ᠥᠪᠥᠷ ᠮᠣᠩᠭᠤᠯ ᠤᠨ ᠵᠦᠩ ᠳ᠋ᠢᠶᠠᠨ ᠴᠠᠬᠢᠯᠭᠠᠨ ᠬᠦᠴᠦᠨ ᠤ ᠡᠨᠧᠷᠭᠢ ᠬᠠᠳᠠᠭᠠᠯᠠᠬᠤ ᠺᠣᠮᠫᠠᠨᠢ ᠲᠣᠭᠲᠠᠬᠤ ᠰᠢᠶᠠᠨ ᠳᠤ 20 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠲᠤᠭᠳᠠᠬᠤ ᠴᠢᠩ ᠱᠦᠢ ᠾᠧ ᠨᠡᠭᠡᠭᠡᠨ ᠬᠥᠭᠵᠢᠭᠦᠯᠬᠦ ᠣᠷᠣᠨ ᠤ ᠬᠡᠪ ᠳᠠᠭᠤᠷᠢᠶᠠᠯ ᠪᠣᠯᠬᠤ ᠡᠨᠧᠷᠭᠢ ᠬᠠᠳᠠᠭᠠᠯᠠᠬᠤ ᠪᠣᠬᠢᠷᠳᠤᠯ ᠦᠭᠡᠢ ᠴᠠᠬᠢᠯᠭᠠᠨ ᠬᠠᠩᠭᠠᠬᠤ ᠵᠢᠱᠢᠶ᠎ᠡ ᠦᠵᠡᠭᠦᠯᠬᠦ ᠲᠥᠷᠥᠯ ᠵᠦᠢᠯ ᠢ ᠪᠠᠶᠢᠭᠤᠯᠬᠤ ᠪᠠᠷ ᠪᠣᠶ
ᠨᠡᠶᠢᠲᠡᠯᠡᠭᠰᠡᠨ ᠴᠠᠭ᠄
2022/9/6
     9 ᠰᠠᠷ᠎ᠠ ᠶᠢᠨ 5 ᠤ ᠡᠳᠦᠷ᠂ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠪᠣᠯᠣᠨ ᠥᠪᠥᠷ ᠮᠣᠩᠭᠤᠯ ᠤᠨ ᠵᠦᠩ ᠳ᠋ᠢᠶᠠᠨ ᠴᠠᠬᠢᠯᠭᠠᠨ ᠬᠦᠴᠦᠨ ᠤ ᠡᠨᠧᠷᠭᠢ ᠬᠠᠳᠠᠭᠠᠯᠠᠬᠤ ᠮᠡᠷᠭᠡᠵᠢᠯ ᠤᠨ ᠬᠢᠵᠠᠭᠠᠷᠲᠤ ᠺᠣᠮᠫᠠᠨᠢ ᠲᠣᠭᠲᠠᠬᠤ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠪᠣᠬᠢᠷᠳᠤᠯ ᠦᠭᠡᠢ ᠴᠠᠬᠢᠯᠭᠠᠨ ᠬᠠᠩᠭᠠᠬᠤ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠵᠥᠪᠯᠡᠯᠴᠡᠭᠡᠷ ᠲᠤ ᠭᠠᠷ ᠤᠨ ᠥᠰᠥᠭ ᠵᠢᠷᠤᠪᠠ᠃ ᠥᠪᠥᠷ ᠮᠣᠩᠭᠤᠯ ᠤᠨ ᠵᠦᠩ ᠳ᠋ᠢᠶᠠᠨ ᠴᠠᠬᠢᠯᠭᠠᠨ ᠬᠦᠴᠦᠨ ᠤ ᠡᠨᠧᠷᠭᠢ ᠬᠠᠳᠠᠭᠠᠯᠠᠬᠤ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠭᠤᠤ ᠰᠦᠩ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠭᠤᠤ ᠵᠧᠩ ᠣᠷᠣᠯᠴᠠᠪᠠ᠃      ᠣᠶᠢᠯᠠᠭᠠᠭᠰᠠᠨ ᠢᠶᠠᠷ᠂ ᠲᠣᠰ ᠲᠥᠷᠥᠯ ᠵᠦᠢᠯ ᠤᠨ ᠲᠥᠯᠦᠪᠵᠢᠭᠦᠯᠭᠡ ᠪᠠᠷ ᠲᠣᠭᠲᠠᠬᠤ ᠰᠢᠶᠠᠨ ᠳᠤ 30 ᠲᠦᠮᠡᠨ ᠺᠢᠯᠣᠸᠠᠲ ᠤᠨ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠢ ᠪᠠᠶᠢᠭᠤᠯᠵᠤ᠂ 