ᠲᠣᠭᠲᠠᠬᠤ ᠰᠢᠶᠠᠨ ᠤ ᠴᠡᠷᠢᠭ ᠤᠨ ᠠᠯᠪᠠᠨ ᠠᠴᠠ ᠪᠠᠭᠤᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠴᠡᠷᠢᠭ ᠤᠨ ᠠᠯᠪᠠᠨ ᠠᠴᠠ ᠪᠠᠭᠤᠭᠰᠠᠳ ᠤᠨ ︽ᠥᠮᠡᠨ ᠢ ᠰᠡᠷᠭᠡᠶᠢᠯᠡᠬᠦ ᠥᠮᠡᠨ ᠢ ᠡᠰᠡᠷᠭᠦᠴᠡᠬᠦ ᠲᠤᠰᠬᠠᠢ ᠳᠠᠭᠠᠳᠬᠠᠯ ᠤᠨ ᠺᠠᠷᠲ︾  ᠢ ᠤᠬᠠᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/9/27
     ᠴᠡᠷᠢᠭ ᠤᠨ ᠠᠯᠪᠠᠨ ᠠᠴᠠ ᠪᠠᠭᠤᠭᠰᠠᠳ ᠤᠨ ᠬᠡᠷᠡᠭ ᠶᠠᠪᠤᠳᠠᠯ ᠤᠨ ᠶᠠᠮᠤᠨ ᠤ ︽ᠠᠬᠠᠮᠠᠳ ᠴᠡᠷᠢᠭ ᠢ ᠬᠠᠯᠠᠮᠵᠢᠯᠠᠬᠤ ︱ ᠴᠡᠷᠢᠭ ᠤᠨ ᠠᠯᠪᠠᠨ ᠠᠴᠠ ᠪᠠᠭᠤᠭᠰᠠᠳ ᠤᠨ ᠬᠦᠴᠢᠷ ᠵᠣᠪᠠᠯᠠᠩ ᠢ ᠰᠢᠢᠳᠪᠦᠷᠢᠯᠡᠬᠦ ᠲᠤᠰᠬᠠᠢ ᠠᠵᠢᠯᠯᠠᠭ᠎ᠠ︾ ᠶᠢᠨ ᠤᠷᠢᠶᠠᠯᠠᠭ᠎ᠠ ᠶᠢ ᠳᠠᠭᠠᠵᠤ᠂ ᠴᠡᠷᠢᠭ ᠤᠨ ᠠᠯᠪᠠᠨ ᠠᠴᠠ ᠪᠠᠭᠤᠭᠰᠠᠳ ᠲᠤ ︽ᠥᠮᠡᠨ ᠢ ᠰᠡᠷᠭᠡᠶᠢᠯᠡᠬᠦ ᠥᠮᠡᠨ ᠢ ᠡᠰᠡᠷᠭᠦᠴᠡᠬᠦ ᠲᠤᠰᠬᠠᠢ ᠳᠠᠭᠠᠳᠬᠠᠯ ᠤᠨ ᠺᠠᠷᠲ︾ ᠢ ᠦᠨᠡᠨ ᠬᠦ ᠰᠠᠶᠢᠲᠤᠷ ᠭᠦᠢᠴᠡᠳᠬᠡᠵᠦ ᠥᠭᠬᠦ ᠶᠢᠨ ᠲᠥᠯᠥᠭᠡ᠂ 9 ᠳ᠋ᠤᠭᠡᠷ ᠰᠠᠷ᠎ᠠ ᠶᠢᠨ 23 ᠤ ᠡᠳᠦᠷ ᠤᠨ ᠦᠳᠡ ᠶᠢᠨ ᠡᠮᠦᠨ᠎ᠡ᠂ ᠰᠢᠶᠠᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠴᠡᠷᠢᠭ ᠠᠴᠠ ᠬᠠᠯᠠᠭᠳᠠᠭᠰᠠᠳ ᠤᠨ ︽ᠥᠮᠡᠨ ᠢ ᠰᠡᠷᠭᠡᠶᠢᠯᠡᠬᠦ ᠥᠮᠡᠨ ᠢ ᠡᠰᠡᠷᠭᠦᠴᠡᠬᠦ ᠲᠤᠰᠬᠠᠢ ᠳᠠᠭᠠᠳᠬᠠᠯ ᠤᠨ ᠺᠠᠷᠲ︾ ᠢ ᠤᠬᠠᠭᠤᠯᠬᠤ ᠠᠵᠢᠯᠯᠠᠭ᠎ᠠ ᠶᠢ ᠢᠳᠡᠪᠬᠢᠲᠡᠢ ᠵᠣᠬᠢᠶᠠᠨ ᠪᠠᠶᠢᠭᠤᠯᠵᠤ ᠥᠷᠨᠢᠭᠦᠯᠪᠡ᠃      ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ ᠠᠰᠠᠭᠤᠨ ᠯᠠᠪᠯᠠᠬᠤ ᠪᠠᠷ ᠢᠷᠡᠭᠰᠡᠨ ᠴᠡᠷᠢᠭ ᠠᠴᠠ ᠬᠠᠯᠠᠭᠳᠠᠭᠰᠠᠳ ᠤᠨ ᠲᠤᠬᠠᠢ ᠶᠢᠨ ᠲᠠᠯᠠᠪᠤᠷ ᠲᠤ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠭᠰᠠᠨ ᠪᠥᠭᠡᠳ ᠲᠡᠳᠡᠨ ᠤ ᠠᠰᠠᠭᠤᠳᠠᠯ ᠢ ᠬᠠᠷᠢᠭᠤᠯᠵᠤ᠂ ᠳᠠᠭᠠᠳᠬᠠᠯ ᠤᠨ ᠺᠠᠷᠲ ᠤᠨ ᠬᠡᠷᠡᠭᠯᠡᠬᠦ ᠠᠷᠭ᠎ᠠ ᠪᠠ ᠴᠢᠳᠠᠮᠵᠢ ᠶᠢ ᠨᠠᠷᠢᠨ ᠲᠠᠨᠢᠯᠴᠠᠭᠤᠯᠵᠤ᠂ ︽ᠥᠮᠡᠨ ᠢ ᠰᠡᠷᠭᠡᠶᠢᠯᠡᠬᠦ ᠥᠮᠡᠨ ᠢ ᠡᠰᠡᠷᠭᠦᠴᠡᠬᠦ ᠲᠤᠰᠬᠠᠢ ᠳᠠᠭᠠᠳᠬᠠᠯ ᠤᠨ ᠺᠠᠷᠲ︾ ᠢ ᠭᠦᠢᠴᠡᠳᠬᠡᠬᠦ ᠶᠠᠪᠤᠴᠠ ᠪᠠ ᠬᠡᠷᠡᠭᠯᠡᠬᠦ ᠠᠷᠭ᠎ᠠ ᠶᠢ ᠦᠵᠡᠭᠦᠯᠵᠦ᠂ ᠬᠡᠷᠡᠭᠴᠡᠭᠡ ᠲᠠᠢ ᠴᠡᠷᠢᠭ ᠠᠴᠠ ᠬᠠᠯᠠᠭᠳᠠᠭᠰᠠᠳ ᠢ ᠬᠠᠪᠰᠤᠷᠤᠨ ᠠᠮᠵᠢᠯᠲᠠ ᠲᠠᠢ ᠪᠠᠷ ᠭᠤᠶᠤᠴᠢᠯᠠᠨ ᠬᠢᠯᠭᠡᠵᠦ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠪᠣᠳᠠᠲᠠᠢ ᠪᠠᠷ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠪᠠ᠃      ᠡᠯ᠎ᠡ ᠪᠠᠯᠭᠠᠰᠤᠨ ᠤ ᠬᠢᠨ ᠪᠠᠰᠠ ᠴᠡᠷᠢᠭ ᠠᠴᠠ ᠬᠠᠯᠠᠭᠳᠠᠭᠰᠠᠳ ᠤᠨ ᠭᠡᠷ ᠪᠦᠯᠢ ᠳᠤ ᠲᠤᠰᠬᠠᠢ ᠬᠠᠷᠢᠶᠠᠯᠠᠭᠳᠠᠬᠤ ︽ᠥᠮᠡᠨ ᠢ ᠰᠡᠷᠭᠡᠶᠢᠯᠡᠵᠦ ᠥᠮᠡᠨ ᠢ ᠡᠰᠡᠷᠭᠦᠴᠡᠬᠦ ᠲᠤᠰᠬᠠᠢ ᠬᠠᠷᠢᠶᠠᠯᠠᠭᠳᠠᠬᠤ ᠳᠠᠭᠠᠳᠬᠠᠯ ᠤᠨ ᠺᠠᠷᠲ︾ ᠢ ᠤᠬᠠᠭᠤᠯᠤᠨ ᠪᠠᠶᠢᠷᠢᠯᠠᠭᠤᠯᠬᠤ ᠠᠵᠢᠯ ᠢ ᠵᠡᠷᠭᠡᠪᠡᠷ ᠥᠷᠨᠢᠭᠦᠯᠵᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠡᠯ᠎ᠡ ᠲᠣᠰᠬᠤᠨ᠂ ᠨᠡᠶᠢᠭᠡᠮ ᠲᠣᠭᠤᠷᠢᠭ ᠲᠤ ᠤᠬᠠᠭᠤᠯᠭ᠎ᠠ ᠶᠢᠨ ᠵᠠᠷᠯᠠᠯ ᠵᠡᠷᠭᠡ ᠶᠢ ᠨᠠᠭᠠᠵᠤ᠂ ᠴᠡᠷᠢᠭ ᠠᠴᠠ ᠬᠠᠯᠠᠭᠳᠠᠭᠰᠠᠳ ᠲᠤ ᠴᠥᠮ ᠮᠡᠳᠡᠭᠦᠯᠦᠨ᠎ᠡ᠃      ᠣᠳᠣᠬᠠᠨ ᠪᠣᠯᠲᠠᠯ᠎ᠠ᠂ ᠮᠠᠨ ᠤ ᠰᠢᠶᠠᠨ ᠤ ᠴᠡᠷᠢᠭ ᠠᠴᠠ ᠬᠠᠯᠠᠭᠳᠠᠭᠰᠠᠳ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ᠂ ᠨᠡᠶᠢᠭᠡᠮ ᠤᠨ ᠠᠪᠤᠷᠠᠨ ᠲᠤᠰᠠᠯᠠᠯᠲᠠ ᠭᠥᠷᠳᠡᠬᠦ ᠣᠨᠴᠠ ᠬᠦᠴᠢᠷᠳᠡᠯᠲᠡᠢ 133 ᠬᠥᠮᠥᠨ ᠳᠤ ᠰᠦᠢᠳᠬᠡᠯ ᠬᠤᠷᠢᠶᠠᠬᠤ ᠦᠭᠡᠢ ᠪᠠᠷ ᠭᠤᠶᠤᠴᠢᠯᠠᠯ ᠭᠠᠷᠭᠠᠵᠤ᠂ ᠪᠤᠰᠤᠳ ᠴᠡᠷᠢᠭ ᠠᠴᠠ ᠬᠠᠯᠠᠭᠳᠠᠭᠰᠠᠳ ᠵᠢᠴᠢ ᠭᠡᠷ ᠪᠦᠯᠢ ᠶᠢᠨ ᠬᠢᠨ ᠬᠥᠮᠥᠨ ᠪᠦᠷᠢ ᠵᠢᠯ ᠳᠤ 39 ᠲᠥᠭᠦᠷᠢᠭ ᠤᠨ ᠲᠤᠰᠬᠠᠢ ᠬᠠᠷᠭᠠᠯᠵᠠᠯᠳᠤ ᠦᠨ᠎ᠡ ᠪᠠᠷ ᠭᠦᠢᠴᠡᠳᠭᠡᠪᠡ      ᠲᠣᠰ ᠤᠳᠠᠭᠠᠨ ᠤ ᠤᠬᠠᠭᠤᠯᠭ᠎ᠠ ᠪᠠᠷ ᠳᠡᠮᠵᠢᠨ᠂ ᠴᠡᠷᠢᠭ ᠠᠴᠠ ᠬᠠᠯᠠᠭᠳᠠᠭᠰᠠᠳ ᠤᠨ ᠭᠡᠷ ᠪᠦᠯᠢ ᠳᠤ ᠲᠤᠰᠬᠠᠶᠢᠯᠠᠨ ︽ᠥᠮᠡᠨ ᠢ ᠰᠡᠷᠭᠡᠶᠢᠯᠡᠬᠦ ᠥᠮᠡᠨ ᠢ ᠡᠰᠡᠷᠭᠦᠴᠡᠬᠦ ᠲᠤᠰᠬᠠᠢ ᠳᠠᠭᠠᠳᠬᠠᠯ ᠤᠨ ᠺᠠᠷᠲ︾ ᠢ ᠭᠦᠢᠴᠡᠳᠬᠡᠨ ᠥᠭᠴᠦ᠂ ᠴᠡᠷᠢᠭ ᠠᠴᠠ ᠬᠠᠯᠠᠭᠳᠠᠭᠰᠠᠳ ᠤᠨ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠦᠨᠡᠨᠬᠦ ᠨᠡᠮᠡᠭᠳᠡᠭᠦᠯᠦᠨ᠂ ᠠᠵᠤ ᠠᠬᠤᠢ ᠶᠢᠨ ᠳᠠᠷᠤᠭᠠᠰᠤ ᠶᠢ ᠬᠥᠩᠭᠡᠯᠡᠵᠦ᠂ ᠲᠡᠳᠡᠨ ᠳᠤ ᠨᠡᠶᠢᠭᠡᠮ ᠤᠨ ᠬᠠᠯᠠᠮᠵᠢᠯᠠᠯ ᠪᠠ ᠬᠠᠷᠠᠭᠠᠯᠵᠠᠯ ᠢ ᠭᠦᠢᠴᠡᠳ ᠬᠦᠷᠲᠡᠭᠡᠵᠦ᠂ ᠲᠡᠳᠡᠨ ᠤ ᠵᠣᠯ ᠵᠢᠷᠭᠠᠯᠲᠤ ᠲᠥᠷᠥᠭᠳᠡᠯ᠂ ᠬᠠᠷᠢᠶᠠᠯᠠᠭᠳᠠᠬᠤ ᠲᠥᠷᠥᠭᠳᠡᠯ ᠢ ᠨᠢ ᠲᠡᠭᠡᠭᠰᠢᠯᠡᠭᠦᠯᠪᠡ᠃      ᠲᠠᠷᠠᠭᠠᠴᠢ ᠶᠢᠨ ᠠᠯᠬᠤᠮ ᠳᠤ᠂ ᠰᠢᠶᠠᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠦᠷᠭᠦᠯᠵᠢᠯᠡᠨ ᠯᠠᠪᠳᠠᠭᠤᠨ ᠪᠠᠲᠤᠲᠠᠢ ᠰᠠᠶᠢᠲᠤᠷ ᠬᠢᠵᠦ᠂ ᠡᠯ᠎ᠡ ᠵᠦᠢᠯ ᠤᠨ ᠬᠠᠷᠠᠭᠠᠯᠵᠠᠯᠲᠤ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠦᠷᠢᠵᠢᠭᠤᠯᠤᠨ᠎ᠠ᠃      ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ ᠵᠠᠩ ᠵᠧᠨ ᠬᠠᠢ ᠠᠵᠢᠯᠯᠠᠭ᠎ᠠ ᠳᠤ ᠣᠷᠣᠯᠴᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1