ᠡᠳᠡᠭᠡᠷ ᠢᠳᠡᠭᠡᠨ ᠢ ᠥᠯᠥᠨ ᠢᠶᠠᠷ ᠢᠳᠡᠵᠦ ᠪᠣᠯᠬᠤ ᠦᠭᠡᠢ
ᠨᠡᠶᠢᠲᠡᠯᠡᠭᠰᠡᠨ ᠴᠠᠭ᠄
2022/9/6
       ᠡᠳᠤᠷ ᠲᠤᠲᠤᠮ ᠤᠨ ᠠᠮᠢᠳᠤᠷᠠᠯ ᠳᠤᠮᠳᠠ ᠪᠢᠳᠡ ᠮᠠᠰᠢ ᠣᠯᠠᠨ ︽ᠥᠯᠥᠨ︾ ᠴᠡᠭᠡᠷ ᠢ ᠣᠯᠵᠤ  ᠰᠣᠨᠣᠰᠳᠠᠭ᠃ ᠥᠯᠥᠨ ᠢᠶᠠᠷ ᠥᠳᠬᠡᠨ ᠴᠠᠶ ᠶᠡᠭᠡ ᠤᠤᠭᠤᠬᠤ ᠪᠤᠶᠤ ᠺᠣᠹᠧ ᠬᠡᠲᠦᠷᠬᠡᠶ ᠠᠷᠪᠢᠨ ᠤᠤᠭᠤᠪᠠᠯ᠂  ᠵᠢᠷᠦᠬᠡᠨ ᠴᠣᠬᠢᠯᠭ᠎ᠠ ᠲᠦᠷᠭᠡᠰᠴᠦ᠂ ᠴᠡᠭᠡᠵᠢ ᠪᠠᠭᠲᠠᠷᠠᠬᠤ᠂ ᠵᠢᠷᠦᠬᠡ ᠲᠦᠭᠰᠢᠬᠦ ᠵᠡᠷᠭᠡ ᠡᠪ ᠥᠬᠡᠶ ᠪᠠᠶᠢᠳᠠᠯ ᠢ ᠪᠣᠶ ᠪᠣᠯᠭᠠᠵᠤ ᠮᠡᠳᠡᠨ᠎ᠡ︔ ᠥᠯᠥᠨ ᠢᠶᠠᠷ ᠠᠷᠢᠬᠢ ᠤᠤᠭᠤᠪᠠᠯ ᠠᠮᠠᠷᠬᠠᠨ ᠴᠢᠰᠤᠨ ᠰᠢᠬᠢᠷ ᠳᠣᠣᠷ᠎ᠠ ᠪᠣᠯᠵᠤ᠂ ᠲᠣᠯᠣᠭᠠᠢ ᠡᠷᠭᠢᠬᠦ᠂ ᠬᠦᠢᠲᠡᠨ ᠬᠥᠯᠥᠰᠥ ᠭᠠᠷᠬᠤ ᠵᠡᠷᠭᠡ ᠡᠪ ᠦᠭᠡᠢ ᠰᠢᠨᠵᠢ ᠲᠡᠮᠳᠡᠭ ᠢᠯᠡᠷᠡᠨ᠎ᠡ᠃  ᠥᠯᠥᠨ ᠢᠶᠠᠷ ᠰᠠᠷᠢᠮᠰᠠᠭ ᠪᠠ ᠬᠦᠢᠲᠡᠨ ᠢᠳᠡᠭᠡᠨ ᠢᠳᠡᠬᠦ ᠦᠬᠡᠢ ᠪᠣᠯ ᠰᠠᠶᠢᠨ᠃ ᠲᠡᠷᠡ ᠨᠢ ᠬᠤᠳᠣᠭᠤᠳᠣ ᠭᠡᠳᠡᠰᠦᠨ ᠳᠤ ᠰᠡᠳᠦᠯᠲᠡ ᠥᠭᠴᠦ ᠂ ᠤᠳᠠᠭᠠᠨ ᠳᠠᠭᠠᠨ ᠬᠤᠳᠣᠭᠤᠳᠣ ᠭᠡᠳᠡᠰᠦᠨ ᠤ ᠡᠪᠡᠳᠴᠢᠨ ᠢ ᠡᠭᠦᠰᠭᠡᠳᠡᠭ᠃  ᠬᠤᠳᠣᠭᠤᠳᠣ ᠭᠡᠨᠡᠳᠲᠡ ᠬᠦᠢᠲᠡᠨ ᠪᠣᠯᠬᠤ ᠨᠢ ᠵᠢᠷᠦᠬᠡᠨ ᠳᠤ ᠰᠡᠳᠦᠯᠲᠡ ᠥᠭᠴᠦ ᠮᠡᠳᠡᠨ᠎ᠡ᠃ ᠡᠶᠢᠮᠦ ᠠᠴᠠ  ᠬᠦᠢᠲᠡᠨ ᠤᠮᠳᠠᠭᠠᠨ ᠢ ᠬᠠᠮᠤᠭ ᠰᠠᠶᠢᠨ ᠨᠢ ᠬᠤᠶᠠᠷ ᠬᠤᠭᠤᠯᠠᠨ ᠤ ᠳᠤᠮᠳᠠ ᠤᠤᠭᠤᠨ᠎ᠠ᠂ ᠥᠯᠥᠨ ᠦᠶ᠎ᠡ ᠳᠤ᠂ ᠴᠠᠳᠲᠠᠯ᠎ᠠ ᠢᠳᠡᠭᠰᠡᠨ ᠤ ᠳᠠᠷᠠᠭ᠎ᠠ ᠪᠠ ᠶᠡᠭᠡ ᠬᠥᠯᠥᠰᠥ ᠭᠠᠷᠬᠤ ᠦᠶ᠎ᠡ ᠳᠤ ᠪᠦᠷ ᠤᠤᠭᠤᠵᠤ ᠪᠣᠯᠬᠤ ᠦᠭᠡᠢ᠃              ᠥᠯᠥᠨ ᠢᠶᠠᠷ ᠲᠥᠪᠡᠳ ᠬᠠᠰᠢ ᠢᠳᠡᠵᠦ ᠪᠣᠯᠤᠨ᠎ᠠ᠃ ᠲᠦᠬᠦᠬᠡᠢ ᠲᠥᠪᠡᠳ ᠬᠠᠰᠢ ᠢᠳᠡᠬᠦ ᠦᠭᠡᠢ  ᠪᠣᠶᠣ  ᠡᠰᠡᠬᠦᠯ᠎ᠡ ᠨᠢᠭᠡ ᠯᠡ ᠳᠡᠭᠡᠷ᠎ᠡ ᠠᠷᠪᠢᠨ ᠢᠳᠡᠬᠦ ᠦᠬᠡᠢ ᠪᠣᠯ ᠵᠣᠪᠠᠭ᠋ᠤ ᠬᠡᠷᠡᠭ ᠦᠭᠡᠢ᠃ ᠭᠡᠪᠡᠴᠦ  ᠬᠤᠳᠣᠭᠤᠳᠣ  ᠭᠡᠳᠡᠰᠦᠨ ᠤ ᠠᠵᠢᠯᠯᠠᠭ᠎ᠠ ᠮᠠᠭᠤ ᠵᠠᠷᠢᠮ ᠬᠥᠮᠦᠰ᠂ ᠵᠢᠱᠢᠶᠡᠯᠡᠪᠡᠯ ᠥᠲᠡᠯᠦᠭᠡ ᠬᠥᠮᠦᠰ ᠥᠯᠥᠨ‌‍ᠢᠶ᠋ᠠᠷ ᠲᠥᠪᠡᠳ  ᠬᠠᠰᠢ   ᠶᠢ  ᠠᠷᠪᠢᠨ  ᠢᠳᠡᠵᠦ  ᠪᠣᠯᠬᠤ ᠥᠬᠡᠶ᠃              ᠶᠡᠭᠡ ᠦᠯᠦᠰᠦᠭᠡᠳ ᠬᠤᠭᠤᠯᠠ ᠢᠳᠡᠬᠦ ᠳᠤ ᠪᠠᠰᠠ ᠡᠮᠦᠨ᠎ᠡ ᠬᠤᠶᠢᠨ᠎ᠠ ᠳᠡᠰ ᠳᠠᠷᠠᠭ᠎ᠠ ᠲᠠᠢ ᠪᠠᠶᠢᠪᠠᠯ  