220KV ᠶᠢᠨ ᠬᠦᠴᠦᠳᠡᠯ ᠳᠡᠭᠡᠭᠰᠢᠯᠡᠭᠦᠯᠬᠦ ᠥᠷᠲᠡᠭᠡ 2᠂ 2×240KVA ᠶᠢᠨ ᠬᠦᠴᠦᠳᠡᠯ ᠥᠭᠡᠷᠡᠴᠢᠯᠡᠬᠦ ᠥᠷᠲᠡᠭᠡ 1 ᠶᠢ ᠵᠡᠷᠭᠡ ᠪᠠᠷ ᠪᠠᠶᠢᠭᠤᠯᠵᠤ᠂ 90MW/360MWh ᠶᠢᠨ ᠡᠨᠧᠷᠭᠢ ᠬᠠᠳᠠᠭᠠᠯᠠᠬᠤ ᠲᠤᠰᠠᠭᠠᠷ ᠴᠠᠬᠢᠯᠭᠠᠨ ᠥᠷᠲᠡᠭᠡ ᠲᠣᠬᠢᠷᠠᠭᠤᠯᠵᠤ᠂ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ 20 ᠳ᠋ᠦᠩᠰᠢᠭᠤᠷ ᠲᠥᠭᠦᠷᠢᠭ ᠲᠤ ᠬᠦᠷᠴᠡᠢ᠃      ᠬᠤᠷᠠᠯ ᠳᠡᠭᠡᠷ᠎ᠡ᠂ ᠭᠤᠸ ᠰᠥᠩ ᠲᠤᠭᠳᠠᠬᠤ ᠴᠢᠩ ᠱᠦᠢ ᠾᠧ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠪᠣᠬᠢᠷᠳᠤᠯ ᠦᠭᠡᠢ ᠴᠠᠬᠢᠯᠭᠠᠨ ᠬᠠᠩᠭᠠᠬᠤ ᠲᠥᠷᠥᠯ ᠵᠦᠢᠯ ᠤᠨ ᠦᠨᠳᠦᠰᠦᠨ ᠪᠠᠶᠢᠳᠠᠯ ᠢ ᠲᠠᠨᠢᠯᠴᠠᠭᠤᠯᠵᠤ᠂ ᠲᠤᠭᠳᠠᠬᠤ ᠰᠢᠶᠠᠨ ᠤ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠳᠠᠪᠠᠭᠤᠯᠢᠭ᠂ ᠬᠤᠶᠠᠷ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠰᠠᠭᠤᠷᠢ ᠪᠠᠲᠤ ᠪᠠᠬᠢ᠂ ᠢᠷᠡᠭᠡᠳᠦᠢ ᠰᠠᠷᠠᠭᠤᠯ ᠠᠭᠤᠳᠠᠮ ᠪᠠᠶᠢᠨ᠎ᠠ᠂ ᠡᠨᠧᠷᠭᠢ ᠬᠠᠳᠠᠭᠠᠯᠠᠬᠤ ᠵᠢᠱᠢᠶ᠎ᠡ ᠦᠵᠡᠭᠦᠯᠬᠦ ᠬᠡᠪ ᠳᠠᠭᠤᠷᠢᠶᠠᠯ ᠤᠨ ᠴᠢᠨᠠᠷᠲᠠᠢ ᠲᠥᠷᠥᠯ ᠵᠦᠢᠯ ᠪᠠ ᠰᠢᠨ᠎ᠡ ᠡᠨᠧᠷᠭᠢ ᠶᠢᠨ ᠭᠢᠯᠠᠰ ᠴᠡᠭᠲᠦ ᠲᠥᠷᠥᠯ ᠵᠦᠢᠯ ᠢ ᠬᠠᠮᠲᠤ ᠪᠠᠷ ᠪᠣᠶ ᠪᠣᠯᠭᠠᠵᠤ᠂ ᠬᠠᠷᠢᠯᠴᠠᠨ ᠠᠰᠢᠭ ᠣᠯᠭᠤᠵᠤ ᠬᠠᠮᠲᠤ ᠪᠠᠷ ᠠᠰᠢᠭ ᠭᠥᠷᠳᠡᠬᠦ ᠬᠥᠭᠵᠢᠯᠲᠡ ᠶᠢ ᠭᠠᠷ ᠬᠤᠯᠪᠣᠨ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠡᠢ᠃      ᠭᠤᠸ ᠵᠧᠩ ᠬᠡᠯᠡᠬᠦ ᠳᠡᠭᠡᠨ᠂ ᠥᠪᠥᠷ ᠮᠣᠩᠭᠤᠯ ᠤᠨ ᠵᠦᠩ ᠳ᠋ᠢᠶᠠᠨ ᠴᠠᠬᠢᠯᠭᠠᠨ ᠬᠦᠴᠦᠨ ᠤ ᠡᠨᠧᠷᠭᠢ ᠬᠠᠳᠠᠭᠠᠯᠠᠬᠤ ᠮᠡᠷᠭᠡᠵᠢᠯ ᠤᠨ ᠬᠢᠵᠠᠭᠠᠷᠲᠤ ᠺᠣᠮᠫᠠᠨᠢ ᠪᠣᠯ ᠪᠣᠳᠠᠲᠤ ᠬᠦᠴᠦᠨ ᠲᠠᠢ᠂ ᠳᠠᠯᠳᠠ ᠬᠦᠴᠦᠨ ᠲᠠᠢ᠂ ᠠᠯᠤᠰ ᠢᠷᠡᠭᠡᠳᠦᠢ ᠲᠠᠢ ᠠᠵᠤ ᠠᠬᠤᠶᠢᠯᠠᠯ ᠮᠥᠨ᠂ ᠲᠣᠭᠲᠠᠬᠤ ᠰᠢᠶᠠᠨ ᠲᠠᠢ ᠮᠠᠰᠢ ᠶᠡᠭᠡ ᠬᠠᠮᠲᠤᠷᠠᠯᠴᠠᠬᠤ ᠣᠷᠣᠨ ᠵᠠᠢ ᠲᠠᠢ ᠶᠤᠮ᠂ ᠬᠤᠶᠠᠷ ᠲᠠᠯ᠎ᠠ ᠪᠠᠷ ᠢᠶᠠᠨ ᠲᠣᠰ ᠤᠳᠠᠭᠠᠨ ᠤ ᠵᠥᠪᠳᠡᠯᠴᠡᠭᠡᠷ ᠤᠨ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠰᠢᠨ᠎ᠡ ᠡᠨᠧᠷᠭᠢ ᠶᠢᠨ ᠬᠦᠷᠢᠶᠡᠨ ᠳᠤ ᠤᠯᠠᠮ ᠨᠢᠭᠡ ᠠᠯᠬᠤᠮ ᠬᠠᠮᠲᠤᠷᠠᠯᠴᠠᠭ᠎ᠠ ᠥᠷᠨᠢᠭᠦᠯᠵᠦ᠂ ᠲᠣᠭᠲᠠᠬᠤ ᠰᠢᠶᠠᠨ ᠤ ᠰᠢᠨ᠎ᠡ ᠡᠨᠧᠷᠭᠢ ᠶᠢᠨ ᠬᠠᠮᠢᠶ᠎ᠠ ᠪᠦᠬᠦᠢ ᠮᠠᠲ᠋ᠧᠷᠢᠶᠠᠯ ᠤᠨ ᠠᠵᠤ ᠦᠢᠯᠡᠰ᠂ ᠦᠶᠯᠡᠳᠬᠦ ᠠᠵᠤ ᠦᠢᠯᠡᠰ ᠢ ᠣᠷᠣᠭᠤᠯᠬᠤ ᠳᠤ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ᠃ ᠲᠣᠭᠲᠠᠬᠤ ᠰᠢᠶᠠᠨ ᠤ ᠬᠢᠨ ᠲᠦᠷᠦᠯ ᠵᠦᠢᠯ ᠢ ᠬᠢᠨᠠᠨ ᠵᠥᠪᠰᠢᠶᠡᠷᠡᠬᠦ᠂ ᠪᠦᠲᠦᠭᠡᠨ ᠪᠠᠶᠢᠭᠤᠯᠬᠤ᠂ ᠠᠵᠢᠯᠯᠠᠭᠤᠯᠬᠤ᠂ ᠲᠦᠷᠦ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠬᠦ ᠵᠡᠷᠭᠡ ᠪᠦᠬᠦ ᠶᠠᠪᠤᠴᠠ ᠳᠤ ︽ᠠᠰᠠᠷᠠᠭᠴᠢ ᠮᠠᠶ᠋ᠢᠭ︾ ᠤᠨ ᠦᠢᠯᠡᠴᠢᠯᠡᠭᠡ ᠬᠠᠩᠭᠠᠵᠤ᠂ ᠬᠠᠮᠤᠭ ᠤᠨ ᠰᠠᠶᠢᠨ ᠢᠵᠢ ᠪᠦᠷᠢᠳᠦᠭᠰᠡᠨ ᠦᠢᠯᠡᠴᠢᠯᠡᠭᠡ ᠪᠠᠷ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠠᠲᠤᠯᠠᠵᠤ᠂ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠪᠣᠯᠣᠨ᠎ᠠ ᠭᠡᠵᠡᠢ᠃      ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠵᠠᠩ ᠢᠦᠢ᠂ ᠲᠤᠭᠳᠠᠬᠤ ᠴᠢᠩ ᠱᠦᠢ ᠾᠧ ᠠᠵᠤ ᠠᠬᠤᠢ   ᠶᠢᠨ ᠨᠡᠭᠡᠭᠡᠯᠲᠡ   ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠵᠠᠢ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1