ᠲᠣᠭᠲᠠᠬᠤ ᠰᠢᠶᠠᠨ ᠤ ᠭᠦ᠋ ᠴᠧᠩ ᠪᠠᠯᠭᠠᠰᠤ ᠪᠠᠶᠠᠷ ᠤᠨ ᠡᠳᠦᠷ ᠠᠴᠠ ᠡᠮᠦᠨᠡᠬᠢ ᠣᠷᠴᠢᠨ ᠠᠬᠤᠢ ᠶᠢᠨ ᠡᠷᠡᠭᠦᠯ ᠬᠠᠮᠠᠭᠠᠯᠠᠯ ᠤᠨ ᠶᠡᠭᠡ ᠴᠡᠭᠴᠡᠯᠡᠨ ᠵᠠᠰᠠᠯᠲᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/9/6
     ᠨᠠᠢᠮᠠᠨ ᠰᠠᠷ᠎ᠠ ᠶᠢᠨ ᠲᠡᠷᠭᠡᠯ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠠᠷᠢᠭᠤᠨ ᠴᠡᠪᠡᠷ᠂ ᠪᠣᠯᠪᠠᠰᠤᠨ᠂ ᠡᠮᠬᠢ ᠳᠢᠭᠯᠢᠮ ᠲᠠᠢ ᠬᠥᠳᠡᠭᠡ ᠲᠣᠰᠬᠤᠨ ᠤ ᠣᠷᠴᠢᠨ ᠲᠣᠭᠤᠷᠢᠨ ᠢ ᠪᠤᠢ ᠪᠣᠯᠭᠠᠬᠤ ᠶᠢᠨ ᠲᠥᠯᠥᠭᠡ᠂ ᠭᠦ᠋ ᠴᠧᠩ ᠪᠠᠯᠭᠠᠰᠤ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠶᠢ ᠦᠷᠭᠦᠯᠵᠢᠯᠡᠨ ᠠᠬᠢᠭᠤᠯᠵᠤ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠦᠨᠡᠨᠬᠦ ᠰᠠᠶᠢᠵᠢᠷᠠᠭᠤᠯᠵᠤ᠂ ᠤᠯᠠᠨ ᠲᠦᠮᠡᠨ ᠤ ᠵᠣᠯ ᠵᠢᠷᠭᠠᠯᠲᠤ ᠲᠥᠷᠥᠭᠳᠡᠯ ᠪᠣᠯᠣᠨ ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠵᠡᠢ᠃      ᠲᠣᠰ ᠤᠳᠠᠭᠠᠨ ᠤ ᠣᠷᠴᠢᠨ ᠠᠬᠤᠢ ᠶᠢᠨ ᠡᠷᠡᠭᠦᠯ ᠬᠠᠮᠠᠭᠠᠯᠠᠯ ᠤᠨ ᠴᠡᠭᠴᠡᠯᠡᠨ ᠵᠠᠰᠠᠬᠤ ᠠᠵᠢᠯ ᠪᠥᠬᠦ ᠪᠠᠯᠭᠠᠰᠤᠨ ᠤ 25 ᠲᠣᠰᠬᠤᠨ ᠢ ᠬᠠᠮᠤᠷᠴᠤ᠂ ᠡᠯ᠎ᠡ ᠲᠣᠰᠬᠤᠨ ᠤ ᠬᠢᠨ ᠵᠠᠮ ᠳᠠᠭᠠᠤ ᠶᠢᠨ ᠪᠤᠵᠠᠷ ᠡᠪᠡᠰᠦ᠂ ᠠᠮᠢᠳᠤᠷᠠᠯ ᠤᠨ ᠬᠤᠭ ᠨᠣᠪᠰᠢ᠂ ᠠᠷᠢᠭᠤᠨ ᠴᠡᠪᠡᠷ ᠤᠨ ᠥᠯᠥ ᠣᠨᠣᠭᠳᠠᠬᠤ ᠭᠠᠵᠠᠷ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢ ᠴᠢᠩᠭ᠎ᠠ ᠠᠵᠢᠭᠯᠠᠵᠤ᠂ ᠪᠥᠬᠦ ᠲᠠᠯ᠎ᠠ ᠪᠠᠷ ᠬᠠᠮᠤᠷᠤᠨ ᠴᠡᠭᠴᠡᠯᠡᠨ ᠵᠠᠰᠠᠬᠤ ᠠᠵᠢᠯ ᠢ ᠥᠷᠨᠢᠭᠦᠯᠪᠡ᠃ ᠡᠭᠦᠨ ᠤ ᠬᠠᠮᠲᠤ᠂ ᠡᠯ᠎ᠡ ᠭᠠᠴᠠᠭ᠎ᠠ ᠪᠣᠳᠠᠲᠤ ᠪᠠᠶᠢᠳᠠᠯ ᠢᠶᠠᠨ ᠦᠨᠳᠦᠰᠦᠯᠡᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠶᠢ ᠶᠡᠬᠡᠪᠡᠷ ᠤᠬᠠᠭᠤᠯᠪᠠ᠃ ᠬᠥᠳᠡᠭᠡ ᠲᠣᠰᠬᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠰᠠᠶᠢᠨ ᠰᠠᠶᠢᠬᠠᠨ ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠵᠤ᠂ ︽ᠠᠶᠢᠯ ᠲᠣᠰᠬᠤᠨ ᠪᠣᠯ ᠮᠢᠨᠤ ᠭᠡᠷ᠂ ᠦᠵᠡᠰᠬᠦᠯᠡᠩᠲᠦ ᠰᠠᠶᠢᠬᠠᠨ ᠪᠣᠯ ᠤᠯᠠᠨ ᠳᠤ ᠲᠦᠰᠢᠭᠯᠡᠨ᠎ᠡ︾ ᠭᠡᠬᠦ ᠦᠵᠡᠯᠲᠡ ᠶᠢ ᠲᠣᠰᠬᠤᠨ ᠤ ᠠᠷᠠᠳ ᠤᠨ ᠰᠡᠳᠬᠢᠯ ᠳᠤ ᠦᠨᠳᠦᠰᠦᠯᠡᠭᠦᠯᠵᠦ᠂ ᠤᠯᠠᠨ ᠢ ᠲᠠᠶᠢᠴᠢᠯᠠᠨ ᠬᠥᠳᠡᠭᠡ ᠲᠣᠰᠬᠤᠨ ᠤ ᠣᠷᠴᠢᠨ ᠲᠣᠭᠤᠷᠢᠨ ᠢ ᠬᠠᠮᠠᠭᠠᠯᠠᠬᠤ ᠠᠵᠢᠯᠯᠠᠭ᠎ᠠ ᠳᠤ ᠢᠳᠡᠪᠬᠢᠲᠡᠢ ᠤᠷᠤᠯᠴᠠᠭᠤᠯᠪᠠ᠃      ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠢᠶᠠᠷ ᠳᠡᠮᠵᠢᠨ᠂ ᠭᠦ᠋ ᠴᠧᠩ ᠪᠠᠯᠭᠠᠰᠤᠨ ᠤ ᠬᠥᠳᠡᠭᠡ ᠲᠣᠰᠬᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠮᠠᠰᠢ ᠶᠡᠭᠡ ᠰᠠᠶᠢᠵᠢᠷᠠᠯᠲᠠ ᠲᠠᠢ ᠪᠣᠯᠵᠤ᠂ ᠣᠯᠠᠨ ᠲᠦᠮᠡᠨ ᠢ ᠠᠷᠢᠭᠤᠨ ᠴᠡᠪᠡᠷ᠂ ᠴᠡᠪᠡᠷ ᠲᠡᠭᠰᠢ᠂ ᠥᠯᠵᠡᠢ ᠪᠡᠯᠭᠡ ᠲᠠᠢ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠢ ᠥᠩᠭᠡᠷᠡᠭᠦᠯᠬᠦ ᠪᠣᠯᠭᠠᠵᠠᠢ᠃ ᠵᠠᠯᠭᠠᠭᠠᠳ᠂ ᠭᠦ᠋ ᠴᠧᠩ ᠪᠠᠯᠭᠠᠰᠤ ᠶᠢᠨ ᠬᠢᠨ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠭᠦᠨᠵᠡᠭᠡᠢ ᠥᠷᠨᠢᠭᠦᠯᠦᠨ᠎ᠡ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1