ᠲᠣᠭᠲᠠᠬᠤ ᠰᠢᠶᠠᠨ 2022 ᠣᠨ ᠤ ᠤᠯᠤᠰ ᠤᠨ ᠰᠦᠯᠵᠢᠶᠡᠨ ᠤ ᠠᠮᠤᠷ ᠲᠦᠪᠰᠢᠨ‌‍ᠦ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠥᠷᠨᠢᠭᠦᠯᠵᠡᠢ
ᠨᠡᠶᠢᠲᠡᠯᠡᠭᠰᠡᠨ ᠴᠠᠭ᠄
2022/9/6
      9 ᠰᠠᠷ᠎ᠠ ᠶᠢᠨ 5  ᠤ ᠡᠳᠦᠷ᠂ ︽ᠰᠦᠯᠵᠢᠶᠡᠨ ᠤ ᠠᠮᠤᠷ ᠲᠦᠪᠰᠢᠨ ᠢ ᠠᠷᠠᠳ ᠲᠦᠮᠡᠨ ᠪᠤᠢ ᠪᠣᠯᠭᠠᠵᠤ᠂ ᠰᠦᠯᠵᠢᠶᠡᠨ ᠤ ᠠᠮᠤᠷ ᠲᠦᠪᠰᠢᠨ ᠢ ᠠᠷᠠᠳ ᠲᠦᠮᠡᠨ ᠳᠤ ᠲᠦᠰᠢᠭᠯᠡᠬᠦ︾ ᠪᠠᠷ ᠭᠤᠣᠯ ᠰᠡᠳᠦᠪ ᠪᠣᠯᠭᠠᠭᠰᠠᠨ ᠲᠣᠭᠲᠠᠬᠤ ᠰᠢᠶᠠᠨ ᠤ 2022 ᠣᠨ ᠤ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠲᠣᠭᠲᠠᠬᠤ ᠰᠢᠶᠠᠨ ᠤ ᠶᠦᠨ ᠵᠦᠩ ᠰᠣᠶᠣᠯ ᠤᠨ ᠣᠷᠳᠣᠨ ᠤ ᠲᠠᠯᠠᠪᠠᠢ ᠳᠤ ᠶᠠᠪᠤᠭᠳᠠᠪᠠ᠃ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠢᠶᠠᠨ ᠤ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠵᠥᠪᠯᠡᠯ᠂ ᠰᠦᠯᠵᠢᠶᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠲᠥᠪ ᠂ ᠰᠤᠷᠭᠠᠨ ᠬᠥᠮᠦᠵᠢᠯ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠦᠢᠯᠡᠴᠢᠯᠡᠭᠡᠨ ᠤ ᠲᠥᠪ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠮᠥᠩᠭᠦᠨ ᠭᠦᠢᠯᠭᠡᠭᠡᠨ ᠤ ᠠᠯᠪᠠᠨ ᠭᠡᠷ᠂ ᠠᠵᠢᠯᠴᠢᠨ ᠤ ᠶᠡᠷᠦᠩᠬᠡᠢ ᠡᠪᠯᠡᠯ᠂  ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭ᠎ᠠ᠂ ᠨᠢᠭᠤᠴᠠ ᠶᠢ ᠬᠠᠮᠠᠭᠠᠯᠠᠬᠤ ᠨᠢᠭᠤᠴᠠ ᠴᠢᠬᠤᠯᠠ ᠶᠠᠪᠤᠳᠠᠯ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠠᠵᠢᠯᠯᠠᠭ᠎ᠠ ᠳᠤ ᠣᠷᠣᠯᠴᠠᠪᠠ᠃      ᠠᠵᠢᠯᠯᠠᠭ᠎ᠠ ᠶᠢᠨ ᠳᠤᠮᠳᠠ᠂ ᠠᠵᠢᠯᠲᠠᠳ ᠡᠯᠭᠦᠭᠡ ᠪᠢᠴᠢᠭᠡᠰᠦ ᠡᠯᠭᠦᠬᠦ᠂ ᠲᠤᠬᠠᠢ ᠶᠢᠨ ᠲᠠᠯᠠᠪᠤᠷ ᠲᠤ ᠲᠠᠶᠢᠯᠤᠮᠵᠢ ᠬᠢᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠨᠠᠰᠢ ᠴᠠᠰᠢ ᠥᠩᠭᠡᠷᠡᠬᠦ ᠣᠯᠠᠨ ᠲᠦᠮᠡᠨ ᠳᠤ ᠰᠦᠯᠵᠢᠶᠡᠨ ᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠵᠡᠷᠭᠡ ᠬᠠᠮᠢᠶ᠎ᠠ ᠪᠦᠬᠦᠢ ᠮᠡᠳᠡᠯᠭᠡ ᠶᠢ ᠲᠦᠭᠡᠮᠡᠯᠵᠢᠭᠦᠯᠵᠡᠢ᠃ ᠡᠭᠦᠨ ᠤ ᠬᠠᠮᠲᠤ᠂ ᠮᠠᠨ ᠤ ᠰᠢᠶᠠᠨ ᠤ ᠬᠡᠰᠡᠭ ᠰᠦᠯᠵᠢᠶᠡᠨ ᠤ ᠭᠤᠣᠯ ᠨᠡᠪᠲᠡᠷᠡᠭᠦᠯᠦᠭᠴᠢ ᠶᠢ ᠤᠷᠢᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢᠨ ᠬᠠᠷᠢᠯᠴᠠᠨ ᠬᠥᠳᠡᠯᠦᠯᠴᠡᠬᠦ ᠪᠠᠷ ᠳᠠᠮᠵᠢᠨ᠂ ᠥᠷᠭᠡᠨ ᠤᠯᠠᠨ ᠠᠷᠠᠳ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠰᠦᠯᠵᠢᠶᠡᠨ ᠤ ᠠᠵᠢᠯᠯᠠᠭ᠎ᠠ ᠶᠢ ᠵᠢᠷᠤᠮᠵᠢᠭᠤᠯᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠰᠤᠷᠲᠠᠯ ᠴᠢᠬᠡᠴᠢ ᠣᠪᠣᠷ ᠲᠥᠪ ᠰᠦᠯᠵᠢᠶᠡᠨ ᠤ ᠣᠷᠣᠨ ᠵᠠᠢ ᠶᠢ ᠭᠠᠷ ᠬᠤᠯᠪᠣᠨ ᠬᠠᠮᠲᠤᠪᠠᠷ ᠪᠠᠶᠢᠭᠤᠯᠵᠤ᠂ ᠤᠯᠤᠰ ᠤᠨ ᠰᠦᠯᠵᠢᠶᠡᠨ ᠤ ᠠᠮᠤᠷ ᠲᠦᠪᠰᠢᠨ ᠢ ᠬᠠᠮᠠᠭᠠᠯᠠᠬᠤ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠵᠡᠢ᠃      ᠣᠶᠢᠯᠠᠭᠠᠭᠰᠠᠨ ᠢᠶᠠᠷ᠂ ᠲᠣᠰ ᠬᠤᠭᠤᠴᠠᠭᠠᠨ ᠤ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠵᠣᠷᠢᠯᠭ᠎ᠠ ᠨᠢ ᠪᠥᠬᠦ ᠨᠡᠶᠢᠭᠡᠮ ᠢᠶᠠᠷ ᠢᠶᠠᠨ ᠰᠦᠯᠵᠢᠶᠡᠨ ᠤ ᠠᠮᠤᠷ ᠲᠦᠪᠰᠢᠨ ᠢ ᠬᠠᠮᠲᠤ ᠪᠠᠷ ᠬᠠᠮᠠᠭᠠᠯᠠᠬᠤ ᠬᠠᠯᠠᠭᠤᠨ ᠰᠡᠳᠬᠢᠯᠭᠡ ᠶᠢ ᠤᠯᠠᠮ ᠨᠢᠭᠡ ᠠᠯᠬᠤᠮ ᠬᠥᠭᠵᠢᠭᠡᠵᠦ᠂ ᠡᠷᠡᠭᠦᠯ ᠪᠣᠯᠪᠠᠰᠤᠨ‌‍ᠲ᠋ᠠᠷᠠᠭᠠᠴᠢ ᠶᠢᠨ ᠠᠯᠬᠤᠮ ᠳᠤ᠂ ᠮᠠᠨ ᠤ ᠰᠢᠶᠠᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠰᠤᠷᠭᠠᠭᠤᠯᠢ ᠶᠢᠨ ᠬᠦᠷᠢᠶᠡᠨ ᠤ ᠡᠳᠦᠷ᠂ ᠴᠠᠬᠢᠯᠭᠠᠨ ᠬᠤᠯᠪᠣᠭᠠᠨ ᠤ ᠡᠳᠦᠷ᠂ ᠬᠠᠤᠯᠢᠵᠢᠯ ᠤᠨ ᠡᠳᠦᠷ᠂ ᠮᠥᠩᠭᠦᠨ ᠭᠦᠢᠯᠭᠡᠭᠡᠨ ᠤ ᠡᠳᠦᠷ᠂ ᠵᠠᠯᠠᠭᠤᠴᠤᠳ ᠪᠠᠭᠠᠴᠤᠳ ᠤᠨ ᠡᠳᠦᠷ᠂ ᠬᠤᠪᠢ ᠬᠥᠮᠥᠨ ᠤ ᠮᠡᠳᠡᠭᠡ ᠵᠠᠩᠭᠢ ᠶᠢᠨ ᠬᠠᠮᠠᠭᠠᠯᠠᠯᠲᠠ ᠶᠢᠨ ᠡᠳᠦᠷ ᠵᠡᠷᠭᠡ ᠰᠢᠷᠢᠰ ᠭᠤᠣᠯ ᠰᠡᠳᠦᠪᠲᠦ ᠡᠳᠦᠷ ᠤᠨ ᠠᠵᠢᠯᠯᠠᠭ᠎ᠠ ᠥᠷᠨᠢᠭᠦᠯᠦᠨ᠎ᠡ᠃ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢ ᠨᠡᠶᠢᠭᠡᠮ ᠲᠣᠭᠤᠷᠢᠭ ᠲᠤ᠂ ᠠᠵᠤ ᠠᠬᠤᠶᠢᠯᠠᠯ ᠳᠤ᠂ ᠪᠠᠶᠢᠭᠤᠯᠤᠯᠭ᠎ᠠ ᠳᠤ᠂ ᠠᠷᠠᠳ ᠤᠯᠠᠨ ᠤ ᠬᠢᠯᠪᠡᠷ ᠣᠶᠢᠯᠠᠭᠠᠮᠵᠢᠲᠠᠢ᠂ ᠦᠵᠡᠵᠦ ᠰᠣᠨᠣᠰᠬᠤ ᠳᠤᠷᠠᠲᠠᠢ ᠠᠷᠭ᠎ᠠ ᠬᠡᠯᠪᠡᠷᠢ ᠪᠠᠷ ᠰᠦᠯᠵᠢᠶᠡᠨ ᠤ ᠠᠮᠤᠷ ᠲᠦᠪᠰᠢᠨ ᠤ ᠣᠶᠢᠯᠠᠭᠠᠭᠳᠠᠬᠤᠨ ᠢ ᠤᠬᠠᠭᠤᠯᠵᠤ᠂ ᠰᠦᠯᠵᠢᠶᠡᠨ ᠤ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠵᠦ᠂ ᠰᠦᠯᠵᠢᠶᠡᠨ ᠤ ᠠᠮᠤᠷ ᠲᠦᠪᠰᠢᠨ ᠤ ᠤᠷ᠎ᠠ ᠴᠢᠳᠠᠪᠤᠷᠢ ᠶᠢ ᠳᠡᠯᠭᠡᠷᠡᠭᠦᠯᠵᠦ᠂ ︽ᠤᠯᠠᠨ ᠲᠦᠮᠡᠨ ᠲᠠᠢ ᠣᠶᠢᠷᠠᠲᠤᠯᠴᠠᠬᠤ︾ ᠠᠷᠭ᠎ᠠ ᠬᠡᠯᠪᠡᠷᠢ ᠪᠠᠷ ᠵᠡᠭᠡᠯᠢ ᠭᠤᠳᠤᠮᠵᠢ ᠪᠠᠷ ᠭᠦᠨᠵᠡᠭᠡᠶᠢᠷᠡᠵᠦ᠂  ᠡᠯ᠎ᠡ ᠪᠠᠯᠭᠠᠰᠤ᠂ ᠡᠯ᠎ᠡ ᠲᠣᠰᠬᠤᠨ ᠳᠤ ᠰᠢᠭᠤᠳ ᠬᠦᠷᠴᠦ᠂ ᠠᠷᠠᠳ ᠤᠯᠠᠨ ᠢ ︽ᠦᠵᠡᠬᠦ ᠳᠤᠷᠠᠲᠠᠢ᠂ ᠦᠵᠡᠵᠦ ᠣᠶᠢᠯᠠᠭᠠᠬᠤ᠂ ᠴᠡᠭᠡᠵᠢᠯᠡᠵᠦ ᠳᠡᠶᠢᠯᠭ᠊ ‍ᠤ᠋︾ ᠪᠣᠯᠭᠠᠵᠤ᠂ ᠪᠦᠬᠦ ᠨᠡᠶᠢᠭᠡᠮ ᠤᠨ ᠰᠦᠯᠵᠢᠶᠡᠨ ᠤ ᠠᠮᠤᠷ ᠲᠦᠪᠰᠢᠨ ᠤ ᠤᠬᠠᠮᠰᠠᠷ ᠪᠣᠯᠣᠨ ᠰᠡᠷᠭᠡᠶᠢᠯᠡᠨ ᠬᠠᠮᠠᠭᠠᠯᠠᠬᠤ ᠤᠷ᠎ᠠ ᠴᠢᠳᠠᠪᠤᠷᠢ ᠶᠢᠨ ᠳᠡᠭᠡᠭᠰᠢᠯᠡᠯᠲᠡ ᠶᠢ ᠬᠦᠴᠦᠲᠡᠢ ᠠᠬᠢᠭᠤᠯᠬᠤ ᠪᠤᠯᠤᠨ᠎ᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1