠶ᠎ᠡ ᠶᠢᠨ ᠱᠠᠰᠢᠨ ᠰᠤᠷᠲᠠᠬᠤᠨ ᠤ ᠠᠵᠢᠯ ᠢ ᠰᠠᠶᠢᠲᠤᠷ ᠬᠢᠬᠦ ᠴᠢᠳᠠᠪᠤᠷᠢ ᠪᠣᠯᠣᠨ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠱᠠᠰᠢᠨ ᠰᠤᠷᠲᠠᠬᠤᠨ ᠤ ᠠᠵᠢᠯ ᠤᠨ ᠲᠤᠬᠠᠢ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠮᠠᠨ ᠤ ᠰᠢᠶᠠᠨ ᠳᠤ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠲᠡᠷᠡ ᠬᠡᠪ ᠢᠶᠠᠷ ᠨᠢ ᠠᠬᠢᠭᠤᠯᠬᠤ ᠬᠡᠷᠡᠭᠲᠡᠢ᠃ ᠱᠠᠰᠢᠨ ᠰᠤᠷᠲᠠᠬᠤᠨ ᠤ ᠠᠵᠢᠯ ᠤᠨ ᠬᠠᠨᠳᠤᠰᠢ᠂ ᠣᠨᠴᠠᠯᠢᠭ ᠪᠠ ᠵᠢᠮ᠎ᠡ ᠶᠣᠰᠣ ᠶᠢ ᠣᠨᠣᠪᠴᠢᠲᠠᠶ ᠡᠵᠡᠮᠳᠡᠵᠦ᠂ ᠱᠠᠰᠢᠨ ᠰᠢᠲᠦᠳᠡᠭ ᠤᠯᠠᠨ ᠲᠦᠮᠡᠨ ᠲᠠᠢ ᠨᠢᠭᠲᠠ ᠬᠠᠷᠢᠯᠴᠠᠵᠤ᠂ ᠤᠯᠤᠰ ᠲᠦᠷᠦ ᠶᠢᠨ ᠲᠠᠯ᠎ᠠ ᠪᠠᠷ ᠪᠦᠯᠬᠦᠮᠳᠡᠨ ᠬᠠᠮᠲᠤᠷᠠᠯᠴᠠᠬᠤ᠂ ᠱᠠᠰᠢᠨ ᠰᠢᠲᠦᠯᠭᠡ ᠶᠢᠨ ᠲᠠᠯ᠎ᠠ ᠪᠠᠷ ᠬᠠᠷᠢᠯᠴᠠᠨ ᠬᠦᠨᠳᠦᠳᠬᠡᠬᠦ ᠶᠢ ᠪᠠᠷᠢᠮᠲᠠᠯᠠᠵᠤ᠂ ᠬᠦᠴᠢᠷᠳᠡᠯ ᠪᠠᠶᠢᠪᠠᠯ ᠦᠨᠡᠨ ᠰᠡᠳᠬᠢᠯ ᠠᠴᠠ ᠪᠠᠨ ᠬᠠᠪᠰᠤᠷᠤᠨ ᠰᠢᠢᠳᠪᠦᠷᠢᠯᠡᠵᠦ᠂ ᠱᠠᠰᠢᠨ ᠰᠢᠲᠦᠳᠡᠭ ᠤᠯᠠᠨ ᠲᠦᠮᠡᠨ ᠳᠤ ᠨᠠᠮ ᠪᠠ ᠵᠠᠰᠠᠭ ᠤᠨ ᠣᠷᠳᠣᠨ ᠤ ᠬᠠᠯᠠᠮᠵᠢᠯᠠᠯ ᠪᠠ ᠬᠠᠯᠠᠭᠤᠨ ᠳᠤᠯᠠᠭᠠᠨ ᠢ ᠮᠡᠳᠡᠷᠡᠭᠦᠯᠵᠦ᠂ ᠲᠡᠳᠡᠨ ᠢ ᠮᠠᠨ ᠤ ᠰᠢᠶᠠᠨ ᠤ ᠥᠭᠡᠷᠡᠴᠢᠯᠡᠯᠲᠡ ᠬᠥᠭᠵᠢᠯᠲᠡ ᠶᠢ ᠠᠬᠢᠭᠤᠯᠬᠤ ᠴᠢᠬᠤᠯᠠ ᠬᠦᠴᠦᠨ ᠪᠣᠯᠭᠠᠬᠤ ᠬᠡᠷᠡᠭᠲᠡᠢ ᠭᠡᠵᠡᠢ᠃      ᠰᠢᠶᠠᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠰᠢᠶᠠᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ᠂ ᠰᠢᠶᠠᠨ ᠤ ᠨᠡᠶᠢᠭᠡᠮ ᠵᠢᠷᠤᠮ ᠤᠨ ᠰᠤᠷᠭᠠᠭᠤᠯᠢ᠂ ᠰᠢᠶᠠᠨ ᠤ ᠱᠠᠰᠢᠨ ᠰᠤᠷᠲᠠᠬᠤᠨ ᠤ ᠪᠦᠯᠬᠦᠮ ᠤᠨ ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ ᠵᠢᠴᠢ ᠰᠢᠶᠠᠨ᠂ ᠪᠠᠯᠭᠠᠰᠤᠨ ᠤ ᠱᠠᠰᠢᠨ ᠰᠤᠷᠲᠠᠬᠤᠨ ᠤ ᠺᠠᠳ᠋ᠷ ᠬᠢᠭᠡᠳ ᠲᠣᠰᠬᠤᠨ ︵ᠨᠡᠶᠢᠭᠡᠮ ᠲᠣᠭᠤᠷᠢᠭ︶ ᠤ ᠮᠡᠳᠡᠭᠡ ᠵᠠᠩᠭᠢ ᠶᠢᠨ ᠬᠤᠯᠪᠣᠭᠠᠴᠢᠨ ᠨᠡᠶᠢᠲᠡ 140 ᠭᠠᠷᠤᠢ ᠬᠥᠮᠥᠨ ᠪᠣᠯᠪᠠᠰᠤᠷᠠᠯ ᠳᠤ ᠣᠷᠣᠯᠴᠠᠵᠠᠢ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1