ᠲᠣᠭᠲᠠᠬᠤ ᠰᠢᠶᠠᠨ ᠳᠤᠮᠳᠠᠳᠤ ᠪᠠᠭ᠎ᠠ ᠰᠤᠷᠭᠠᠭᠤᠯᠢ ︵ᠬᠡᠦᠬᠡᠳ ᠤᠨ ᠴᠡᠴᠡᠷᠯᠢᠭ︶ ᠶᠢᠨ ᠱᠦᠵᠢ᠂ ᠰᠤᠷᠭᠠᠭᠤᠯᠢ ᠶᠢᠨ ᠳᠠᠷᠤᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠭᠤᠯᠤᠯ ᠢ ᠡᠷᠭᠢᠯᠡᠪᠡ
ᠨᠡᠶᠢᠲᠡᠯᠡᠭᠰᠡᠨ ᠴᠠᠭ᠄
2022/9/28
     ᠰᠤᠷᠭᠠᠨ ᠬᠥᠮᠦᠵᠢᠯ ᠤᠨ ᠰᠢᠰᠲ᠋ᠧᠮ ᠤᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠦ᠂ ᠳᠤᠮᠳᠠᠳᠤ ᠪᠠᠭ᠎ᠠ ᠰᠤᠷᠭᠠᠭᠤᠯᠢ ︵ᠬᠡᠦᠬᠡᠳ ᠤᠨ ᠴᠡᠴᠡᠷᠯᠢᠭ︶ ᠶᠢᠨ ᠱᠦᠵᠢ᠂ ᠰᠤᠷᠭᠠᠭᠤᠯᠢ ︵ᠬᠡᠦᠬᠡᠳ ᠤᠨ ᠴᠡᠴᠡᠷᠯᠢᠭ︶ ᠶᠢᠨ ᠳᠠᠷᠤᠭ᠎ᠠ ᠶᠢᠨ ᠶᠡᠷᠦᠩᠬᠡᠶᠢᠯᠡᠭᠰᠡᠨ ᠴᠢᠳᠠᠪᠤᠷᠢ ᠬᠡᠪ ᠴᠢᠨᠠᠷ ᠢ ᠳᠡᠭᠡᠭᠰᠢᠯᠡᠭᠦᠯᠵᠦ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠲᠥᠪᠯᠡᠷᠡᠭᠦᠯᠵᠦ ᠪᠠᠶᠢᠭᠠᠳ ᠰᠤᠷᠭᠠᠭᠤᠯᠢ ᠶᠢᠨ ᠥᠭᠡᠷᠡᠴᠢᠯᠡᠯᠲᠡ ᠰᠢᠨᠡᠴᠢᠯᠡᠯᠲᠡ ᠶᠢ ᠠᠬᠢᠭᠤᠯᠵᠤ᠂ ᠪᠦᠬᠦ ᠰᠢᠶᠠᠨ ᠤ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ  ᠲᠠᠭᠠᠭᠤᠯᠬᠤ ᠶᠢᠨ ᠲᠦᠯᠦᠭᠡ᠂ ᠲᠤᠭᠳᠠᠬᠤ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ 2022 ᠣᠨ ᠤ 9 ᠳ᠋ᠤᠭᠡᠷ ᠰᠠᠷ᠎ᠠ ᠶᠢᠨ 25  ᠤ ᠦᠳᠡ ᠶᠢᠨ ᠡᠮᠦᠨ᠎ᠡ ᠵᠠᠯᠠᠭᠤᠴᠤᠳ ᠪᠠᠭᠠᠴᠤᠳ ᠤᠨ ᠣᠷᠳᠣᠨ ᠳᠤ ᠳᠤᠮᠳᠠᠳᠤ ᠪᠠᠭ᠎ᠠ ᠰᠤᠷᠭᠠᠭᠤᠯᠢ ︵ᠬᠡᠦᠬᠡᠳ ᠤᠨ ᠴᠡᠴᠡᠷᠯᠢᠭ︶ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠰᠤᠷᠭᠠᠭᠤᠯᠢ ︵ᠬᠡᠦᠬᠡᠳ ᠤᠨ ᠴᠡᠴᠡᠷᠯᠢᠭ︶ ᠶᠢᠨ ᠳᠠᠷᠤᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠡᠷᠬᠢᠯᠡᠵᠦ᠂ ᠹᠦᠳᠠᠨ ᠶᠡᠭᠡ ᠰᠤᠷᠭᠠᠭᠤᠯᠢ ᠶᠢᠨ ᠫᠷᠤᠹᠥᠰᠰᠤᠷ ᠰᠢᠦᠢ ᠳ᠋ᠦᠩ ᠴᠢᠩ ᠢ ᠤᠷᠢᠵᠤ ᠲᠤᠰᠬᠠᠢ ᠰᠡᠳᠦᠪᠲᠦ ᠲᠠᠶᠢᠯᠤᠮᠵᠢ ᠬᠢᠯᠭᠡᠪᠡ᠃ ᠲᠣᠪᠴᠢᠶ᠎ᠠ ᠶᠢᠨ ᠤᠳᠤᠷᠢᠳᠬᠤ ᠪᠠᠭ ᠤᠨ ᠪᠥᠬᠦ ᠪᠦᠷᠢᠯᠳᠦᠭᠦᠨ᠂ ᠪᠠᠶᠢᠭᠤᠯᠤᠯᠭ᠎ᠠ ᠶᠢᠨ ᠲᠠᠰᠤᠭ ᠤᠨ ᠬᠠᠷᠢᠭᠤᠴᠠᠯᠭᠠᠲᠠᠨ᠂ ᠪᠥᠬᠦ ᠰᠢᠶᠠᠨ ᠤ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠰᠤᠷᠭᠠᠭᠤᠯᠢ ︵ᠴᠡᠴᠡᠷᠯᠢᠭ︶ ᠶᠢᠨ ᠳᠠᠷᠤᠭ᠎ᠠ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠠᠮᠢᠶᠠᠷᠤᠯᠲᠠ ᠶᠢᠨ ᠠᠵᠢᠯᠲᠠᠨ ᠵᠡᠷᠭᠡ 240 ᠭᠠᠷᠤᠢ ᠬᠥᠮᠥᠨ ᠪᠣᠯᠪᠠᠰᠤᠷᠠᠯ ᠳᠤ ᠣᠷᠣᠯᠴᠠᠵᠠᠢ᠃      ᠰᠢᠦᠢ ᠳ᠋ᠦᠩ ᠴᠢᠩ ᠫᠷᠤᠹᠧᠰᠰᠤᠷ ︽ᠶᠠᠰᠤ ᠴᠢᠨᠠᠷ᠂ ᠣᠨᠴᠠᠯᠢᠭ᠂ ᠰᠣᠶᠣᠯ︾ ᠢᠶᠠᠷ ᠭᠤᠣᠯ ᠰᠡᠳᠦᠪ ᠪᠣᠯᠭᠠᠵᠤ᠂ ᠥᠪᠡᠷ ᠤᠨ ᠣᠯᠠᠨ ᠵᠢᠯ ᠤᠨ ᠰᠤᠷᠭᠠᠭᠤᠯᠢ ᠲᠠᠢ ᠪᠠᠨ ᠤᠶᠠᠯᠳᠤᠭᠤᠯᠤᠨ ᠰᠤᠳᠤᠯᠭᠠᠨ ᠢᠶᠠᠨ ᠶᠡᠷᠦᠩᠬᠡᠶᠢᠯᠡᠨ ᠰᠠᠶᠢᠵᠢᠷᠠᠭᠤᠯᠵᠤ᠂ ᠰᠤᠷᠭᠠᠭᠤᠯᠢ ᠶᠢᠨ ᠶᠡᠷᠦᠩᠬᠡᠶᠢᠯᠡᠭᠰᠡᠨ ᠰᠠᠶᠢᠵᠢᠷᠠᠭᠤᠯᠤᠯᠲᠠ ᠶᠢᠨ ᠠᠭᠤᠯᠤᠭᠳᠠᠬᠤᠨ ᠪᠠ ᠦᠨᠳᠦᠰᠦᠨ ᠰᠡᠳᠬᠢᠴᠡ᠂ ᠶᠠᠰᠤ ᠴᠢᠨᠠᠷ ᠤᠨ ᠪᠠᠲᠤᠯᠠᠭ᠎ᠠ ᠶᠢᠨ ᠰᠢᠰᠲ᠋ᠧᠮ ᠪᠠ ᠶᠠᠰᠤ ᠴᠢᠨᠠᠷ ᠤᠨ ᠶᠡᠷᠦᠩᠬᠡᠶᠢᠯᠡᠭᠰᠡᠨ ᠰᠠᠶᠢᠵᠢᠷᠠᠭᠤᠯᠤᠯᠲᠠ᠂ ᠰᠤᠷᠭᠠᠭᠤᠯᠢ ᠶᠢᠨ ᠬᠢᠴᠢᠶᠡᠯ ᠤᠨ ᠰᠢᠰᠲ᠋ᠧᠮ ᠪᠠ ᠬᠥᠮᠥᠨ ᠬᠥᠮᠥᠵᠢᠭᠦᠯᠬᠦ ᠵᠠᠭᠪᠤᠷ ᠤᠨ ᠬᠤᠪᠢᠰᠤᠯᠲᠠ᠂ ᠰᠤᠷᠭᠠᠭᠤᠯᠢ ᠶᠢᠨ ᠰᠣᠶᠣᠯ ᠤᠨ ᠰᠢᠰᠲ᠋ᠧᠮ ᠪᠠ ᠲᠥᠯᠦᠪᠵᠢᠭᠦᠯᠭᠡ ᠶᠢᠨ ᠲᠣᠭᠲᠠᠴᠠ ᠶᠢᠨ ᠰᠦᠪᠡᠭᠴᠢᠯᠡᠯᠲᠡ ᠵᠡᠷᠭᠡ ᠳᠥᠷᠪᠡᠨ ᠲᠠᠯ᠎ᠠ ᠠᠴᠠ ᠰᠢᠰᠲ᠋ᠧᠮ ᠲᠠᠢ ᠲᠠᠨᠢᠯᠴᠠᠭᠤᠯᠭ᠎ᠠ ᠬᠢᠵᠦ᠂ ᠪᠣᠯᠪᠠᠰᠤᠷᠠᠯ ᠳᠤ ᠣᠷᠣᠯᠴᠠᠭᠰᠠᠨ ᠪᠥᠬᠦ ᠬᠥᠮᠥᠰ ᠲᠤ ᠠᠯᠤᠰ ᠬᠡᠲᠦ ᠶᠢᠨ ᠨᠥᠯᠥᠭᠡ ᠪᠦᠬᠦᠢ ᠰᠤᠷᠭᠠᠭᠤᠯᠢ ᠡᠷᠭᠢᠯᠡᠬᠦ ᠦᠵᠡᠯ ᠰᠠᠨᠠᠭ᠎ᠠ ᠪᠠ ᠠᠵᠢᠯᠯᠠᠭᠠᠨ ᠤ ᠠᠷᠭ᠎ᠠ ᠪᠣᠳᠣᠯᠭ᠎ᠠ ᠶᠢ ᠣᠶᠢᠯᠠᠭᠠᠭᠤᠯᠪᠠ᠃      ᠲᠤᠰ ᠤᠳᠠᠭᠠᠨ ᠤ ᠪᠣᠯᠪᠠᠰᠤᠷᠠᠯ ᠤᠨ ᠠᠩᠭᠢ ᠶᠢ ᠡᠷᠭᠢᠯᠡᠬᠦ ᠪᠣᠯ ᠪᠦᠬᠦ ᠰᠢᠶᠠᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠬᠡᠷᠡᠭᠴᠡᠭᠡ ᠪᠣᠯᠣᠨ᠎ᠠ᠂ ᠪᠦᠬᠦ ᠰᠢᠶᠠᠨ ᠤ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢ ᠲᠦᠯᠬᠢᠨ ᠠᠬᠢᠭᠤᠯᠬᠤ ᠶᠢᠨ ᠬᠡᠷᠡᠭᠴᠡᠭᠡ ᠮᠥᠨ᠂ ᠰᠤᠷᠭᠠᠨ ᠬᠥᠮᠦᠵᠢᠯ ᠤᠨ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢᠨ ᠬᠡᠷᠡᠭᠴᠡᠭᠡ ᠮᠥᠨ᠂ ᠪᠣᠯᠪᠠᠰᠤᠷᠠᠯ ᠳᠤ ᠣᠷᠣᠯᠴᠠᠭᠰᠠᠨ ᠪᠦᠬᠦ ᠺᠠᠳ᠋ᠷᠴᠤᠳ ᠲᠤᠰ ᠤᠳᠠᠭ᠎ᠠ ᠶᠢᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ ᠂ ᠰᠤᠷᠤᠯᠴᠠᠯᠭ᠎ᠠ ᠪᠣᠯᠪᠠᠰᠤᠷᠠᠯ ᠤᠨ ᠳᠤᠮᠳᠠ ᠤᠶᠤᠨ ᠤᠬᠠᠭᠠᠨ ᠢᠶᠠᠨ ᠰᠡᠩᠬᠡᠷᠡᠭᠦᠯᠵᠦ᠂ ᠬᠠᠷᠠᠭ᠎ᠠ ᠪᠠᠨ ᠥᠷᠭᠡᠳᠬᠡᠵᠦ᠂ ᠴᠢᠳᠠᠪᠤᠷᠢ ᠪᠠᠨ ᠳᠡᠭᠡᠭᠰᠢᠯᠡᠭᠦᠯᠵᠦ᠂ ᠮᠠᠨ ᠤ ᠰᠢᠶᠠᠨ ᠤ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠬᠠᠷᠠᠯᠲᠠ ᠡᠭᠦᠷᠭᠡ ᠶᠢ ᠪᠦᠬᠦ ᠲᠠᠯ᠎ᠠ ᠪᠠᠷ ᠬᠠᠷᠭᠤᠭᠤᠯᠵᠤ᠂ ᠰᠤᠷᠤᠯᠴᠠᠬᠤ ᠪᠠᠷ ᠮᠡᠳᠡᠯᠭᠡ ᠶᠢ ᠠᠬᠢᠭᠤᠯᠵᠤ᠂ ᠮᠡᠳᠡᠯᠭᠡ ᠪᠠᠷ ᠦᠢᠯᠡᠳᠦᠯᠭᠡ ᠶᠢ ᠠᠬᠢᠭᠤᠯᠵᠤ᠂ ᠰᠤᠷᠭᠠᠨ ᠬᠥᠮᠦᠵᠢᠯ ᠤᠨ ᠰᠢᠨ᠎ᠡ ᠥᠨᠳᠦᠷᠯᠢᠭ ᠢ ᠪᠠᠶᠢᠭᠤᠯᠵᠤ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠣᠯᠬᠤ ᠶᠢ ᠪᠦᠬᠦ ᠬᠦᠴᠦᠨ ᠢᠶᠠᠷ ᠢᠶᠠᠨ ᠪᠠᠲᠤᠯᠠᠨ᠎ᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1