ᠵᠤᠬᠢᠨ᠎ᠠ᠃ ᠤᠷᠢᠳ ᠢᠶᠠᠷ ᠨᠣᠭᠤᠭ᠎ᠠ ᠵᠠᠭᠤᠰᠢ ᠢᠳᠡᠵᠦ᠂ ᠳᠠᠷᠠᠭ᠎ᠠ ᠨᠢ ᠮᠢᠬ᠎ᠠ ᠵᠡᠷᠭᠡ ᠤᠭᠤᠷᠠᠭ ᠲᠠᠢ  ᠵᠥᠢᠯᠡᠰ  ᠢᠳᠡᠨ᠎ᠡ᠃ ᠬᠡᠷᠪᠡ ᠡᠬᠢᠯᠡᠩᠭᠦᠳᠡ ᠮᠠᠰᠢ ᠣᠯᠠᠨ ᠲᠤᠲᠤᠷᠭᠠᠨ ᠭᠤᠯᠢᠷ ᠤᠨ ᠴᠠᠷᠳᠠᠭᠤᠯ ᠤᠨ ᠲᠥᠷᠥᠯ ᠤᠨ  ᠢᠳᠡᠭᠡᠨ ᠢ ᠢᠳᠡᠪᠡᠯ ᠪᠠᠰᠠ ᠠᠮᠠᠷᠬᠠᠨ ᠴᠢᠰᠤᠨ ᠰᠢᠬᠢᠷ ᠢ ᠲᠦᠷᠭᠡᠨ ᠳᠡᠭᠡᠭᠰᠢᠯᠡᠭᠦᠯᠵᠦ᠂ ᠪᠡᠶ᠎ᠡ‌‍ᠶᠢᠨ ᠳᠣᠲᠣᠭᠠᠳᠤ ᠶᠢᠨ ᠨᠦᠢᠷ ᠤᠨ ᠠᠷᠠᠯ  ᠳᠤ ᠰᠡᠳᠦᠯᠲᠡ ᠥᠭᠭᠦᠨ᠎ᠡ᠃ ᠬᠠᠮᠤᠭ ᠰᠡᠭᠦᠯ ᠳᠤ ᠵᠢᠮᠢᠰ ᠢᠳᠡᠪᠡᠯ ᠵᠤᠬᠢᠨ᠎ᠠ᠂ ᠤᠴᠢᠷ ᠨᠢ ᠵᠢᠮᠢᠰ ᠤᠨ ᠰᠢᠬᠢᠷᠯᠢᠭ ᠤᠨ  ᠬᠡᠮᠵᠢᠶ᠎ᠡ ᠶᠡᠭᠡ ᠮᠥᠷᠲᠡᠭᠡᠨ  ᠪᠦᠷ ᠠᠮᠠᠷᠬᠠᠨ ᠰᠢᠩᠭᠡᠭᠡᠳᠡᠭ᠂ ᠬᠡᠷᠪᠡ ᠥᠯᠥᠨ ᠢᠶᠠᠷ ᠢᠳᠡᠪᠡᠯ ᠴᠢᠰᠤᠨ ᠰᠢᠬᠢᠷ ᠢ ᠪᠠᠰᠠ ᠠᠮᠠᠷᠬᠠᠨ ᠨᠡᠮᠡᠭᠳᠡᠭᠦᠯᠦᠨ᠎ᠡ᠃ ᠰᠢᠬᠢᠷᠯᠢᠭ ᠢᠳᠡᠭᠡᠨ ᠠᠴᠠ ᠬᠠᠮᠤᠭ ᠰᠠᠶᠢᠨ ᠨᠢ ᠬᠤᠯᠠᠬᠠᠨ ᠪᠤᠢ᠂ ᠬᠡᠷᠪᠡ ᠢᠳᠡᠶ᠎ᠡ ᠭᠡᠪᠡᠯ ᠬᠤᠭᠤᠯᠠᠨ ᠤ ᠲᠠᠷᠠᠭ᠎ᠠ ᠢᠳᠡᠭᠡᠷᠡᠢ
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1