ᠰᠢ ᠶᠢᠨ ᠫᠢᠩ ᠶᠡᠷᠦᠩᠬᠡᠢ ᠱᠦᠵᠢ ᠶᠢᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠶᠢ | ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠪᠦᠬᠦ ᠲᠠᠯ᠎ᠠ ᠪᠠᠷ ᠲᠤᠤᠱᠯᠠᠭᠤᠯᠬᠤ ᠶᠢᠨ ᠲᠥᠯᠥᠭᠡ᠂ ᠰᠢᠶᠢᠨ | ᠫᠢᠩ ᠶᠡᠷᠦᠩᠬᠡᠢ ᠱᠦᠵᠢ ᠶᠢᠨ ︽ᠳᠤᠮᠳᠠᠳᠤ ᠤᠯᠤᠰ ᠤᠨ ᠰᠠᠶᠢᠨ ᠬᠥᠮᠥᠨ︾ ᠯᠢ ᠫᠧᠢ ᠱᠧᠩ ᠳᠤ ᠥᠭᠭᠦᠭᠰᠡᠨ | ᠴᠢᠬᠤᠯᠠ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠤᠨ ᠲᠤᠤᠱᠯᠠᠭᠤᠯᠵᠤ᠂ | ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢ ᠶᠡᠭᠡ ᠪᠠᠷ ᠪᠣᠶᠢᠵᠢᠭᠤᠯᠤᠨ ᠦᠢᠯᠡᠳᠦᠯᠭᠡᠵᠢᠭᠦᠯᠵᠦ᠂ | ᠨᠡᠶᠢᠭᠡᠮ ᠨᠡᠶᠢᠲᠡ ᠶᠢᠨ ᠶᠣᠰᠣ ᠮᠣᠷᠠᠯ᠂ ᠠᠵᠢᠯ ᠮᠡᠷᠭᠡᠵᠢᠯ ᠤᠨ ᠶᠣᠰᠣ ᠮᠣᠷᠠᠯ᠂ ᠭᠡᠷ ᠪᠦᠯᠢ ᠶᠢᠨ ᠰᠠᠶᠢᠨ ᠰᠠᠶᠢᠬᠠᠨ | ᠵᠠᠩ ᠮᠣᠷᠠᠯ᠂ ᠬᠤᠪᠢ ᠬᠥᠮᠥᠨ ᠤ ᠵᠠᠩ ᠮᠣᠷᠠᠯ ᠤᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠶᠢᠨ ᠲᠦᠯᠦᠭᠡ᠂ 9 | ᠳ᠋ᠤᠭᠡᠷ ᠰᠠᠷ᠎ᠠ ᠶᠢᠨ 23 ᠤ ᠡᠳᠦᠷ᠂ ᠮᠠᠨ ᠤ ᠰᠢᠶᠠᠨ ︽ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ | ᠡᠷᠡᠯᠬᠡᠭᠯᠡᠨ ᠤᠷᠤᠭᠰᠢᠯᠠᠬᠤ ᠰᠢᠨ᠎ᠡ ᠠᠶᠠᠨ ᠵᠠᠮ︾ ᠭᠡᠬᠦ ᠭᠤᠣᠯ ᠰᠡᠳᠦᠪᠲᠦ ᠲᠣᠭᠲᠠᠬᠤ ᠰᠢᠶᠠᠨ ᠤ ᠬᠤᠷᠢᠳᠤᠭᠠᠷ | ᠤᠳᠠᠭᠠᠨ ᠤ ︽ᠠᠷᠠᠳ ᠢᠷᠭᠡᠳ ᠤᠨ ᠶᠣᠰᠣ ᠮᠣᠷᠠᠯ ᠤᠨ ᠤᠬᠠᠭᠤᠯᠭ᠎ᠠ ᠶᠢᠨ ᠡᠳᠦᠷ︾ ᠭᠡᠬᠦ ᠭᠤᠣᠯ ᠰᠡᠳᠦᠪᠲᠦ | ᠠᠵᠢᠯᠯᠠᠭ᠎ᠠ ᠶᠢ ᠡᠷᠬᠢᠯᠡᠪᠡ᠃ | ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠢᠢ ᠶᠠ | ᠨᠠᠨ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ | ᠡᠷᠬᠢᠯᠡᠭᠴᠢ ᠸᠧᠨ ᠵᠢᠶᠠᠩ ᠬᠠᠢ ᠠᠵᠢᠯᠯᠠᠭ᠎ᠠ ᠳᠤ ᠣᠷᠣᠯᠴᠠᠪᠠ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠲᠣᠭᠲᠠᠬᠤ ᠰᠠᠶᠢᠨ ᠬᠥᠮᠥᠨ ᠤ ᠲᠥᠯᠥᠭᠡᠯᠡᠭᠴᠢ ᠲᠠᠢ | ᠶᠣᠰᠣᠷᠬᠠᠭ ᠢᠶᠠᠷ ᠤᠴᠠᠷᠠᠨ ᠲᠣᠬᠤᠨᠢᠭᠤᠯᠵᠤ᠂ ᠳᠡᠳᠡᠨ ᠳᠤ ᠰᠣᠩᠭᠤᠭᠳᠠᠭᠰᠠᠨ ᠳᠤᠷᠠᠰᠬᠠᠯ ᠤᠨ ᠦᠨᠡᠮᠯᠡᠯ ᠵᠢᠴᠢ | ᠳᠤᠷᠠᠰᠬᠠᠯ ᠤᠨ ᠪᠣᠳᠠᠰ ᠣᠯᠭᠤᠬᠤ ᠶᠢᠨ ᠬᠠᠮᠲᠤ ᠰᠠᠶᠢᠨ ᠰᠠᠶᠢᠬᠠᠨ ᠵᠥᠩᠨᠡᠯ ᠳᠡᠪᠰᠢᠭᠦᠯᠵᠦ᠂ ᠶᠣᠰᠣ ᠰᠤᠷᠲᠠᠬᠤᠨ ᠢ | ᠬᠦᠷᠲᠡᠮᠵᠢ ᠲᠠᠢ᠂ ᠰᠠᠶᠢᠨ ᠬᠥᠮᠥᠨ ᠢ ᠰᠠᠶᠢᠨ ᠬᠠᠷᠢᠭᠤ ᠲᠠᠢ ᠪᠣᠯᠭᠠᠵᠤ᠂ ᠶᠣᠰᠣ ᠰᠤᠷᠲᠠᠬᠤᠨ ᠢ ᠡᠷᠬᠢᠮᠯᠡᠨ ᠪᠤᠶᠠᠨ | ᠦᠢᠯᠡᠳᠬᠦ᠂ ᠡᠷᠳᠡᠮᠲᠡᠨ ᠮᠡᠷᠭᠡᠳ ᠠᠴᠠ ᠲᠠᠭᠠᠨ ᠰᠤᠷᠤᠯᠴᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ | ᠪᠣᠯᠭᠠᠭᠰᠠᠨ ᠪᠠᠶᠢᠨ᠎ᠠ᠃ | ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠬᠦ ᠶᠢᠨ ᠵᠣᠷᠢᠯᠭ᠎ᠠ ᠨᠢ ᠪᠣᠯᠪᠠᠰᠤᠨ ᠬᠤᠲᠠ ᠶᠢ ᠡᠭᠦᠳᠦᠨ | ᠪᠠᠶᠢᠭᠤᠯᠬᠤ ᠬᠢᠷᠢ ᠲᠦᠪᠰᠢᠨ ᠢ ᠳᠡᠭᠡᠭᠰᠢᠯᠡᠭᠦᠯᠵᠦ᠂ ᠣᠶᠤᠨ ᠤ ᠪᠣᠯᠪᠠᠰᠤᠨ ᠤ ᠬᠥᠮᠦᠵᠢᠯ ᠪᠠ ᠪᠣᠯᠪᠠᠰᠤᠨ ᠬᠡᠪ | ᠰᠤᠷᠲᠠᠯ ᠤᠨ ᠠᠵᠢᠯᠯᠠᠭ᠎ᠠ ᠶᠢ ᠭᠦᠨᠵᠡᠭᠡᠶᠢᠷᠡᠭᠦᠯᠦᠨ᠂ ᠦᠨᠡᠨᠴᠢ ᠢᠲᠡᠭᠡᠮᠵᠢᠲᠡᠢ ᠨᠡᠶᠢᠲᠡᠯᠢᠭ ᠬᠥᠮᠥᠰ ᠢ ᠥᠷᠭᠡᠨ ᠢᠶᠠᠷ | ᠤᠬᠠᠭᠤᠯᠵᠤ᠂ ᠦᠨᠡᠨᠴᠢ ᠢᠲᠡᠭᠡᠮᠵᠢᠲᠡᠢ ᠥᠯᠢᠭᠡᠷ ᠢ ᠰᠠᠶᠢᠲᠤᠷ ᠶᠠᠷᠢᠵᠤ᠂ ᠦᠨᠡᠨᠴᠢ ᠢᠲᠡᠭᠡᠮᠵᠢᠲᠡᠢ ᠬᠥᠭᠵᠢᠯᠲᠡ ᠶᠢᠨ | ᠣᠷᠴᠢᠨ ᠨᠥᠬᠦᠴᠡᠯ ᠢ ᠪᠣᠶ ᠪᠣᠯᠭᠠᠬᠤ ᠶᠢᠨ ᠲᠥᠯᠥᠭᠡ ᠶᠤᠮ︔ ᠪᠣᠯᠪᠠᠰᠤᠨ ᠲᠣᠰᠬᠤᠨ ᠪᠠᠯᠭᠠᠰᠤ᠂ ᠪᠣᠯᠪᠠᠰᠤᠨ | ᠨᠢᠭᠡᠴᠡ᠂ ᠪᠣᠯᠪᠠᠰᠤᠨ ᠰᠤᠷᠭᠠᠭᠤᠯᠢ ᠶᠢᠨ ᠬᠦᠷᠢᠶ᠎ᠡ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ | ᠪᠠᠬᠢᠵᠢᠭᠦᠯᠦᠨ᠎ᠡ︔ ᠥᠷᠭᠡᠨ ᠤᠯᠠᠨ ᠲᠠᠷᠢᠶᠠᠴᠢᠨ ᠲᠦᠮᠡᠨ ᠤ ᠦᠵᠡᠯ ᠰᠠᠨᠠᠭ᠎ᠠ ᠶᠣᠰᠣ ᠮᠣᠷᠠᠯ ᠤᠨ ᠪᠣᠯᠪᠠᠰᠤᠨ ᠬᠡᠪ | ᠴᠢᠨᠠᠷ ᠢ ᠳᠡᠭᠡᠭᠰᠢᠯᠡᠭᠦᠯᠵᠦ᠂ ᠰᠤᠷᠤᠭᠴᠢᠳ ᠤᠨ ᠦᠵᠡᠯ ᠰᠠᠨᠠᠭ᠎ᠠ ᠶᠣᠰᠣ ᠮᠣᠷᠠᠯ ᠤᠨ ᠬᠥᠮᠦᠵᠢᠯ ᠢ ᠴᠢᠩᠭᠠᠳᠬᠠᠵᠤ᠂ | ᠶᠣᠰᠣ ᠮᠣᠷᠠᠯ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠬᠥᠳᠡᠯᠮᠦᠷᠢ ᠵᠡᠷᠭᠡ ᠪᠦᠬᠦ ᠲᠠᠯ᠎ᠠ ᠪᠠᠷ | ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠥᠵᠢᠭᠦᠯᠦᠨ᠎ᠡ᠃ | ᠪᠣᠯᠪᠠᠰᠤᠨ ᠭᠡᠷ ᠪᠦᠯᠢ᠂ ᠪᠣᠯᠪᠠᠰᠤᠨ ᠨᠡᠶᠢᠭᠡᠮ ᠲᠣᠭᠤᠷᠢᠭ ᠤᠨ ᠵᠢᠵᠢᠭ ᠲᠣᠭᠤᠷᠢᠭ ᠢ ᠡᠭᠦᠳᠦᠨ ᠪᠠᠶᠢᠭᠤᠯᠬᠤ | ᠠᠵᠢᠯᠯᠠᠭ᠎ᠠ ᠶᠢ ᠠᠬᠢᠭᠤᠯᠤᠨ᠎ᠠ︔ ᠰᠠᠶᠢᠨ ᠰᠠᠶᠢᠬᠠᠨ ᠭᠡᠷ ᠤᠨ ᠰᠤᠷᠲᠠᠯ ᠢ ᠪᠣᠶᠢᠵᠢᠭᠤᠯᠵᠤ᠂ ᠨᠡᠶᠢᠭᠡᠮ ᠵᠢᠷᠤᠮ ᠤᠨ ᠭᠡᠷ | ᠪᠦᠯᠢ ᠶᠢᠨ ᠪᠣᠯᠪᠠᠰᠤᠨ ᠤ ᠰᠢᠨ᠎ᠡ ᠬᠡᠪ ᠰᠤᠷᠲᠠᠯ ᠢ ᠶᠡᠬᠡᠪᠡᠷ ᠪᠠᠳᠠᠷᠠᠭᠤᠯᠵᠤ᠂ ᠰᠢᠨ᠎ᠡ ᠭᠠᠷᠤᠭ᠎ᠠ ᠳᠡᠭᠡᠷ᠎ᠡ ᠠᠴᠠ | ᠲᠣᠭᠲᠠᠬᠤ ᠰᠢᠶᠠᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠵᠢᠯ ᠢ ᠲᠠᠬᠢᠨ ᠰᠢᠨ᠎ᠡ ᠳᠡᠭᠲᠡᠷ ᠲᠤ ᠭᠠᠷᠭᠠᠶ᠎ᠠ | ︕ | ᠳᠠᠷᠠᠭ᠎ᠠ ᠳᠤᠨᠢ᠂ ᠤᠯᠠᠨ ᠢᠶᠠᠷ ᠢᠶᠠᠨ ᠤᠯᠠᠭᠠᠨᠮᠥ᠋ᠴᠢᠷ ᠤᠨ ᠲᠣᠭᠯᠠᠭᠴᠢᠳ ᠤᠨ ᠠᠪᠴᠢᠷᠠᠭᠰᠠᠨ ᠭᠤᠶᠢᠳᠠ | ᠰᠠᠶᠢᠬᠠᠨ ᠲᠣᠭᠯᠠᠯᠲᠠ ᠶᠢ ᠰᠣᠨᠢᠷᠬᠠᠪᠠ᠃ ᠠᠵᠢᠯᠯᠠᠭ᠎ᠠ ᠳᠠᠭᠤᠰᠤᠭᠰᠠᠨ ᠤ ᠳᠠᠷᠠᠭ᠎ᠠ ᠣᠯᠠᠨ ᠢᠶᠠᠷ ᠢᠶᠠᠨ | ᠢᠯᠡᠷᠬᠡᠶᠢᠯᠡᠬᠦ ᠳᠡᠭᠡᠨ᠂ ᠬᠤᠶᠢᠰᠢᠳᠠ ᠶᠢᠨ ᠠᠵᠢᠯ ᠠᠮᠢᠳᠤᠷᠠᠯ ᠳᠤᠮᠳᠠ ᠪᠠᠨ ᠶᠣᠰᠣ ᠮᠣᠷᠠᠯ ᠤᠨ ᠵᠢᠱᠢᠶᠡᠴᠢ ᠪᠠᠷ | ᠥᠯᠢᠭᠡᠷ ᠳᠠᠭᠤᠷᠢᠶᠠᠯ ᠪᠣᠯᠭᠠᠵᠤ᠂ ᠳᠡᠷᠭᠡᠳᠡᠬᠢ ᠪᠠᠭ᠎ᠠ ᠶᠠᠪᠤᠳᠠᠯ ᠠᠴᠠ ᠡᠬᠢᠯᠡᠨ ᠬᠢᠵᠦ᠂ ᠨᠡᠶᠢᠭᠡᠮᠦᠨ ᠨᠡᠶᠢᠲᠡ ᠶᠢᠨ | ᠶᠣᠰᠣ ᠮᠣᠷᠠᠯ᠂ ᠠᠵᠢᠯ ᠮᠡᠷᠭᠡᠵᠢᠯ ᠤᠨ ᠶᠣᠰᠣ ᠮᠣᠷᠠᠯ᠂ ᠭᠡᠷ ᠪᠦᠯᠢ ᠶᠢᠨ ᠰᠠᠶᠢᠬᠠᠨ ᠰᠤᠷᠲᠠᠯ᠂ ᠬᠤᠪᠢ ᠬᠥᠮᠥᠨ ᠤ | ᠵᠠᠩ ᠮᠣᠷᠠᠯ ᠢ ᠤᠯᠠᠮᠵᠢᠯᠠᠨ ᠵᠠᠯᠭᠠᠮᠵᠢᠯᠠᠵᠤ᠂ ᠶᠣᠰᠣ ᠮᠣᠷᠠᠯ ᠤᠨ ᠵᠢᠱᠢᠶᠡᠴᠢ ᠠᠴᠠ ᠰᠤᠷᠤᠯᠴᠠᠬᠤ ᠪᠠ ᠤᠬᠠᠭᠤᠯᠬᠤ | ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠢᠷᠠᠭᠤ ᠠᠯᠳᠠᠷ ᠢᠴᠢᠭᠦᠷᠢ ᠭᠤᠲᠤᠮᠰᠢᠭ ᠢ ᠮᠡᠳᠡᠬᠦ᠂ ᠶᠣᠰᠣ ᠮᠣᠷᠠᠯ ᠢ | ᠡᠷᠬᠢᠮᠯᠡᠬᠦ᠂ ᠦᠨᠡᠨᠴᠢ ᠢᠲᠡᠭᠡᠮᠵᠢᠲᠡᠢ ᠪᠠᠶᠢᠬᠤ ᠶᠢ ᠪᠠᠷᠢᠮᠲᠠᠯᠠᠬᠤ ᠰᠠᠶᠢᠨ ᠰᠠᠶᠢᠬᠠᠨ ᠨᠡᠶᠢᠭᠡᠮ ᠤᠨ ᠬᠡᠪ ᠰᠤᠷᠲᠠᠯ ᠢ | ᠴᠢᠷᠮᠠᠶᠢᠨ ᠪᠣᠶ ᠪᠣᠯᠭᠠᠨ᠎ᠠ ᠭᠡᠵᠡᠢ᠃ | |