ᠪᠤᠰᠤᠳ ᠬᠥᠮᠦᠨ ᠤ ᠰᠠᠭᠤᠭᠰᠠᠨ ᠬᠠᠯᠠᠭᠤᠨ ᠰᠠᠨᠳᠠᠯᠢ ᠳᠡᠭᠡᠷ᠎ᠡ ᠰᠠᠭᠤᠪᠡᠯ ᠠᠷᠠᠰᠤᠨ ᠤ ᠡᠪᠡᠳᠴᠢᠨ᠂ ᠦᠩᠭᠡᠨ ᠤ ᠡᠪᠡᠳᠴᠢᠨ ᠬᠠᠯᠳᠠᠪᠤᠷᠢᠯᠠᠨ᠎ᠠ ᠤᠤ ︖
ᠨᠡᠶᠢᠲᠡᠯᠡᠭᠰᠡᠨ ᠴᠠᠭ᠄
2022/9/4
       ᠨᠡᠶᠢᠲᠡ ᠶᠢᠨ ᠮᠠᠰᠢᠨ ᠲᠡᠷᠭᠡ᠂ ᠭᠠᠵᠠᠷ ᠳᠣᠣᠷᠠᠬᠢ ᠲᠡᠮᠦᠷ ᠵᠠᠮ᠂ ᠴᠡᠴᠡᠷᠯᠢᠭ ᠵᠡᠷᠭᠡ ᠣᠯᠠᠨ ᠨᠡᠶᠢᠲᠡ ᠶᠢᠨ ᠭᠠᠵᠠᠷ ᠲᠤ ᠪᠤᠰᠤᠳ ᠬᠥᠮᠦᠨ ᠤ ᠰᠠᠭᠤᠭᠰᠠᠨ ︽ᠬᠠᠯᠠᠭᠤᠨ ᠰᠠᠨᠳᠠᠯᠢ︾ ᠲᠡᠭᠡᠷ᠎ᠡ ᠰᠠᠭᠤᠬᠤ ᠨᠢ  ᠵᠠᠶᠢᠯᠠᠰᠢ  ᠦᠭᠡᠢ  ᠶᠤᠮ᠃  ᠡᠭᠦᠨ ᠳᠤ ᠶᠠᠭᠤ ᠶᠢ ᠠᠩᠬᠠᠷᠪᠠᠯ ᠵᠣᠬᠢᠬᠤ ᠪᠣᠶ  ︖              ᠬᠡᠷᠪᠡ ᠲᠡᠬᠦᠨ ᠤ ᠠᠷᠠᠰᠤ ᠨᠢ ᠰᠠᠨᠳᠠᠯᠢ  ᠪᠤᠶᠤ ᠰᠠᠨᠳᠠᠯᠢ ᠶᠢᠨ ᠲᠦᠰᠢᠯᠭᠡ ᠳᠡᠭᠡᠷ᠎ᠡ ᠰᠢᠭᠤᠳ  ᠬᠦᠷᠦᠯᠴᠡᠭᠰᠡᠨ ᠪᠠᠶᠢᠪᠠᠯ᠂ ᠰᠠᠨᠳᠠᠯᠢ ᠳᠡᠭᠡᠷ᠎ᠡ ᠲᠡᠬᠦᠨ ᠤ ᠬᠠᠭ᠂ ᠬᠥᠯᠥᠰᠥ ᠵᠡᠷᠭᠡ ᠨᠢ ᠦᠯᠡᠳᠡᠬᠦ ᠪᠣᠯᠤᠯᠴᠠᠭ᠎ᠠ ᠲᠠᠢ᠃ ᠬᠡᠷᠪᠡ  ᠨᠢᠭᠡ  ᠬᠥᠮᠦᠨ ‍ᠤ‌ᠠᠷᠠᠰᠤ ᠬᠦᠷᠦᠰᠤ ᠨᠢ ᠪᠦᠷᠢᠨ ᠪᠦᠲᠦᠨ ᠪᠠᠶᠢᠪᠠᠯ᠂ ᠰᠠᠨᠳᠠᠯᠢ ᠳᠡᠭᠡᠷᠡᠬᠢ ᠡᠳᠡᠭᠡᠷ ᠦᠢᠯᠡᠳᠦᠭᠳᠡᠯ ᠪᠣᠳᠠᠰ ᠨᠢ ᠬᠤᠪᠢ ᠬᠥᠮᠦᠨ ᠤ ᠡᠷᠡᠭᠦᠯ ᠮᠡᠨᠳᠦ ᠳᠤ ᠰᠦᠷᠳᠡᠭᠦᠯᠦᠯ ᠪᠣᠯᠬᠤ ᠦᠭᠡᠢ ᠶᠤᠮ᠃ ᠭᠡᠪᠡᠴᠦ ᠵᠠᠷᠢᠮ ᠡᠪᠡᠳᠴᠢᠨ ᠡᠭᠦᠰᠭᠡᠭᠴᠢ᠂ ᠵᠢᠱᠢᠶᠡᠯᠡᠪᠡᠯ ᠰᠡᠷᠬᠡᠨᠦᠳ᠂ ᠠᠷᠠᠰᠤᠨ ᠤ ᠡᠷᠢᠬᠡᠯᠢᠭ ᠪᠠᠺᠲ᠋ᠧᠷᠢ ᠂ ᠬᠠᠮᠠᠭᠤ᠂ ᠢᠯᠢᠳᠦ ᠵᠡᠷᠭᠡ ᠶᠢᠨ ᠡᠪᠡᠳᠴᠢᠨ ᠭᠡᠮ ᠲᠠᠢ  ᠡᠪᠡᠳᠴᠢᠲᠡᠨ ᠤ  ᠡᠪᠡᠳᠴᠢᠯᠡᠭᠰᠡᠨ ᠬᠡᠰᠡᠭ ᠨᠢ ᠪᠦᠷᠢᠮᠦᠰᠦᠨ ᠡᠳᠡᠭᠡᠷᠡᠭᠡᠳᠦᠢ ᠨᠥᠬᠦᠴᠡᠯ ᠳᠣᠣᠷ᠎ᠠ ᠰᠢᠭᠤᠳ ᠰᠠᠨᠳᠠᠯᠢ ᠳᠡᠭᠡᠷ᠎ᠡ ᠬᠦᠷᠦᠯᠴᠡᠭᠰᠡᠨ ᠪᠣᠯ ᠳᠠᠷᠠᠭ᠎ᠠ ᠰᠠᠭᠤᠭᠰᠠᠨ ᠬᠥᠮᠦᠨ ᠤ ᠠᠷᠠᠰᠤᠨ ᠳᠤ ᠬᠦᠷᠦᠯᠴᠡᠪᠡᠯ ᠳᠠᠷᠤᠢ ᠬᠠᠯᠳᠠᠪᠤᠷᠢᠯᠠᠬᠤ ᠪᠣᠯᠤᠯᠴᠠᠭ᠎ᠠ ᠲᠠᠢ᠃      ᠬᠠᠯᠠᠭᠤᠨ ᠰᠠᠨᠳᠠᠯᠢ ᠳᠡᠭᠡᠷ᠎ᠡ ᠰᠠᠭᠤᠬᠤ ᠨᠢ ᠬᠤᠰᠬᠢᠨᠠᠭ ᠪᠤᠶᠤ ᠰᠢᠭᠡᠰᠦᠨ ᠰᠦᠪᠡ ᠪᠠᠷ ᠳᠠᠮᠵᠢᠬᠤ  ᠡᠪᠡᠳᠴᠢᠨ ᠢ ᠠᠮᠠᠷᠬᠠᠨ ᠲᠠᠷᠬᠠᠭᠠᠬᠤ ᠦᠭᠡᠢ᠃ ᠥᠩᠭᠡᠨ ᠡᠪᠡᠳᠴᠢᠨ᠂ ᠵᠢᠱᠢᠶᠡᠯᠡᠪᠡᠯ ᠲᠡᠮᠪᠤᠤ ᠡᠪᠡᠳᠴᠢᠨ᠂  ᠠᠶᠢᠽ ᠡᠪᠡᠳᠴᠢᠨ ᠵᠡᠷᠭᠡ᠂ ᠲᠡᠳᠡᠭᠡᠷ ᠤᠨ ᠬᠠᠯᠳᠠᠪᠤᠷᠢᠯᠠᠬᠤ ᠵᠠᠮ ᠨᠢ ᠭᠤᠣᠯᠳᠠᠭᠤ ᠭᠤᠷᠪᠠᠨ ᠵᠦᠢᠯ ᠪᠠᠶᠢᠳᠠᠭ᠄ ᠬᠤᠷᠢᠴᠠᠯ ᠤᠨ ᠠᠵᠢᠯᠯᠠᠭ᠎ᠠ᠂ ᠴᠢᠰᠤ᠂ ᠡᠬᠡ ᠨᠢᠯᠬᠠᠰ ᠢᠶᠠᠷ ᠰᠢᠭᠤᠳ ᠲᠠᠷᠬᠠᠭᠠᠨ᠎ᠠ᠃ ᠬᠠᠯᠠᠭᠤᠨ ᠰᠠᠨᠳᠠᠯᠢ ᠲᠡᠭᠡᠷ᠎ᠡ ᠰᠠᠭᠤᠬᠤ ᠨᠢ ᠦᠩᠭᠡᠨ ᠤ ᠡᠪᠡᠳᠴᠢᠨ ᠬᠠᠯᠳᠠᠪᠤᠷᠢᠯᠠᠬᠤ ᠦᠭᠡᠢ᠃      ᠪᠤᠰᠤᠳ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠲᠠᠯᠠᠪᠤᠷ᠂ ᠵᠢᠱᠢᠶᠡᠯᠡᠪᠡᠯ ᠵᠣᠷᠯᠣᠩ ᠤᠨ ᠰᠠᠭᠤᠳᠠᠯ᠂ ᠴᠠᠬᠢᠯᠭᠠᠨ ᠱᠠᠲᠤ  ᠪᠠ ᠭᠠᠵᠠᠷ ᠳᠤᠤᠷᠠᠬᠢ ᠲᠡᠮᠦᠷ ᠵᠠᠮ ᠤᠨ ᠲᠦᠰᠢᠭᠦᠷ᠂ ᠤᠮᠪᠠᠯᠲᠠ ᠶᠢᠨ ᠭᠠᠵᠠᠷ ᠵᠡᠷᠭᠡ ᠨᠢ ᠴᠥᠮ ᠣᠯᠠᠨ ᠨᠡᠶᠢᠲᠡ ᠵᠢᠨ‌‍ᠲ᠋ᠠᠯᠠᠪᠤᠷ ᠪᠣᠯᠤᠨ᠎ᠠ᠃ ᠠᠷᠢᠭᠤᠨ ᠴᠡᠪᠡᠷ ᠤᠨ ᠨᠥᠬᠦᠴᠡᠯ ᠢᠶᠠᠷ ᠠᠨᠠᠶ ᠵᠣᠷᠯᠣᠩ ᠢ ᠠᠯᠢ ᠴᠢᠳᠠᠬᠤ ᠪᠠᠷ ᠬᠡᠷᠡᠭᠯᠡᠬᠦ ᠥᠬᠡᠶ ᠪᠠᠶᠢᠪᠠᠯ ᠵᠤᠬᠢᠨ᠎ᠠ᠂ ᠣᠴᠦ᠋ᠢᠵᠤ ᠰᠠᠭᠤᠬᠤ ᠨᠦᠬᠡ  ᠲᠠᠢ ᠵᠣᠷᠯᠣᠩ ᠢ ᠰᠣᠩᠭᠤᠵᠤ᠂ ᠰᠢᠭᠤᠳ  ᠠᠷᠠᠰᠤ  ᠬᠦᠷᠦᠯᠴᠡᠬᠦ ᠠᠴᠠ  ᠵᠠᠶᠢᠯᠠᠰᠬᠢᠬᠦ ᠬᠡᠷᠡᠭᠲᠡᠶ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1