ᠲᠣᠭᠲᠠᠬᠤ ᠰᠢᠶᠠᠨ ᠤ ᠤᠯᠤᠰ ᠲᠥᠷᠥ ᠶᠢᠨ ᠵᠥᠪᠯᠡᠯᠭᠡᠨ ︽ᠣᠳᠣᠬᠢᠴᠢᠯᠠᠭᠰᠠᠨ ᠠᠵᠤ ᠦᠢᠯᠡᠳᠪᠦᠷᠢ ᠶᠢᠨ ᠠᠵᠤ ᠦᠢᠯᠡᠰ︾ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠠᠵᠢᠯᠯᠠᠬᠤ ᠲᠠᠰᠤᠭ ᠲᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠠᠷᠢᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2022/9/7
     9 ᠰᠠᠷ᠎ᠠ ᠶᠢᠨ 5  ᠤ ᠡᠳᠦᠷ᠂ ᠲᠣᠭᠲᠠᠬᠤ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠠᠵᠤ ᠠᠬᠤᠢ ᠰᠢᠨᠵᠢᠯᠡᠬᠦ ᠤᠬᠠᠭᠠᠨ ᠮᠡᠷᠭᠡᠵᠢᠯ ᠤᠨ ᠵᠥᠪᠯᠡᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠨᠠᠮ ᠤᠨ ᠡᠭᠦᠷ ᠥᠪᠥᠷ ᠮᠣᠩᠭᠤᠯ ᠤᠨ ᠢ ᠳ᠋ᠦᠸᠧ ᠯᠢ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ︽ᠣᠳᠣᠬᠢᠴᠢᠯᠠᠭᠰᠠᠨ ᠠᠵᠤ ᠦᠢᠯᠡᠳᠪᠦᠷᠢ ᠶᠢᠨ ᠠᠵᠤ ᠦᠢᠯᠡᠰ︾ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠠᠵᠢᠯ ᠤᠨ ᠲᠠᠰᠤᠭ ᠲᠤ ︽ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠳᠤ ᠬᠦᠴᠦᠨ ᠨᠡᠮᠡᠷᠢᠯᠡᠬᠦ︾ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠸᠠᠩ ᠮᠢᠩ ᠶᠠᠷᠢᠯᠴᠠᠬᠤ ᠬᠤᠷᠠᠯ ᠳᠤ ᠣᠷᠣᠯᠴᠠᠭᠰᠠᠨ ᠪᠥᠭᠡᠳ ᠭᠡᠰᠢᠭᠦᠳ ᠲᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃      ᠰᠢᠶᠠᠨ ᠤ ᠤᠯᠤᠰ ᠲᠥᠷᠥ   ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠦ᠋ ᠵᠢᠶᠧ ᠬᠤᠷᠠᠯ ᠡᠷᠭᠢᠯᠡᠪᠡ᠃ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠡᠯ᠎ᠡ ᠲᠤᠰᠬᠠᠢ ᠵᠥᠪᠯᠡᠯ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠨᠠᠮ ᠤᠨ ᠡᠭᠦᠷ ᠤᠨ ᠱᠦᠵᠢ᠂ ᠬᠡᠰᠡᠭ ᠠᠵᠤ ᠠᠬᠤᠢ ᠠᠵᠤ ᠠᠬᠤᠶᠢᠯᠠᠯ ᠤᠨ ᠡᠲᠡᠭᠡᠳ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠲᠤᠭᠳᠠᠬᠤ ᠴᠢᠩ ᠱᠦᠢ ᠾᠧ ᠠᠵᠤ ᠠᠬᠤᠢ ᠶᠢᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠣᠯᠣᠨ ᠬᠡᠰᠡᠭ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠶᠠᠷᠢᠯᠴᠠᠬᠤ ᠬᠤᠷᠠᠯ ᠳᠡᠭᠡᠷ᠎ᠡ᠂ ᠥᠪᠥᠷ ᠮᠣᠩᠭᠤᠯ ᠤᠨ ᠢ ᠳ᠋ᠦᠸᠧ ᠯᠢ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠵᠦᠩ ᠮᠦ ᠠᠮᠢᠳᠤ ᠪᠣᠳᠠᠰ ᠤᠨ ᠡᠮ ᠤᠨ ᠦᠢᠯᠡᠰ ᠤᠨ ᠬᠢᠵᠠᠭᠠᠷᠲᠤ ᠺᠣᠮᠫᠠᠨᠢ᠂ ᠶᠢᠨ ᠾᠧ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠬᠤᠸᠠ ᠤᠣ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ᠂ ᠬᠥᠬᠡᠬᠤᠲᠠ ᠶᠢᠨ ᠵᠦᠩ ᠢᠦᠢ ᠬᠤᠢ ᠲᠦᠩ ᠬᠤᠳᠠᠯᠳᠤᠭ᠎ᠠ ᠠᠷᠠᠯᠵᠢᠶᠠᠨ ᠤ ᠬᠢᠵᠠᠭᠠᠷᠲᠤ ᠺᠣᠮᠫᠠᠨᠢ ᠵᠡᠷᠭᠡ ᠠᠵᠤ ᠠᠬᠤᠶᠢᠯᠠᠯ ᠤᠨ ᠬᠠᠷᠢᠭᠤᠴᠠᠯᠭᠠᠲᠠᠳ ᠬᠥᠭᠵᠢᠯᠲᠡ ᠶᠢᠨ ᠣᠳᠣᠬᠢ ᠪᠠᠶᠢᠳᠠᠯ᠂ ᠰᠢᠨ᠎ᠡ ᠪᠠᠷ ᠪᠠᠶᠢᠭᠤᠯᠬᠤ ᠲᠦᠷᠦᠯ ᠵᠦᠢᠯ᠂ ᠪᠡᠯᠡ ᠣᠷᠣᠭᠤᠯᠤᠯᠲᠠ ᠶᠢᠨ ᠴᠢᠭᠯᠡᠯ ᠵᠢᠴᠢ ᠬᠦᠴᠢᠷᠳᠡᠯ ᠤᠨ ᠪᠣᠭᠤᠮᠢ ᠵᠡᠷᠭᠡ ᠲᠠᠯ᠎ᠠ ᠪᠠᠷ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠠᠢ᠃ ᠡᠭᠦᠨ ᠤ ᠬᠠᠮᠲᠤ ᠰᠢᠯᠢᠳᠡᠭ ᠦᠢᠯᠡᠴᠢᠯᠡᠭᠡ ᠬᠠᠩᠭᠠᠬᠤ᠂ ᠠᠵᠤ ᠠᠬᠤᠶᠢᠯᠠᠯ ᠤᠨ ᠬᠥᠭᠵᠢᠯᠲᠡ ᠶᠢ ᠲᠡᠳᠬᠦᠬᠦ ᠵᠡᠷᠭᠡ ᠲᠠᠯ᠎ᠠ ᠪᠠᠷ ᠰᠡᠳᠬᠢᠴᠡ ᠪᠤᠳᠤᠯ ᠪᠣᠯᠣᠨ ᠰᠠᠨᠠᠯ ᠰᠠᠨᠠᠭᠤᠯᠭ᠎ᠠ ᠳᠤᠷᠠᠳᠴᠤ᠂ ᠦ᠋ ᠵᠢᠶᠧ ᠪᠣᠯᠣᠨ ᠲᠤᠭᠳᠠᠬᠤ ᠴᠢᠩ ᠱᠦᠢ ᠾᠧ ᠠᠵᠤ ᠠᠬᠤᠢ ᠶᠢᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠬᠠᠷᠢᠭᠤᠴᠠᠯᠭᠠᠲᠠᠨ ᠠᠴᠠ ᠪᠦᠬᠦ ᠰᠢᠶᠠᠨ ᠤ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠦᠷᠦ ᠶᠢᠨ ᠪᠣᠳᠣᠯᠭ᠎ᠠ᠂ ᠬᠦᠷᠢᠶᠡᠯᠡᠩ ᠤᠨ ᠪᠠᠶᠢᠷᠢᠰᠢᠭᠤᠯᠤᠯᠲᠠ ᠵᠢᠴᠢ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠤᠨ ᠲᠤᠬᠠᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠬᠠᠷᠢᠭᠤ ᠥᠭᠴᠦ ᠰᠠᠨᠠᠯ ᠢᠶᠠᠨ ᠰᠣᠯᠢᠯᠴᠠᠪᠠ᠃      ᠣᠯᠠᠨ ᠤ ᠶᠠᠷᠢᠶ᠎ᠠ ᠶᠢ ᠨᠠᠷᠢᠨ ᠬᠢᠨᠠᠮᠠᠭᠠᠢ ᠰᠣᠨᠣᠰᠤᠭᠰᠠᠨ ᠤ ᠳᠠᠷᠠᠭ᠎ᠠ᠂ ᠸᠠᠩ ᠮᠢᠩ ᠲᠣᠭᠲᠠᠬᠤ ᠰᠢᠶᠠᠨ ᠤ ᠤᠯᠤᠰ ᠲᠥᠷᠥ ᠶᠢᠨ ᠵᠥᠪᠯᠡᠯᠭᠡᠨ ᠢ ᠲᠥᠯᠥᠭᠡᠯᠡᠨ ᠲᠣᠭᠲᠠᠬᠤ ᠰᠢᠶᠠᠨ ᠤ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠠᠵᠤ ᠠᠬᠤᠶᠢᠯᠠᠯ ᠪᠠ ᠠᠵᠤ ᠠᠬᠤᠢ ᠶᠢᠨ ᠠᠵᠤ ᠠᠬᠤᠶᠢᠯᠠᠯ ᠤᠨ ᠡᠲᠡᠭᠡᠳ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠣᠯᠠᠨ ᠵᠢᠯ ᠤᠨ ᠲᠤᠷᠰᠢ ᠲᠣᠭᠲᠠᠬᠤ ᠰᠢᠶᠠᠨ ᠤ ᠠᠵᠤ ᠠᠬᠤᠢ ᠨᠡᠶᠢᠭᠡᠮ ᠤᠨ ᠪᠦᠲᠦᠭᠡᠨ ᠪᠠᠶᠢᠭᠤᠯᠤᠯᠲᠠ ᠳᠤ ᠭᠠᠷᠭᠠᠭᠰᠠᠨ ᠴᠢᠷᠮᠠᠶᠢᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠵᠦ᠂ ᠡᠭᠦᠨ ᠤ ᠬᠠᠮᠲᠤ᠂ ᠲᠣᠭᠲᠠᠬᠤ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠬᠢᠨ ᠬᠤᠲᠠ ᠶᠢᠨ ᠨᠠᠮ ᠤᠨ ᠬᠤᠷᠢᠶᠠᠨ ᠤ ᠱᠦᠵᠢ ᠪᠦᠦ ᠭᠠᠩ ᠨᠥᠬᠦᠷ ᠤᠨ ︽ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ︾ ᠲᠣᠭᠲᠠᠬᠤ ᠰᠢᠶᠠᠨ ᠤ ᠲᠤᠬᠠᠢ ᠶᠢᠨ ᠲᠠᠯᠠᠪᠠᠢ ᠶᠢᠨ ᠬᠤᠷᠠᠯ ᠳᠡᠭᠡᠷ᠎ᠡ ᠳᠤᠷᠠᠳᠤᠭᠰᠠᠨ ︽ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠵᠤ᠂ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠬᠤ︾ ᠠᠵᠢᠯ ᠤᠨ ᠱᠠᠭᠠᠷᠳᠠᠯᠭ᠎ᠠ ᠶᠢ ᠴᠢᠩᠭ᠎ᠠ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠬᠥᠭᠵᠢᠯᠲᠡ ᠶᠢᠨ ᠠᠵᠠ ᠲᠣᠬᠢᠶᠠᠯ ᠢ ᠡᠵᠡᠮᠳᠡᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃ ᠨᠢᠭᠡ ᠳᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠰᠠᠶᠢᠨ ᠤᠬᠠᠭᠤᠯᠤᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠪᠠᠶᠢᠭᠤᠯᠤᠯᠭ᠎ᠠ ᠶᠢᠨ ᠺᠠᠳ᠋ᠷ ᠤᠯᠠᠨ ᠲᠠᠯ᠎ᠠ ᠶᠢᠨ ᠬᠠᠷᠢᠯᠴᠠᠭ᠎ᠠ ᠲᠠᠢ ᠪᠠᠶᠢᠬᠤ ᠳᠠᠪᠠᠭᠤᠯᠢᠭ ᠢᠶᠠᠨ ᠪᠠᠳᠠᠷᠠᠭᠤᠯᠵᠤ᠂ ᠲᠣᠭᠲᠠᠬᠤ ᠰᠢᠶᠠᠨ ᠢ ᠤᠬᠠᠭᠤᠯᠬᠤ ᠬᠠᠷᠢᠭᠤᠴᠠᠯᠭ᠎ᠠ ᠪᠠᠨ ᠤᠬᠠᠮᠰᠠᠷ ᠠᠴᠠ ᠪᠠᠨ ᠡᠭᠦᠷᠭᠡᠯᠡᠵᠦ᠂ ᠲᠣᠭᠲᠠᠬᠤ ᠰᠢᠶᠠᠨ ᠤ ᠠᠵᠤ ᠦᠢᠯᠡᠰ ᠤᠨ ᠪᠠᠶᠢᠷᠢ ᠲᠣᠭᠲᠠᠭᠠᠯᠲᠠ᠂ ᠬᠠᠷᠠᠭᠠᠯᠵᠠᠯ ᠤᠨ ᠲᠦᠷᠦ ᠶᠢᠨ ᠪᠣᠳᠣᠯᠭ᠎ᠠ᠂ ᠬᠥᠭᠵᠢᠯᠲᠡ ᠶᠢᠨ ᠳᠠᠯᠳᠠ ᠬᠦᠴᠦᠨ ᠢ ᠤᠬᠠᠭᠤᠯᠵᠤ᠂ ᠲᠣᠭᠲᠠᠬᠤ ᠰᠢᠶᠠᠨ ᠤ ᠭᠠᠳᠠᠭᠠᠳᠤ ᠳᠤ ᠠᠷᠠᠯᠵᠢᠶᠠᠴᠢᠨ ᠤᠷᠢᠬᠤ ᠨᠥᠯᠥᠭᠡ ᠶᠢ ᠥᠷᠭᠡᠳᠬᠡᠬᠦ ᠬᠡᠷᠡᠭᠲᠡᠢ᠃ ᠬᠤᠶᠠᠷ ᠲᠤ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠬᠤ ᠰᠠᠶᠢᠨ ᠪᠠᠶᠢᠯᠳᠤᠭᠴᠢ ᠪᠣᠯᠣᠨ᠎ᠠ᠃ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠᠶᠢᠭ᠎ᠠ ᠠᠵᠢᠯ ᠲᠦᠷᠦᠯ ᠳᠡᠭᠡᠨ ᠰᠠᠭᠤᠷᠢᠯᠠᠨ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢᠨ ᠡᠷᠡᠰ ᠳᠡᠮᠵᠢᠭᠴᠢ᠂ ᠬᠦᠴᠦᠲᠡᠢ ᠠᠬᠢᠭᠤᠯᠤᠭᠴᠢ᠂ ᠢᠳᠡᠪᠬᠢᠲᠡᠢ ᠣᠷᠣᠯᠴᠠᠭᠴᠢ ᠪᠣᠯᠬᠤ ᠬᠡᠷᠡᠭᠲᠡᠢ᠃ ︽ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠦᠯᠢᠭᠡᠷ ᠳᠠᠭᠤᠷᠢᠶᠠᠯ ᠤᠨ ᠣᠷᠣᠨ ᠢ ᠪᠠᠶᠢᠭᠤᠯᠬᠤ︾ ᠬᠠᠷᠠᠯᠲᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ︽ᠣᠷᠣᠨ ᠪᠦᠰᠡ ᠶᠢᠨ ᠥᠷᠢᠰᠦᠯᠳᠦᠬᠦ ᠬᠦᠴᠦᠨ ᠲᠠᠢ ᠣᠳᠣᠬᠢᠴᠢᠯᠠᠭᠰᠠᠨ ᠠᠵᠤ ᠦᠢᠯᠡᠳᠪᠦᠷᠢ ᠶᠢᠨ ᠰᠢᠰᠲ᠋ᠧᠮ ᠢ ᠪᠠᠶᠢᠭᠤᠯᠬᠤ︾ ᠪᠠᠶᠢᠯᠳᠤᠬᠤ ᠪᠣᠳᠣᠯᠭ᠎ᠠ ᠶᠢᠨ ᠬᠠᠷᠠᠯᠲᠠ ᠲᠠᠢ ᠤᠶᠠᠯᠳᠤᠭᠤᠯᠤᠨ᠂ ᠠᠷᠠᠯᠵᠢᠶᠠᠴᠢᠨ ᠢᠶᠠᠷ ᠬᠤᠳᠠᠯᠳᠤᠭᠠᠴᠢᠨ ᠤᠷᠢᠬᠤ᠂ ᠰᠡᠳᠬᠢᠯᠭᠡ ᠪᠠᠷ ᠬᠤᠳᠠᠯᠳᠤᠭᠠᠴᠢᠨ ᠤᠷᠢᠬᠤ᠂ ᠠᠵᠤ ᠦᠢᠯᠡᠰ ᠤᠨ ᠬᠡᠯᠬᠢᠶ᠎ᠡ ᠪᠠᠷ ᠬᠤᠳᠠᠯᠳᠤᠭᠠᠴᠢᠨ ᠤᠷᠢᠬᠤ ᠶᠢ ᠢᠳᠡᠪᠬᠢᠲᠡᠢ ᠪᠠᠷ ᠥᠷᠨᠢᠭᠦᠯᠵᠦ᠂ ᠭᠡᠰᠢᠭᠦᠨ ᠠᠵᠤ ᠠᠬᠤᠶᠢᠯᠠᠯᠲᠠᠨ ᠤ ᠲᠤᠰᠬᠠᠢ ᠮᠡᠷᠭᠡᠵᠢᠯ ᠤᠨ ᠳᠠᠪᠠᠭᠤᠯᠢᠭ ᠪᠠ ᠠᠷᠭ᠎ᠠ ᠵᠠᠮ ᠤᠨ ᠡᠬᠢ ᠪᠠᠶᠠᠯᠢᠭ ᠢ ᠦᠨᠡᠨ ᠬᠦ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠥᠳᠡᠯᠭᠡᠭᠴᠢ ᠡᠨᠧᠷᠭᠢ ᠪᠠ ᠨᠡᠮᠡᠭᠳᠡᠯ ᠤᠨ ᠬᠡᠮᠵᠢᠶ᠎ᠡ ᠪᠣᠯᠭᠠᠨ ᠬᠤᠪᠢᠷᠠᠭᠤᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠣᠳᠠᠲᠠᠢ ᠪᠠᠷ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠲᠦᠯᠬᠢᠨ ᠠᠬᠢᠭᠤᠯᠤᠨ᠎ᠠ᠃ ᠭᠤᠷᠪᠠ ᠳᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠳᠤ ᠰᠠᠶᠢᠨ ᠦᠢᠯᠡᠴᠢᠯᠡᠭᠴᠢ ᠪᠣᠯᠣᠨ᠎ᠠ᠃ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠨᠢᠭᠡᠪᠦᠷᠢ ᠴᠥᠮ ᠨᠢᠭᠡᠨ ᠲᠤᠭ ᠲᠡᠮᠳᠡᠭ ᠮᠥᠨ᠂ ︽ᠳᠡᠯᠭᠡᠭᠦᠷ ᠤᠨ ᠪᠠᠭ᠎ᠠ ᠰᠤᠷᠭᠠᠭᠤᠯᠢ︾ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠳᠤ ᠦᠢᠯᠡᠴᠢᠯᠡᠬᠦ ᠳᠤᠮᠳᠠ ᠲᠤᠰᠬᠠᠢ ᠮᠡᠷᠭᠡᠵᠢᠯ ᠢᠶᠠᠨ ᠪᠠᠳᠠᠷᠠᠭᠤᠯᠵᠤ᠂ ᠤᠶᠤᠨ ᠤᠬᠠᠭᠠᠨ ᠢᠶᠠᠨ ᠡᠷᠭᠦᠵᠦ᠂ ᠨᠢᠭᠡ ᠬᠠᠷᠢᠴᠠᠭ᠎ᠠ᠂ ᠨᠢᠭᠡ ᠮᠡᠳᠡᠭᠡ ᠵᠠᠩᠭᠢ᠂ ᠨᠢᠭᠡ ᠵᠣᠴᠢᠨ ᠡᠷᠦᠬᠡ ᠶᠢ ᠴᠦ ᠠᠯᠳᠠᠵᠤ ᠪᠣᠯᠬᠤ ᠦᠭᠡᠢ᠂ ᠤᠯᠤᠰ ᠲᠦᠷᠦ ᠶᠢᠨ ᠵᠥᠪᠯᠡᠯᠭᠡᠨ ᠤ ᠵᠥᠪᠳᠡᠯᠴᠡᠬᠦ᠂ ᠬᠤᠳᠠᠯᠳᠤᠭᠠᠴᠢᠨ ᠤᠷᠢᠵᠤ ᠴᠢᠳᠠᠬᠤ ᠳᠦᠷᠢ ᠲᠥᠷᠬᠦ ᠶᠢ ᠴᠢᠷᠮᠠᠶᠢᠨ ᠪᠤᠢ ᠪᠣᠯᠭᠠᠵᠤ᠂ ᠭᠡᠰᠢᠭᠦᠳ ᠤᠨ ᠴᠤᠭ ᠵᠢᠪᠬᠤᠭ᠎ᠠ ᠶᠢ ᠳᠡᠯᠭᠡᠨ ᠦᠵᠡᠭᠦᠯᠵᠦ᠂ ᠭᠡᠰᠢᠭᠦᠳ ᠤᠨ ᠦᠨ᠎ᠡ ᠦᠷᠳᠡᠭ ᠢ ᠢᠯᠡᠷᠡᠭᠦᠯᠬᠦ ᠬᠡᠷᠡᠭᠲᠡᠢ᠃ ᠡᠭᠦᠨ ᠤ ᠬᠠᠮᠲᠤ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠠᠵᠢᠯ ᠤᠨ ︵ᠥᠷᠲᠡᠭᠡ︶ ᠲᠠᠰᠤᠭ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠳᠤ ᠬᠦᠴᠦ ᠨᠡᠮᠡᠷᠢᠯᠡᠬᠦ ᠵᠠᠮ ᠢ ᠴᠢᠷᠮᠠᠶᠢᠨ ᠰᠠᠭᠠᠳ ᠦᠭᠡᠢ ᠨᠠᠪᠲᠠᠷᠡᠭᠦᠯᠵᠦ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠠᠵᠢᠯ ︵ᠦᠷᠲᠡᠭᠡ︶ ᠦᠷᠦᠭᠡ ᠶᠢ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ᠂ ᠵᠥᠪᠯᠡᠯᠭᠡ ᠬᠢᠵᠦ ᠵᠠᠰᠠᠭ ᠤᠨ ᠶᠠᠪᠤᠳᠠᠯ ᠢ ᠵᠥᠪᠯᠡᠬᠦ ᠰᠢᠨ᠎ᠡ ᠲᠠᠪᠴᠠᠩ ᠪᠣᠯᠭᠠᠵᠤ᠂ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠳᠤ ᠦᠢᠯᠡᠴᠢᠯᠡᠬᠦ ᠳᠤᠮᠳᠠ ᠰᠢᠯᠢᠳᠡᠭ ᠠᠮᠵᠢᠯᠲᠠ ᠪᠦᠲᠦᠮᠵᠢ ᠭᠠᠷᠭᠠᠬᠤ᠂ ᠰᠢᠨ᠎ᠡ ᠭᠠᠪᠢᠶ᠎ᠠ ᠪᠠᠶᠢᠭᠤᠯᠬᠤ ᠶᠢ ᠬᠥᠲᠥᠯᠥᠨ ᠳᠠᠭᠠᠭᠤᠯᠵᠤ᠂ ᠲᠣᠭᠲᠠᠬᠤ ᠰᠢᠶᠠᠨ‌‍ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠳᠤ ᠤᠯᠤᠰ ᠲᠦᠷᠦ ᠶᠢᠨ ᠵᠥᠪᠯᠡᠯᠭᠡᠨ ᠤ ᠬᠤᠪᠢ ᠨᠡᠮᠡᠷᠢ ᠦᠵᠡᠭᠦᠯᠬᠦ ᠶᠢ ᠬᠥᠲᠥᠯᠥᠨ ᠵᠢᠯᠣᠭᠤᠳᠤᠨ᠎ᠠ ᠭᠡᠪᠡ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1