ᠲᠤᠭᠳᠠᠬᠤ ᠰᠢᠶᠠᠨ ᠤ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠲᠤᠮᠳᠠᠳᠦ ᠰᠤᠷᠭᠠᠭᠠᠤᠯᠢ 2022 ᠣᠨ ᠤ ᠨᠠᠮᠤᠷ ᠤᠨ ᠤᠯᠠᠷᠢᠯ ᠤᠨ ᠰᠤᠷᠭᠠᠭᠤᠯᠢ ᠡᠬᠢᠯᠡᠬᠦ ᠳᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠶ᠎ᠠ︾ ᠲᠤᠰᠬᠠᠢ ᠰᠡᠳᠦᠪᠲᠦ ᠲᠠᠶᠢᠯᠤᠮᠵᠢ ᠥᠷᠨᠢᠭᠦᠯᠪᠡ
ᠨᠡᠶᠢᠲᠡᠯᠡᠭᠰᠡᠨ ᠴᠠᠭ᠄
2022/9/7
     ᠵᠠᠯᠠᠭᠤᠴᠤᠳ ᠪᠠᠭᠠᠴᠤᠳ ᠤᠨ ᠦᠨᠳᠦᠰᠦᠲᠡᠨ ᠤ ᠪᠦᠯᠬᠦᠮᠳᠡᠯ ᠤᠨ ᠬᠥᠮᠦᠵᠢᠯ ᠢ ᠤᠯᠠᠮ ᠨᠢᠭᠡ ᠰᠤᠷᠤᠭᠴᠢᠳ ᠢ ᠬᠥᠲᠥᠯᠥᠨ ᠵᠢᠯᠤᠭᠤᠳᠴᠤ ᠵᠥᠪ ᠣᠨᠣᠪᠴᠢᠲᠠᠶ ᠤᠯᠤᠰ ᠤᠨ ᠦᠵᠡᠯᠲᠡ᠂ ᠦᠨᠳᠦᠰᠦᠲᠡᠨ ᠤ ᠦᠵᠡᠯᠲᠡ ᠶᠢ ᠪᠤᠶ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠶᠡᠭᠡ ᠭᠡᠷ ᠪᠦᠯᠢ ᠶᠢᠨ ᠦᠵᠡᠯ ᠤᠬᠠᠮᠰᠠᠷ ᠢ ᠪᠠᠲᠤ ᠪᠠᠬᠢ ᠪᠤᠶ ᠪᠣᠯᠭᠠᠵᠤ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠭᠰᠡᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠢᠷᠢ ᠲᠡᠩᠴᠡᠭᠰᠡᠨ ᠪᠦᠲᠦᠭᠡᠨ ᠪᠠᠶᠢᠭᠤᠯᠤᠭᠴᠢ ᠪᠠ ᠨᠠᠶᠢᠳᠠᠪᠤᠷᠢᠲᠠᠢ ᠵᠠᠯᠭᠠᠮᠵᠢᠯᠠᠭᠴᠢ ᠶᠢ ᠬᠦᠮᠦᠵᠢᠭᠦᠯᠬᠦ ᠶᠢᠨ ᠲᠦᠯᠦᠭᠡ᠂ 9 ᠰᠠᠷ᠎ᠠ ᠶᠢᠨ 5 ᠤ ᠦᠳᠡ ᠶᠢᠨ ᠬᠤᠶᠢᠨ᠎ᠠ᠂ ᠲᠣᠭᠲᠠᠬᠤ ᠰᠢᠶᠠᠨ ᠤ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠶᠢᠨ ᠣᠨᠴᠠ ᠤᠷᠢᠭᠰᠠᠨ ᠰᠢᠶᠠᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠯᠧᠺᠲ᠋ᠣᠷ ᠤᠨ ᠪᠦᠯᠬᠦᠮ ᠤᠨ ᠪᠦᠷᠢᠯᠳᠦᠭᠦᠨ ᠮᠠ ᠲᠧᠩ ᠢ ᠤᠷᠢᠵᠦ᠂ ᠥᠨᠳᠥᠷ ᠳᠤᠮᠳᠠᠳᠤ ᠶᠢᠨ ᠨᠢᠭᠡᠳᠦᠭᠡᠷ ᠣᠨ ᠤ ᠪᠦᠬᠦ ᠰᠢᠨ᠎ᠡ ᠰᠤᠷᠤᠭᠴᠢᠳ ᠲᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠬᠤ ᠤᠬᠠᠮᠰᠠᠷ ᠢ ᠤᠬᠠᠭᠤᠯᠤᠨ ᠲᠠᠶᠢᠯᠪᠤᠷᠢᠯᠠᠵᠠᠢ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠯᠢᠦ ᠹᠧᠢ᠂ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠺᠣᠮᠢᠰᠰᠠᠷ ᠸᠠᠩ ᠧᠨ ᠯᠸ᠂ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠵᠢᠴᠢ ᠲᠣᠭᠲᠠᠬᠤ ᠰᠢᠶᠠᠨ ᠤ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠤᠰ ᠤᠳᠠᠭ᠎ᠠ ᠶᠢᠨ ᠲᠠᠶᠢᠯᠤᠮᠵᠢ ᠳᠤ ᠣᠷᠣᠯᠴᠠᠪᠠ᠃      ᠲᠠᠶᠢᠯᠤᠮᠵᠢ ᠨᠢ ︽ᠭᠤᠷᠪᠠᠨ ᠰᠠᠯᠵᠤ ᠴᠢᠳᠠᠬᠤ ᠦᠭᠡᠢ︾᠂ ︽ᠳᠥᠷᠪᠡ ᠶᠢ ᠬᠠᠮᠲᠤᠳᠬᠠᠬᠤ︾᠂ ︽ᠲᠠᠪᠤᠨ ᠮᠡᠳᠡᠷᠡᠮᠵᠢ︾ ᠶᠢᠨ ᠲᠣᠭᠤᠷᠢᠨ ᠳᠤ᠂ ︽ᠶᠠᠭᠤ ᠶᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠤᠢ ᠪᠣᠯᠭᠠᠬᠤ ᠭᠡᠬᠦ︾᠂ ︽ᠶᠠᠭᠤᠨ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠤᠢ ᠪᠣᠯᠭᠠᠬᠤ︾᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠬᠡᠷᠬᠢᠨ ᠪᠤᠢ ᠪᠣᠯᠭᠠᠬᠤ︾ ᠲᠤᠬᠠᠢ ᠨᠠᠷᠢᠨ ᠲᠣᠳᠣᠷᠬᠠᠶᠢᠯᠠᠨ ᠥᠭᠦᠯᠡᠪᠡ᠃      ᠲᠣᠰ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠪᠠᠷ ᠳᠠᠮᠵᠢᠭᠤᠯᠤᠨ᠂ ᠲᠣᠭᠲᠠᠬᠤ ᠰᠢᠶᠠᠨ ᠤ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠶᠢᠨ ᠪᠠᠭᠰᠢ ᠰᠤᠷᠤᠭᠴᠢᠳ ᠤᠨ ᠨᠠᠮ ᠤᠨ ᠦᠨᠳᠦᠰᠦᠲᠡᠨ ᠱᠠᠰᠢᠨ ᠰᠤᠷᠲᠠᠬᠤᠨ ᠤ ᠲᠥᠷᠥ ᠶᠢᠨ ᠪᠣᠳᠣᠯᠭ᠎ᠠ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠬᠠᠮᠲᠤ ᠪᠠᠷ ᠴᠡᠴᠡᠭᠯᠡᠨ ᠬᠥᠭᠵᠢᠬᠦ ᠲᠤᠬᠠᠢ ᠲᠠᠨᠢᠯᠲᠠ ᠪᠠ ᠣᠶᠢᠯᠠᠭᠠᠯᠲᠠ ᠶᠢ ᠦᠨᠡᠨ ᠬᠦ ᠴᠢᠩᠭᠠᠷᠠᠭᠤᠯᠬᠤ ᠶᠢᠨ ᠬᠠᠮᠲᠤ ᠪᠠᠰᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠪᠥᠬᠦ ᠲᠠᠯ᠎ᠠ ᠪᠠᠷ ᠭᠦᠨ ᠭᠦᠨᠵᠡᠭᠡᠢ ᠤᠳᠠᠭᠠᠨ ᠳᠠᠭᠠᠭᠠᠮᠠᠭᠠᠢ ᠪᠠᠷ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤᠳᠬᠠᠬᠤ ᠳᠤ ᠢᠳᠡᠪᠬᠢᠲᠡᠢ ᠠᠬᠢᠭᠤᠯᠬᠤ ᠦᠢᠯᠡᠳᠦᠯ ᠦᠵᠡᠭᠦᠯᠦᠭᠰᠡᠨ ᠪᠠᠶᠢᠨ᠎ᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1