ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠤᠸ ᠵᠧᠩ ᠰᠣᠶᠣᠯ ᠪᠡᠶ᠎ᠡ ᠶᠢᠨ ᠲᠠᠮᠢᠷ ᠤᠨ ᠠᠵᠢᠯᠯᠠᠭᠠᠨ ᠤ ᠲᠥᠪ ᠤᠨ ᠨᠡᠭᠡᠭᠡᠯᠲᠡ ᠲᠠᠢ ᠠᠵᠢᠯᠯᠠᠭᠠᠨ ᠤ ᠪᠠᠶᠢᠳᠠᠯ ᠳᠤ ᠪᠠᠶᠢᠴᠠᠭᠠᠨ ᠰᠤᠳᠤᠯᠤᠯᠳᠠ ᠬᠢᠪᠡ
ᠨᠡᠶᠢᠲᠡᠯᠡᠭᠰᠡᠨ ᠴᠠᠭ᠄
2022/9/26
      9 ᠰᠠᠷ᠎ᠠ ᠶᠢᠨ 24 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠤᠸ ᠵᠧᠩ ᠰᠢᠶᠠᠨ ᠤ ᠰᠣᠶᠣᠯ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠥᠪ ᠲᠤ ᠬᠦᠷᠴᠦ᠂ ᠡᠯ᠎ᠡ ᠲᠥᠷᠥᠯ ᠤᠨ ᠲᠠᠯᠠᠪᠤᠷ ᠣᠷᠳᠣᠨ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠰᠣᠶᠣᠯ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠥᠪ ᠤᠨ ᠨᠡᠭᠡᠭᠡᠯᠲᠡ᠂ ᠡᠵᠡᠩᠨᠡᠯᠲᠡ ᠬᠠᠮᠢᠶᠠᠷᠤᠯᠲᠠ ᠪᠠ ᠦᠢᠯᠡᠴᠢᠯᠡᠭᠡᠨ‌‍ᠦ ᠪᠠᠲᠤᠯᠠᠭ᠎ᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠰᠣᠶᠣᠯ ᠤᠨ ᠠᠵᠢᠯᠯᠠᠭ᠎ᠠ ᠶᠢ ᠬᠡᠷᠬᠢᠨ ᠨᠠᠩ ᠰᠠᠶᠢᠨ ᠥᠷᠨᠢᠭᠦᠯᠬᠦ᠂ ᠬᠡᠷᠡᠭᠯᠡᠭᠡᠨ ᠤ ᠴᠢᠳᠠᠮᠵᠢ ᠶᠢ ᠳᠡᠭᠡᠭᠰᠢᠯᠡᠭᠦᠯᠬᠦ᠂ ᠣᠯᠠᠨ ᠲᠦᠮᠡᠨ ᠤ ᠬᠡᠷᠡᠭᠴᠡᠭᠡ ᠶᠢ ᠬᠠᠩᠭᠠᠬᠤ ᠵᠡᠷᠭᠡ ᠲᠠᠯ᠎ᠠ ᠪᠠᠷ ᠲᠣᠳᠣᠷᠬᠠᠢ ᠱᠠᠭᠠᠷᠳᠠᠯᠭ᠎ᠠ ᠳᠤᠷᠠᠳᠪᠠ᠃      ᠭᠤᠸ ᠵᠧᠩ ᠬᠡᠯᠡᠬᠦ ᠳᠡᠭᠡᠨ᠂ ᠣᠯᠠᠨ ᠲᠦᠮᠡᠨ ᠤ ᠠᠮᠢᠳᠤᠷᠠᠯ ᠤᠨ ᠬᠢᠷᠢ ᠲᠦᠪᠰᠢᠨ ᠡᠳᠦᠷ ᠢᠷᠡᠬᠦᠶ᠎ᠡ ᠳᠡᠭᠡᠭᠰᠢᠯᠡᠬᠦ ᠶᠢ ᠳᠠᠭᠠᠯᠳᠤᠨ᠂ ᠣᠯᠠᠨ ᠲᠦᠮᠡᠨ ᠤ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠳᠤ ᠣᠷᠤᠯᠴᠠᠬᠤ ᠬᠠᠯᠠᠭᠤᠨ ᠰᠡᠳᠬᠢᠯᠭᠡ ᠣᠷᠭᠢᠯᠤᠨ ᠪᠠᠳᠠᠷᠠᠵᠤ᠂ ᠰᠣᠶᠣᠯ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠥᠪ ᠨᠢ ᠠᠷᠠᠳ ᠤᠨ ᠠᠮᠢᠳᠤᠷᠠᠯ ᠤᠨ ᠨᠢᠭᠡᠨ ᠴᠢᠬᠤᠯᠠ ᠢᠨᠵᠧᠨᠧᠷᠢᠩ ᠪᠣᠯᠤᠭᠰᠠᠨ ᠤ ᠬᠤᠪᠢ ᠳᠤ᠂ ᠬᠤᠲᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠮᠵᠢ ᠶᠢ ᠲᠡᠭᠦᠯᠳᠡᠷᠵᠢᠭᠦᠯᠬᠦ᠂ ᠪᠥᠬᠦ ᠣᠷᠣᠨ ᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠳᠦ ᠲᠥᠷᠥᠭᠳᠡᠯ ᠢ ᠳᠡᠭᠡᠭᠰᠢᠯᠡᠭᠦᠯᠬᠦ ᠳᠤ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ ᠭᠡᠵᠡᠢ᠃ ᠡᠯ᠎ᠡ ᠲᠠᠯᠠᠪᠤᠷ ᠣᠷᠳᠣᠨ ᠤ ᠠᠭᠤᠯᠭ᠎ᠠ ᠶᠢ ᠤᠯᠠᠮ ᠨᠢᠭᠡ ᠠᠯᠬᠤᠮ ᠨᠠᠷᠢᠯᠢᠭᠵᠢᠭᠤᠯᠤᠨ᠂ ᠪᠡᠯᠡᠳᠬᠡᠮᠵᠢ ᠶᠢ ᠲᠡᠭᠦᠯᠳᠡᠷᠵᠢᠭᠦᠯᠵᠦ᠂ ᠨᠡᠭᠡᠭᠡᠬᠦ ᠴᠠᠭ ᠤᠨ ᠲᠠᠯ᠎ᠠ ᠪᠠᠷ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠦᠨᠡᠨᠬᠦ ᠬᠠᠩᠭᠠᠬᠤ ᠬᠡᠷᠡᠭᠲᠡᠢ᠃ ᠨᠡᠶᠢᠭᠡᠮ ᠤᠨ ᠦᠷ᠎ᠡ ᠠᠰᠢᠭ ᠢ ᠭᠦᠢᠴᠡᠳ ᠪᠠᠳᠠᠷᠠᠭᠤᠯᠵᠤ᠂ ᠰᠢᠶᠠᠨ ᠤ ᠰᠣᠶᠣᠯ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠥᠪ ᠤᠨ ᠬᠠᠲᠠᠭᠤ ᠬᠡᠷᠡᠭᠰᠡᠯ ᠤᠨ ᠳᠠᠪᠠᠭᠤᠯᠢᠭ ᠢ ᠰᠠᠶᠢᠲᠤᠷ ᠠᠰᠢᠭᠯᠠᠵᠤ᠂ ᠲᠠᠯᠠᠪᠠᠢ ᠣᠷᠳᠣᠨ ᠤ ᠡᠵᠡᠩᠨᠡᠯᠲᠡ ᠬᠠᠮᠢᠶᠠᠷᠤᠯᠲᠠ ᠶᠢᠨ ᠵᠠᠭᠪᠤᠷ ᠢ ᠴᠢᠨᠠᠭᠰᠢᠳᠠ ᠰᠢᠨᠡᠴᠢᠯᠡᠵᠦ᠂ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠪᠠᠶᠢᠷᠢᠰᠢᠭᠤᠯᠵᠤ᠂ ᠰᠣᠶᠣᠯ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠥᠪ ᠤᠨ ᠲᠠᠯᠠᠪᠠᠢ ᠪᠣᠯᠣᠨ ᠲᠥᠬᠦᠭᠡᠷᠦᠮᠵᠢ ᠶᠢ ᠭᠦᠢᠴᠡᠳ ᠠᠰᠢᠭᠯᠠᠵᠤ᠂ ᠲᠠᠯᠠᠪᠠᠢ ᠣᠷᠳᠣᠨ ᠤ ᠴᠢᠳᠠᠪᠬᠢ ᠦᠢᠯᠡᠳᠦᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠬᠤ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠦᠢᠯᠡᠳᠦᠯ ᠢ ᠪᠠᠳᠠᠷᠠᠭᠤᠯᠵᠤ᠂ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠠᠭᠤᠯᠭ᠎ᠠ ᠶᠢ ᠪᠠᠶᠠᠯᠢᠭᠵᠢᠭᠤᠯᠵᠤ᠂ ᠤᠯᠠᠨ ᠨᠡᠶᠢᠲᠡ ᠶᠢᠨ ᠰᠣᠶᠣᠯ ᠪᠡᠶ᠎ᠡ ᠶᠢᠨ ᠲᠠᠮᠢᠷ ᠤᠨ ᠡᠬᠢ ᠪᠠᠶᠠᠯᠢᠭ ᠢ ᠬᠠᠮᠲᠤᠪᠠᠷ ᠡᠳ᠋ᠯᠡᠬᠦ ᠶᠢ ᠴᠢᠷᠮᠠᠶᠢᠨ ᠠᠬᠢᠭᠤᠯᠵᠤ᠂ ᠤᠯᠠᠨ ᠲᠦᠮᠡᠨ ᠤ ᠤᠯᠠᠨ ᠨᠡᠶᠢᠲᠡ ᠶᠢᠨ ᠰᠣᠶᠣᠯ ᠪᠡᠶ᠎ᠡ ᠶᠢᠨ ᠲᠠᠮᠢᠷ ᠤᠨ ︽ᠬᠦᠷᠲᠡᠮᠵᠢ ᠶᠢᠨ ᠲᠥᠷᠥᠭᠳᠡᠯ︾ ᠢ ᠲᠠᠰᠤᠷᠠᠯᠳᠡ ᠦᠭᠡᠢ ᠳᠡᠭᠡᠭᠰᠢᠯᠡᠭᠦᠯᠬᠦ ᠬᠡᠷᠡᠭᠲᠡᠢ ᠭᠡᠪᠡ᠃      ᠲᠣᠭᠲᠠᠬᠤ ᠰᠢᠶᠠᠨ ᠤ ᠰᠣᠶᠣᠯ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠥᠪ ᠤᠨ ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ 11742 ᠲᠦᠮᠡᠨ ᠲᠥᠭᠦᠷᠢᠭ᠂ ᠭᠤᠣᠯ ᠪᠠᠷᠢᠯᠭ᠎ᠠ ᠶᠢᠨ ᠲᠠᠯᠠᠪᠠᠢ ᠨᠢ 2.12 ᠲᠦᠮᠡᠨ ᠲᠡᠭᠰᠢ ᠳᠥᠷᠪᠡᠯᠵᠢᠨ ᠮᠥ᠋ᠲᠷ ᠪᠠᠶᠢᠵᠤ᠂ ᠰᠣᠶᠣᠯ᠂ ᠪᠡᠶ᠎ᠡ ᠶᠢᠨ ᠲᠠᠮᠢᠷ᠂ ᠦᠵᠡᠰᠬᠦᠯᠡᠩ᠂ ᠲᠣᠭᠯᠠᠯᠲᠠ ᠰᠣᠨᠢᠷᠬᠠᠬᠤ᠂ ᠵᠤᠭ᠎ᠠ ᠴᠡᠩᠭᠡᠯ᠂ ᠪᠣᠯᠪᠠᠰᠤᠷᠠᠯ᠂ ᠠᠯᠪᠠᠯᠠᠬᠤ ᠵᠡᠷᠭᠡ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠪᠠᠷᠢᠯᠭ᠎ᠠ ᠪᠣᠯᠣᠨ᠎ᠠ᠃ ᠳᠣᠲᠣᠷ᠎ᠠ ᠨᠢ ᠨᠣᠮ ᠤᠨ ᠰᠠᠩ᠂ ᠰᠣᠶᠣᠯ ᠤᠨ ᠣᠷᠳᠣᠨ᠂ ᠣᠯᠠᠨ ᠴᠢᠳᠠᠪᠤᠷᠢᠲᠤ ᠣᠷᠳᠣᠨ ︵ᠰᠠᠭᠰᠤᠨ ᠪᠥᠮᠪᠦᠭᠡ᠂ ᠥᠳᠥᠨ ᠪᠥᠮᠪᠦᠭᠡ᠂ ᠠᠯᠠᠭᠠᠳᠠᠬᠤ ᠪᠥᠮᠪᠦᠭᠡ᠂ ᠥᠷᠥᠭᠡᠨ ᠳᠣᠲᠣᠷᠠᠬᠢ ᠲᠠᠪᠤᠨ ᠬᠥᠮᠥᠨ ᠤ ᠳᠦᠷᠢᠮᠲᠦ ᠬᠥᠯ ᠪᠥᠮᠪᠦᠭᠡ ᠶᠢᠨ ᠤᠷᠤᠯᠳᠤᠭᠠᠨ ᠳᠤ ᠬᠡᠷᠡᠭᠯᠡᠵᠦ ᠪᠣᠯᠣᠨ᠎ᠠ︶᠂ ᠥᠳᠥᠨ ᠪᠥᠮᠪᠦᠭᠡ ᠶᠢᠨ ᠪᠣᠯᠪᠠᠰᠤᠷᠠᠯ ᠤᠨ ᠣᠷᠳᠣᠨ᠂ ᠡᠯᠧᠺᠲᠷᠣᠨ ᠤᠷᠤᠯᠳᠤᠭᠠᠨ ᠤ ᠲᠢᠩᠬᠢᠮ᠂  ᠲᠠᠢ ᠴᠢᠤᠸᠠᠨ ᠳ᠋ᠣᠣ ᠣᠷᠳᠣᠨ᠂ ᠶᠤᠭ᠎ᠠ ᠣᠷᠳᠣᠨ᠂ ᠪᠡᠶ᠎ᠡ ᠲᠠᠮᠢᠷ ᠤᠨ ᠪᠥᠵᠢᠭ ᠤᠨ ᠣᠷᠳᠣᠨ᠂ ᠲᠠᠮᠢᠷᠴᠢᠳ ᠤᠨ ᠠᠮᠠᠷᠠᠯᠲᠠ   ᠶᠢᠨ ᠲᠢᠩᠬᠢᠮ ᠵᠡᠷᠭᠡ ᠪᠤᠶ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1