ᠲᠣᠭᠲᠠᠬᠤ ᠰᠢᠶᠠᠨ ᠨᠠᠮᠤᠷ ᠤᠨ ᠤᠯᠠᠷᠢᠯ ᠤᠨ ᠰᠤᠷᠤᠯᠭ᠎ᠠ ᠡᠬᠢᠯᠡᠬᠦ ᠤᠯᠠᠷᠢᠯ ᠤᠨ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠰᠣᠶᠣᠯ ᠤᠨ ᠣᠷᠴᠢᠨ ᠲᠣᠭᠤᠷᠢᠨ ᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/9/3
     ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠯᠭ᠎ᠠ ᠡᠬᠢᠯᠡᠬᠦ ᠲᠠᠰᠢᠷᠠᠮ ᠳᠤ᠂ ᠨᠠᠰᠤᠨ ᠳᠤ ᠥᠯᠥ ᠭᠦᠷᠦᠭᠰᠡᠳ ᠤᠨ ᠡᠷᠡᠭᠦᠯ ᠢᠶᠠᠷ ᠦᠰᠦᠨ ᠪᠣᠶᠢᠵᠢᠬᠤ ᠶᠢ ᠬᠠᠮᠠᠭᠠᠯᠠᠵᠤ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠰᠣᠶᠣᠯ ᠤᠨ ᠣᠷᠴᠢᠨ ᠲᠣᠭᠤᠷᠢᠨ ᠢ ᠦᠷᠭᠦᠯᠵᠢᠯᠡᠨ ᠴᠡᠪᠡᠷᠰᠢᠭᠦᠯᠬᠦ ᠶᠢᠨ ᠲᠥᠯᠥᠭᠡ᠂ 9 ᠰᠠᠷ᠎ᠠ ᠶᠢᠨ 2 ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠢᠶᠠᠷ ᠲᠦᠷᠦᠭᠦᠯᠡᠭᠦᠯᠦᠨ᠂ ᠰᠢᠶᠠᠨ ᠤ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠣᠯᠠᠨ ᠰᠠᠯᠠᠭ᠎ᠠ ᠮᠥᠴᠢᠷ ᠲᠠᠢ ᠬᠠᠮᠲᠤᠷᠠᠨ ︽ᠵᠠᠭᠤᠨ ᠡᠳᠦᠷ ᠤᠨ ᠢᠷᠡᠯᠲᠡ ᠶᠢ ᠴᠡᠪᠡᠷᠯᠡᠬᠦ︾ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠰᠣᠶᠣᠯ ᠤᠨ ᠵᠠᠬ᠎ᠠ ᠳᠡᠯᠭᠡᠭᠦᠷ ᠤᠨ ᠬᠠᠤᠯᠢ ᠬᠡᠷᠡᠭᠵᠢᠭᠦᠯᠦᠯᠲᠡ ᠶᠢᠨ ᠲᠤᠰᠬᠠᠢ ᠪᠠᠶᠢᠴᠠᠭᠠᠯᠲᠠ ᠶᠢ ᠥᠷᠨᠢᠭᠦᠯᠪᠡ᠃      ᠬᠠᠮᠲᠤᠷᠠᠭᠰᠠᠨ ᠪᠠᠶᠢᠴᠠᠭᠠᠬᠤ ᠳᠤᠭᠤᠶᠢᠯᠠᠩ ᠨᠢ ᠰᠢᠶᠠᠨ ᠤ ᠦᠨᠳᠦᠰᠦᠲᠡᠨ ᠤ ᠳᠤᠮᠳᠠᠳᠤ ᠰᠤᠷᠭᠠᠭᠤᠯᠢ᠂ ᠰᠢᠶᠠᠨ ᠤ ᠨᠢᠭᠡᠳᠦᠭᠡᠷ ᠪᠠᠭ᠎ᠠ ᠰᠤᠷᠭᠠᠭᠤᠯᠢ᠂ ᠬᠤᠶᠠᠳᠤᠭᠠᠷ ᠪᠠᠭ᠎ᠠ ᠰᠤᠷᠭᠠᠭᠤᠯᠢ ᠵᠡᠷᠭᠡ 6 ᠳᠤᠮᠳᠠᠳᠤ ᠪᠠᠭ᠎ᠠ ᠰᠤᠷᠭᠠᠭᠤᠯᠢ ᠶᠢᠨ ᠡᠷᠭᠢᠨ ᠲᠣᠭᠤᠷᠢᠨ ᠳᠤ ᠬᠦᠷᠴᠦ᠂ ᠨᠣᠮ ᠤᠨ ᠳᠡᠯᠭᠡᠭᠦᠷ᠂ ᠰᠣᠶᠣᠯ ᠤᠨ ᠬᠡᠷᠡᠭᠰᠡᠯ ᠤᠨ ᠳᠡᠯᠭᠡᠭᠦᠷ᠂ ᠬᠡᠳᠦ ᠳᠡᠯᠭᠡᠭᠦᠷ ᠵᠡᠷᠭᠡ ᠲᠠᠯᠠᠪᠤᠷ ᠢ ᠭᠤᠣᠯᠳᠠᠯᠭ᠎ᠠ ᠲᠠᠢ ᠪᠠᠶᠢᠴᠠᠭᠠᠵᠤ᠂ ᠡᠯ᠎ᠡ ᠡᠵᠡᠩᠨᠡᠯᠲᠡ ᠶᠢᠨ ᠨᠢᠭᠡᠴᠡ ᠶᠢᠨ ᠬᠠᠮᠢᠶ᠎ᠠ ᠪᠦᠬᠦᠢ ᠦᠨᠡᠮᠯᠡᠯ᠂ ᠪᠠᠷᠠᠭ᠎ᠠ ᠣᠷᠣᠭᠤᠯᠤᠭᠰᠠᠨ ᠪᠠᠷᠢᠮᠲᠠ ᠵᠡᠷᠭᠡ ᠶᠢ ᠨᠠᠷᠢᠨ ᠬᠢᠨᠠᠮᠠᠭᠠᠢ ᠪᠠᠶᠢᠴᠠᠭᠠᠨ ᠰᠢᠯᠭᠠᠵᠤ᠂ ᠨᠣᠮ ᠤᠨ ᠳᠡᠯᠭᠡᠭᠦᠷ ᠤᠨ ᠠᠭᠤᠯᠭ᠎ᠠ ᠨᠢ ᠪᠣᠯᠬᠢ ᠪᠦᠳᠦᠭᠦᠯᠢᠭ᠂ ᠹᠧᠣᠳᠠᠯ ᠤᠨ ᠮᠤᠬᠤᠷ ᠪᠢᠰᠢᠷᠡᠯ᠂ ᠠᠯᠠᠵᠤ ᠬᠢᠳᠤᠬᠤ ᠬᠦᠴᠦᠷᠬᠡᠭᠯᠡᠯ ᠵᠡᠷᠭᠡ ᠨᠠᠰᠤᠨ ᠳᠤ ᠥᠯᠥ ᠬᠦᠷᠦᠭᠰᠡᠳ ᠤᠨ ᠡᠷᠡᠭᠦᠯ ᠢᠶᠠᠷ ᠦᠰᠦᠨ ᠪᠣᠶᠢᠵᠢᠬᠤ ᠳᠤ ᠬᠤᠣᠷ ᠬᠥᠨᠥᠭᠡᠯ ᠤᠴᠠᠷᠠᠭᠤᠯᠬᠤ ᠺᠠᠷᠲ᠋ᠣᠨ ᠵᠢᠷᠤᠭ ᠤᠨ ᠳᠡᠪᠲᠡᠷ ᠢ ᠪᠣᠷᠣᠯᠠᠭᠤᠯᠵᠤ ᠪᠠᠶᠢᠬᠤ ᠡᠰᠡᠬᠦ᠂ ᠬᠤᠯᠠᠭᠠᠶᠢᠯᠠᠨ ᠬᠡᠪᠯᠡᠭᠰᠡᠨ ᠵᠢᠭᠠᠬᠤ ᠮᠠᠲ᠋ᠧᠷᠢᠶᠠᠯ ᠵᠢᠭᠠᠨ ᠰᠤᠷᠭᠠᠬᠤ ᠬᠠᠪᠰᠤᠷᠤᠮᠵᠢ ᠨᠣᠮ ᠪᠢᠴᠢᠭ ᠢ ᠪᠣᠷᠣᠯᠠᠭᠤᠯᠵᠤ ᠪᠠᠶᠢᠬᠤ ᠡᠰᠡᠬᠦ᠂ ᠪᠢᠴᠢᠭ ᠤᠨ ᠬᠡᠷᠡᠭᠰᠡᠯ ᠤᠨ ᠳᠡᠯᠭᠡᠭᠦᠷ᠂ ᠬᠡᠲᠦ ᠳᠡᠯᠭᠡᠭᠦᠷ ᠲᠤ ᠦᠨᠡᠮᠯᠡᠯ ᠦᠭᠡᠢ ᠪᠠᠷ ᠡᠵᠡᠩᠨᠡᠬᠦ ᠦᠶᠯᠡ ᠠᠵᠢᠯᠯᠠᠭ᠎ᠠ ᠣᠷᠣᠰᠢᠵᠤ ᠪᠠᠶᠢᠬᠤ ᠡᠰᠡᠬᠦ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠳᠤ ᠬᠠᠤᠯᠢ ᠪᠤᠰᠤ ᠬᠡᠪᠯᠡᠭᠳᠡᠬᠦᠨ ᠢ ᠨᠡᠭᠦᠳᠡᠯ ᠳᠡᠯᠭᠡᠭᠦᠷ ᠲᠤ ᠪᠣᠷᠣᠯᠠᠭᠤᠯᠵᠤ ᠪᠠᠶᠢᠬᠤ ᠦᠵᠡᠭᠳᠡᠯ ᠣᠷᠣᠰᠢᠵᠤ ᠪᠠᠶᠢᠬᠤ ᠡᠰᠡᠬᠦ ᠵᠡᠷᠭᠡ ᠶᠢ ᠨᠠᠷᠢᠨ ᠪᠠᠶᠢᠴᠠᠭᠠᠪᠠ᠃      ᠲᠣᠰ ᠤᠳᠠᠭ᠎ᠠ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠨᠣᠮ ᠤᠨ ᠳᠡᠯᠭᠡᠭᠦᠷ᠂ ᠰᠣᠶᠣᠯ ᠤᠨ ︵ᠲᠣᠭᠯᠠᠭᠠᠮ︶ ᠬᠡᠷᠡᠭᠰᠡᠯ ᠤᠨ ᠳᠡᠯᠭᠡᠭᠦᠷ ᠵᠡᠷᠭᠡ 16 ᠡᠵᠡᠩᠨᠡᠯᠲᠡ ᠶᠢᠨ ᠲᠠᠯᠠᠪᠤᠷ ᠭᠠᠵᠠᠷ ᠢ ᠪᠠᠶᠢᠴᠠᠭᠠᠵᠤ᠂ 8 ᠬᠠᠤᠯᠢ ᠬᠡᠷᠡᠭᠵᠢᠭᠦᠯᠬᠦ ᠠᠵᠢᠯᠲᠠᠨ᠂ 3 ᠬᠠᠤᠯᠢ ᠬᠡᠷᠡᠭᠵᠢᠭᠦᠯᠬᠦ ᠮᠠᠰᠢᠨ ᠲᠡᠷᠭᠡ ᠶᠢ ᠬᠥᠳᠡᠯᠭᠡᠵᠡᠢ᠃ ᠲᠣᠰ ᠤᠳᠠᠭᠠᠨ ᠤ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠤ ᠰᠣᠶᠣᠯ ᠤᠨ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠤᠯᠠᠮ ᠨᠢᠭᠡ ᠠᠯᠬᠤᠮ ᠴᠡᠪᠡᠷᠰᠢᠭᠦᠯᠵᠦ᠂ ᠵᠠᠯᠠᠭᠤᠴᠤᠳ ᠪᠠᠭᠠᠴᠤᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠬᠠᠮᠠᠭᠠᠯᠠᠪᠠ᠃      ᠡᠭᠦᠨ ᠤ ᠬᠠᠮᠲᠤ ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠲᠤᠰᠬᠠᠢ ᠠᠵᠢᠯᠯᠠᠭ᠎ᠠ ᠲᠠᠢ ᠤᠶᠠᠯᠳᠤᠭᠤᠯᠤᠨ᠂ ᠡᠵᠡᠩᠨᠡᠯᠲᠡ ᠶᠢᠨ ᠥᠮᠴᠢᠲᠡᠨ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ ︽ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠬᠠᠤᠯᠢ︾ ︽ᠬᠡᠪᠯᠡᠯ ᠤᠨ ᠬᠠᠮᠢᠶᠠᠷᠤᠯᠲᠠ ᠶᠢᠨ ᠳᠦᠷᠢᠮ︾ ︽ᠬᠡᠪᠯᠡᠭᠳᠡᠬᠦᠨ ᠤ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠲᠣᠭᠲᠠᠭᠠᠯ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠵᠤ᠂ ᠥᠷᠭᠡᠨ ᠣᠯᠠᠨ ᠡᠵᠡᠩᠨᠡᠯᠲᠡ ᠶᠢᠨ ᠥᠮᠴᠢᠲᠡᠨ ᠢ ᠬᠥᠲᠥᠯᠥᠨ ᠵᠢᠯᠤᠭᠤᠳᠴᠤ ᠪᠠᠶᠢᠭᠠᠳ ᠬᠠᠤᠯᠢ ᠶᠢ ᠰᠠᠬᠢᠵᠤ ᠡᠵᠡᠩᠨᠡᠯᠲᠡ ᠬᠢᠯᠭᠡᠵᠦ᠂ ᠬᠤᠣᠷ ᠬᠥᠨᠥᠭᠡᠯ ᠲᠠᠢ ᠬᠡᠪᠯᠡᠭᠳᠡᠬᠦᠨ ᠢ ᠬᠠᠮᠲᠤ ᠪᠠᠷ ᠡᠰᠡᠷᠭᠦᠴᠡᠨ ᠬᠤᠷᠢᠭᠯᠠᠵᠠᠢ᠃      ᠲᠠᠷᠠᠭᠠᠴᠢ ᠶᠢᠨ ᠠᠯᠬᠤᠮ ᠳᠤ᠂ ᠲᠣᠭᠲᠠᠬᠤ ᠰᠢᠶᠠᠨ ᠲᠤᠰᠬᠠᠢ ᠠᠵᠢᠯᠯᠠᠭ᠎ᠠ ᠪᠣᠯᠣᠨ ᠡᠳᠦᠷ ᠳᠤᠳᠤᠮ‌‍ᠤᠨ ᠪᠠᠶᠢᠴᠠᠭᠠᠯᠲᠠ᠂ ᠲᠣᠬᠢᠶᠠᠯᠳᠤᠯ ᠢᠶᠠᠷ ᠰᠤᠭᠤᠴᠢᠨ ᠪᠠᠶᠢᠴᠠᠭᠠᠬᠤ ᠶᠢ ᠤᠶᠠᠯᠳᠤᠭᠤᠯᠬᠤ ᠶᠢ ᠢᠮᠠᠭᠲᠠ ᠪᠠᠷᠢᠮᠲᠠᠯᠠᠵᠤ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠯᠲᠠ ᠶᠢ ᠪᠠᠶᠢᠩᠭᠤᠵᠢᠭᠤᠯᠤᠨ ᠥᠷᠨᠢᠭᠦᠯᠵᠦ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠰᠠᠶᠢᠨ ᠰᠠᠶᠢᠬᠠᠨ ᠰᠣᠶᠣᠯ ᠤᠨ ᠣᠷᠴᠢᠨ ᠲᠣᠭᠤᠷᠢᠨ ᠢ ᠦᠨᠡᠨᠬᠦ ᠬᠠᠮᠠᠭᠠᠯᠠᠵᠤ᠂ ᠨᠠᠰᠤᠨ ᠳᠤ ᠦᠯᠦ ᠬᠦᠷᠦᠭᠰᠡᠳ ᠤᠨ ᠡᠷᠡᠭᠦᠯ ᠢᠶᠠᠷ ᠦᠰᠦᠨ ᠪᠣᠶᠢᠵᠢᠬᠤ ᠶᠢ ᠬᠠᠮᠠᠭᠠᠯᠠᠨ᠎ᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1