ᠮᠠᠨ ᠤ ᠰᠢᠶᠠᠨ ᠤ ᠬᠤᠪᠢᠶᠠᠷᠢ ᠬᠤᠷᠠᠯ ᠤᠨ ᠲᠠᠯᠠᠪᠠᠶ ᠭᠠᠷᠭᠠᠵᠤ ᠣᠷᠣᠯᠴᠠᠪᠠ | ᠪᠥᠬᠦ ᠬᠤᠲᠠ ᠶᠢᠨ ᠤᠳᠤᠷᠢᠳᠬᠤ ᠺᠠᠳ᠋ᠷᠴᠤᠳ ᠤᠨ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ | ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠢ ᠰᠡᠳᠦᠪᠲᠦ ᠪᠣᠯᠪᠠᠰᠤᠷᠠᠭᠤᠯᠤᠯ ᠤᠨ ᠠᠩᠭᠢ ᠵᠢᠴᠢ ᠬᠤᠲᠠ ᠶᠢᠨ | ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠣᠯ ᠳᠤᠭᠤᠶᠢᠯᠠᠩ ︵ᠥᠷᠭᠡᠳᠬᠡᠭᠰᠡᠨ︶ ᠤᠨ 2022 ᠣᠨ ᠤ | 10 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠶᠠᠪᠤᠭᠳᠠᠪᠠ᠃ | ᠪᠤᠤ ᠭᠠᠩ ᠲᠤᠰᠬᠠᠢ ᠰᠡᠳᠦᠪᠲᠦ ᠬᠠᠪᠰᠤᠷᠤᠨ ᠵᠢᠯᠣᠭᠤᠳᠤᠯᠭ᠎ᠠ ᠬᠢᠪᠡ ᠼᠤᠤ ᠰᠧ ᠶᠠᠩ ᠬᠤᠷᠠᠯ ᠢ ᠡᠷᠬᠢᠯᠡᠪᠡ | ᠃ | 9 ᠳ᠋ᠤᠭᠡᠷ ᠰᠠᠷ᠎ᠠ ᠶᠢᠨ 26 ᠤ ᠡᠳᠦᠷ᠂ ᠪᠥᠬᠦ ᠬᠤᠲᠠ ᠶᠢᠨ ᠤᠳᠤᠷᠢᠳᠬᠤ ᠺᠠᠳ᠋ᠷᠴᠤᠳ ᠤᠨ ᠰᠢ ᠶᠢᠨ | ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠢ ᠰᠡᠳᠦᠪᠲᠦ | ᠪᠣᠯᠪᠠᠰᠤᠷᠠᠭᠤᠯᠤᠯ ᠤᠨ ᠠᠩᠭᠢ ᠵᠢᠴᠢ ᠬᠤᠲᠠ ᠶᠢᠨ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠣᠯ | ᠳᠤᠭᠤᠶᠢᠯᠠᠩ ︵ᠥᠷᠭᠡᠳᠬᠡᠭᠰᠡᠨ︶ ᠤᠨ 2022 ᠣᠨ ᠤ 10 ᠳ᠋ᠤᠭᠠᠷ ᠤᠳᠠᠭᠠᠨ ᠤ ᠬᠠᠮᠲᠤ ᠶᠢᠨ | ᠰᠤᠷᠤᠯᠴᠠᠯᠭ᠎ᠠ ᠶᠢᠨ ᠬᠤᠷᠠᠯ ᠬᠤᠷᠠᠯᠳᠤᠪᠠ᠃ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠤᠱᠯᠠᠭᠤᠯᠵᠤ᠂ ᠪᠦᠬᠦ ᠬᠤᠲᠠ ᠶᠢᠨ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠢ ᠳᠠᠶᠢᠴᠢᠯᠠᠨ | ᠬᠠᠤᠯᠢ ᠪᠠᠷ ᠵᠠᠰᠠᠬᠤ ᠰᠡᠳᠬᠢᠬᠦᠢ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠬᠠᠤᠯᠢ ᠪᠠᠷ ᠵᠠᠰᠠᠬᠤ | ᠤᠬᠠᠮᠰᠠᠷ ᠢᠶᠠᠨ ᠳᠡᠭᠡᠭᠰᠢᠯᠡᠭᠦᠯᠵᠦ᠂ ᠬᠠᠤᠯᠢᠵᠢᠯ ᠤᠨ ᠦᠵᠡᠯᠲᠡ ᠶᠢ ᠪᠠᠲᠤ ᠪᠤᠢ ᠪᠣᠯᠭᠠᠵᠤ᠂ ᠬᠠᠤᠯᠢ ᠶᠢ ᠬᠦᠨᠳᠦᠳᠬᠡᠬᠦ | ᠬᠠᠤᠯᠢ ᠶᠢ ᠰᠤᠷᠤᠯᠴᠠᠬᠤ ᠬᠠᠤᠯᠢ ᠶᠢ ᠰᠠᠬᠢᠬᠤ ᠶᠢ ᠠᠵᠢᠯ ᠤᠨ ᠪᠦᠬᠦ ᠶᠠᠪᠤᠴᠠ ᠶᠢᠨ ᠡᠯ᠎ᠡ ᠭᠤᠭᠴᠤᠭ᠎ᠠ ᠳᠤ | ᠠᠭᠤᠰᠤᠯᠴᠠᠭᠤᠯᠬᠤ ᠶᠢᠨ ᠬᠠᠮᠲᠤ ᠬᠤᠳᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ | ᠲᠥᠯᠥᠭᠡᠯᠡᠭᠴᠢᠳ ᠤᠨ ᠶᠡᠭᠡ ᠬᠤᠷᠠᠯ ᠠᠴᠠ ᠨᠠᠰᠢ᠂ ᠬᠤᠳᠠ ᠶᠢᠨ ᠨᠠᠮ ᠤᠨ ᠬᠤᠷᠢᠶ᠎ᠠ ᠶᠢᠨ ᠡᠷᠬᠢᠯᠡᠭᠰᠡᠨ 7 | ᠤᠳᠠᠭ᠎ᠠ ᠶᠢᠨ ᠲᠤᠰᠬᠠᠢ ᠰᠡᠳᠦᠪᠲᠦ ᠬᠠᠪᠰᠤᠷᠤᠨ ᠵᠢᠯᠣᠭᠤᠳᠤᠯᠭ᠎ᠠ ᠳᠤ ᠳ᠋ᠦᠩᠨᠡᠯᠲᠡ ᠬᠢᠵᠦ᠂ ᠨᠠᠮ ᠤᠨ ᠰᠢᠨ᠎ᠡ ᠶᠢ | ᠡᠭᠦᠳᠬᠦ ᠤᠨᠤᠯ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠤᠭᠤᠯᠵᠤ᠂ ᠣᠷᠣᠨ ᠤ | ᠲᠥᠪ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ | ᠬᠤᠷᠢᠶ᠎ᠠ ᠶᠢᠨ ᠱᠦᠵᠢ ᠪᠤᠤ ᠭᠠᠩ ︽ᠠᠷᠪᠠᠨ ᠨᠢᠭᠡ ᠶᠢ ᠪᠠᠷᠢᠮᠲᠠᠯᠠᠬᠤ︾ ᠰᠢ ᠶᠢᠨ ᠫᠢᠩ ᠤᠨ ᠬᠠᠤᠯᠢᠵᠢᠯ ᠤᠨ | ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠣᠳᠣᠷᠬᠠᠶᠢᠯᠠᠨ ᠭᠦᠨᠵᠡᠭᠡᠢ ᠲᠠᠶᠢᠯᠪᠤᠷᠢᠯᠠᠵᠤ᠂ ᠪᠦᠬᠦ ᠬᠤᠳᠠ ᠶᠢᠨ ᠡᠯ᠎ᠡ | ᠱᠠᠲᠤᠨ ᠤ ᠤᠳᠤᠷᠢᠳᠬᠤ ᠺᠠᠳ᠋ᠷ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ | ᠣᠨᠣᠪᠴᠢᠲᠠᠢ ᠰᠤᠷᠤᠯᠴᠠᠨ ᠣᠶᠢᠯᠠᠭᠠᠵᠤ᠂ ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠬᠤ᠂ ᠬᠠᠤᠯᠢ ᠶᠢ ᠴᠢᠩᠭ᠎ᠠ | ᠬᠡᠷᠡᠭᠵᠢᠭᠦᠯᠬᠦ᠂ ᠲᠥᠪ ᠭᠤᠣᠯᠴᠢ ᠪᠠᠷ ᠬᠠᠤᠯᠢ ᠪᠠᠷᠢᠬᠤ᠂ ᠪᠦᠬᠦ ᠠᠷᠠᠳᠢᠶ᠋ᠠᠷ ᠢᠶᠠᠨ ᠬᠠᠤᠯᠢ ᠶᠢ ᠰᠠᠬᠢᠬᠤ ᠡᠯ᠎ᠡ | ᠵᠦᠢᠯ ᠤᠨ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠬᠠᠤᠯᠢᠵᠢᠯ ᠤᠨ ᠰᠡᠳᠬᠢᠬᠦᠢ ᠪᠠ ᠬᠠᠤᠯᠢᠵᠢᠯ ᠤᠨ ᠠᠷᠭ᠎ᠠ | ᠬᠡᠯᠪᠡᠷᠢ ᠪᠠᠷ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ | ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠠᠤᠯᠢᠵᠢᠯ ᠤᠨ ᠲᠥᠪ ᠤᠨ ᠪᠦᠲᠦᠭᠡᠨ | ᠪᠠᠶᠢᠭᠤᠯᠤᠯᠲᠠ ᠶᠢᠨ ᠨᠡᠩ ᠶᠡᠭᠡ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ | ᠪᠤᠤ ᠭᠠᠩ᠂ ᠪᠦᠬᠦ ᠲᠠᠯ᠎ᠠ ᠪᠠᠷ ᠰᠢᠰᠲ᠋ᠥᠮ ᠲᠠᠢ᠂ ᠤᠤᠯ ᠶᠠᠩᠵᠤ ᠪᠠᠷ ᠨᠢ ᠪᠣᠳᠠᠲᠠᠢ ᠲᠠᠢ ᠤᠶᠠᠯᠳᠤᠭᠤᠯᠤᠨ | ᠲᠤᠰᠬᠠᠢ ᠰᠡᠳᠦᠪᠲᠦ ᠰᠤᠷᠤᠯᠴᠠᠯᠭ᠎ᠠ ᠪᠠᠷ ᠳᠠᠮᠵᠢᠭᠤᠯᠵᠤ᠂ ᠣᠷᠣᠨ ᠤ ᠲᠥᠪ ᠤᠨ ᠡᠯ᠎ᠡ ᠱᠠᠲᠤᠨ ᠤ ᠤᠳᠤᠷᠢᠳᠬᠤ | ᠺᠠᠳ᠋ᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠴᠢᠬᠤᠯᠠ ᠶᠠᠷᠢᠶ᠎ᠠ ᠴᠢᠬᠤᠯᠠ | ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠵᠡᠷᠭᠡ ᠳᠤ ᠰᠢᠰᠲ᠋ᠧᠮ ᠲᠠᠢ ᠣᠶᠢᠯᠠᠭᠠᠯᠲᠠ ᠲᠠᠢ ᠪᠣᠯᠤᠭᠰᠠᠨ ᠪᠥᠭᠡᠳ | ᠭᠦᠨᠵᠡᠭᠡᠢ ᠲᠠᠨᠢᠯᠲᠠ ᠲᠠᠢ ᠪᠣᠯᠵᠠᠢ᠃ ᠪᠦᠬᠦ ᠬᠤᠲᠠ ᠶᠢᠨ ᠡᠯ᠎ᠡ ᠱᠠᠲᠤᠨ ᠤ ᠤᠳᠤᠷᠢᠳᠬᠤ ᠺᠠᠳ᠋ᠷᠴᠤᠳ | ᠰᠤᠷᠤᠯᠴᠠᠯᠭ᠎ᠠ ᠶᠢᠨ ᠦᠷ᠎ᠡ ᠪᠦᠲᠦᠮᠵᠢ ᠪᠠᠨ ᠣᠷᠣᠨ ᠤ ᠲᠥᠪ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠵᠤ᠂ ︽ᠣᠷᠣᠨ ᠤ ᠲᠥᠪ ᠢ ᠬᠦᠴᠦᠷᠬᠡᠭᠵᠢᠭᠦᠯᠬᠦ ᠢᠨᠵᠧᠨᠧᠷᠢᠩ︾ ᠢ | ᠲᠦᠷᠭᠡᠳᠬᠡᠨ ᠬᠡᠷᠡᠭᠵᠢᠭᠦᠯᠵᠦ᠂ ᠪᠠᠶᠢᠯᠳᠤᠬᠤ ᠪᠣᠳᠣᠯᠭ᠎ᠠ ᠶᠢᠨ ᠰᠡᠳᠬᠢᠬᠦᠢ᠂ ᠰᠢᠰᠲ᠋ᠧᠮᠲᠦ ᠰᠡᠳᠬᠢᠬᠦᠢ᠂ ᠬᠠᠤᠯᠢ ᠪᠠᠷ | ᠵᠠᠰᠠᠬᠤ ᠰᠡᠳᠬᠢᠬᠦᠢ᠂ ᠬᠢᠵᠠᠭᠠᠷ ᠱᠤᠭᠤᠮ ᠤᠨ ᠰᠡᠳᠬᠢᠬᠦᠢ ᠶᠢᠨ ᠴᠢᠳᠠᠪᠤᠷᠢ ᠪᠠᠨ ᠲᠠᠰᠤᠷᠠᠯᠲᠠ ᠦᠭᠡᠢ | ᠳᠡᠭᠡᠭᠰᠢᠯᠡᠭᠦᠯᠵᠦ᠂ ᠣᠷᠣᠨ ᠤ ᠲᠥᠪ ᠤᠨ ᠠᠵᠤ ᠠᠬᠤᠢ ᠶᠢᠨ ᠴᠢᠳᠠᠪᠤᠷᠢ ᠶᠢᠨ ᠲᠡᠰ᠂ ᠰᠣᠶᠣᠯ ᠤᠨ ᠴᠢᠳᠠᠪᠤᠷᠢ ᠶᠢᠨ | ᠲᠡᠰ᠂ ᠵᠠᠰᠠᠯᠲᠠ ᠶᠢᠨ ᠴᠢᠳᠠᠪᠤᠷᠢ ᠶᠢᠨ ᠲᠡᠰ᠂ ᠠᠮᠢ ᠠᠬᠤᠢ ᠶᠢᠨ ᠴᠢᠳᠠᠪᠤᠷᠢ ᠶᠢᠨ ᠲᠡᠰ᠂ ᠡᠩᠨᠡᠭᠡ ᠶᠢᠨ | ᠴᠢᠳᠠᠪᠤᠷᠢ ᠶᠢᠨ ᠲᠡᠰ᠂ ᠬᠥᠮᠥᠨ ᠠᠮᠠ ᠶᠢᠨ ᠴᠢᠳᠠᠪᠤᠷᠢ ᠶᠢᠨ ᠲᠡᠰ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠦᠨᠡᠨᠬᠦ | ᠨᠡᠩ ᠥᠨᠳᠥᠷ ᠵᠣᠭᠰᠣᠴᠠ᠂ ᠨᠡᠩ ᠨᠠᠷᠢᠯᠢᠭ ᠠᠷᠭ᠎ᠠ ᠬᠡᠮᠵᠢᠶ᠎ᠡ᠂ ᠨᠡᠩ ᠴᠢᠩᠭ᠎ᠠ ᠡᠭᠦᠷᠭᠡᠯᠡᠯ᠂ ᠨᠡᠩ ᠪᠣᠳᠠᠲᠠᠢ | ᠰᠤᠷᠲᠠᠯ ᠢᠶᠠᠷ ᠣᠳᠣᠬᠢᠴᠢᠯᠠᠭᠰᠠᠨ ᠣᠷᠣᠨ ᠪᠦᠰᠡ ᠶᠢᠨ ᠭᠤᠣᠯ ᠬᠤᠳᠠ ᠶᠢ ᠲᠦᠷᠭᠡᠨ ᠪᠦᠲᠦᠭᠡᠨ ᠪᠠᠶᠢᠭᠤᠯᠵᠤ᠂ | ᠰᠢᠯᠢᠳᠡᠭ ᠬᠢᠷᠢ ᠪᠦᠲᠦᠮᠵᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ | ᠤᠭᠲᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ | ᠱᠦᠵᠢ ᠼᠤᠤ ᠰᠧ ᠶᠠᠩ ᠬᠤᠷᠠᠯ ᠡᠷᠭᠢᠯᠡᠪᠡ᠃ ᠬᠤᠷᠠᠯ ᠳᠡᠭᠡᠷ᠎ᠡ᠂ ᠼᠤᠤ ᠰᠧ ᠶᠠᠩ᠂ ᠯᠢ ᠰᠢᠶᠣᠣ ᠶᠠᠨ᠂ ᠴᠧᠩ | ᠵᠦᠩ ᠱᠧᠩ᠂ ᠬᠠᠨ ᠴᠢᠤᠸᠠᠨ ᠹᠧᠨ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠠᠢ᠃ ᠬᠤᠷᠠᠯ ᠨᠢ ᠸᠢᠳᠢᠤ᠋ ᠶᠢᠨ | ᠬᠡᠯᠪᠡᠷᠢ ᠪᠠᠷ ᠬᠤᠷᠠᠯᠳᠤᠵᠤ᠂ ᠪᠦᠬᠦ ᠬᠤᠳᠠ ᠶᠢᠨ ᠳᠡᠳ᠋ ᠲᠢᠩᠬᠢᠮ ᠤᠨ ᠲᠡᠰ ᠠᠴᠠ ᠳᠡᠭᠡᠭᠰᠢᠬᠢ ᠤᠳᠤᠷᠢᠳᠬᠤ | ᠨᠥᠬᠦᠳ᠂ ᠬᠤᠳᠠ ᠶᠢᠨ ᠡᠯ᠎ᠡ ᠰᠠᠯᠠᠭ᠎ᠠ ᠮᠥᠴᠢᠷ᠂ ᠨᠢᠭᠡᠴᠡ ᠶᠢᠨ ᠭᠤᠣᠯ ᠬᠠᠷᠢᠭᠤᠴᠠᠯᠭᠠᠲᠠᠨ ᠭᠤᠣᠯ ᠬᠤᠷᠠᠯ ᠤᠨ | ᠲᠠᠯᠠᠪᠠᠢ ᠳᠤ ᠣᠷᠣᠯᠴᠠᠪᠠ᠃ ᠡᠯ᠎ᠡ ᠬᠤᠰᠢᠭᠤ ᠰᠢᠶᠠᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ᠂ ᠠᠵᠤ ᠠᠬᠤᠢ | ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠶ ᠭᠠᠷᠭᠠᠪᠠ᠃ | ᠭᠤᠸ ᠵᠧᠩ᠂ ᠲᠦᠮᠡᠨ ᠵᠡᠷᠭᠡ ᠰᠢᠶᠠᠨ ᠤ ᠤᠳᠤᠷᠢᠳᠤᠯᠭ᠎ᠠ᠂ ᠡᠯ᠎ᠡ ᠪᠠᠯᠭᠠᠰᠤ᠂ ᠬᠠᠲᠤᠨ ᠭᠤᠣᠯ ᠤᠨ ᠨᠤᠭᠤ | ᠭᠠᠵᠠᠷ ᠤᠨ ᠬᠠᠮᠢᠶᠠᠷᠤᠯᠳᠠ ᠬᠠᠮᠠᠭᠠᠯᠠᠯᠳᠠ ᠶᠢᠨ ᠲᠥᠪ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ | ᠮᠠᠨ ᠤ ᠰᠢᠶᠠᠨ ᠤ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃ | | | | |