ᠲᠥᠪ ᠤᠨ ᠠᠮᠤ ᠪᠤᠳᠠᠭᠠᠨ ᠤ ᠨᠥᠭᠡᠴᠡ ᠶᠢᠨ ᠬᠥᠬᠡᠬᠤᠲᠠ ᠶᠢᠨ ᠰᠢᠭᠤᠳ ᠬᠠᠷᠢᠶ᠎ᠠ ᠬᠥᠮᠥᠷᠭᠡ ᠶᠢᠨ ᠬᠢᠵᠠᠭᠠᠷᠲᠤ ᠺᠣᠮᠫᠠᠨᠢ ᠶᠢᠨ ᠲᠣᠭᠲᠠᠬᠤ ᠰᠢᠶᠠᠨ ᠳᠤ 22 ᠲᠦᠮᠡᠨ ᠲᠣᠨ‌‍ᠤ ᠠᠮᠤ ᠪᠤᠳᠠᠭᠠᠨ ᠤ ᠨᠥᠭᠡᠴᠡ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠪᠠᠷᠢᠯᠭ᠎ᠠ ᠡᠬᠢᠯᠡᠭᠦᠯᠵᠦ ᠰᠠᠭᠤᠷᠢ ᠲᠠᠯᠪᠢᠬᠤ ᠶᠣᠰᠣᠯᠠᠯ ᠶᠠᠪᠤᠭᠳᠠᠪᠠ
ᠨᠡᠶᠢᠲᠡᠯᠡᠭᠰᠡᠨ ᠴᠠᠭ᠄
2022/9/7
      9 ᠰᠠᠷ᠎ᠠ ᠶᠢᠨ 6 ᠤ ᠡᠳᠦᠷ᠂ ᠲᠥᠪ ᠤᠨ ᠠᠮᠤ ᠪᠤᠳᠠᠭᠠᠨ ᠤ ᠨᠥᠭᠡᠴᠡ ᠤ ᠬᠥᠬᠡᠬᠤᠲᠠ ᠶᠢᠨ ᠰᠢᠭᠤᠳ ᠬᠠᠷᠢᠶ᠎ᠠ ᠬᠥᠮᠥᠷᠭᠡ ᠶᠢᠨ ᠬᠢᠵᠠᠭᠠᠷᠲᠤ ᠺᠣᠮᠫᠠᠨᠢ ᠶᠢᠨ ᠲᠣᠭᠲᠠᠬᠤ ᠰᠢᠶᠠᠨ ᠳᠤ 22 ᠲᠦᠮᠡᠨ ᠲᠣᠨ ᠤ ᠠᠮᠤ ᠪᠤᠳᠠᠭᠠᠨ ᠤ ᠨᠥᠭᠡᠴᠡ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠡᠬᠢᠯᠡᠭᠦᠯᠵᠦ ᠰᠠᠭᠤᠷᠢ ᠲᠠᠯᠪᠢᠬᠤ ᠶᠣᠰᠣᠯᠠᠯ ᠶᠠᠪᠤᠭᠳᠠᠪᠠ᠃      ᠰᠢᠶᠠᠨ ᠤ ᠤᠳᠤᠷᠢᠳᠤᠯᠭ᠎ᠠ ᠭᠤᠸ ᠵᠧᠩ᠂ ᠵᠠᠩ ᠢᠦᠢ ᠰᠠᠭᠤᠷᠢ ᠲᠠᠯᠪᠢᠬᠤ ᠶᠣᠰᠣᠯᠠᠯ ᠳᠤ ᠣᠷᠣᠯᠴᠠᠭᠰᠠᠨ ᠪᠥᠭᠡᠳ ᠳᠤᠮᠳᠠᠳᠤ ᠤᠯᠤᠰ ᠤᠨ ᠠᠮᠤ ᠪᠤᠳᠠᠭᠠᠨ ᠤ ᠨᠥᠭᠡᠴᠡ ᠬᠠᠮᠢᠶᠠᠷᠤᠯᠲᠠ ᠶᠢᠨ ᠪᠦᠯᠦᠭᠯᠡᠯ ᠺᠣᠮᠫᠠᠨᠢ ᠶᠢᠨ ᠥᠪᠥᠷ ᠮᠣᠩᠭᠤᠯ ᠳᠠᠬᠢ ᠬᠤᠪᠢᠶᠠᠷᠢ ᠺᠣᠮᠫᠠᠨᠢ ᠶᠢᠨ ᠨᠠᠮ ᠤᠨ ᠬᠤᠷᠢᠶᠠᠨ ᠤ ᠭᠡᠰᠢᠭᠦᠨ᠂ ᠳᠡᠳ᠋ ᠶᠡᠷᠦᠩᠬᠡᠢ ᠳᠠᠭᠠᠭᠠᠮᠠᠯ ᠯᠢᠦ ᠰᠢᠶᠣᠣ ᠮᠢᠩ ᠨᠠᠷ ᠲᠠᠢ ᠬᠠᠮᠲᠤ ᠪᠠᠷ ᠲᠥᠷᠥᠯ ᠵᠦᠢᠯ ᠡᠬᠢᠯᠡᠭᠦᠯᠬᠦ ᠶᠢᠨ ᠬᠠᠮᠲᠤ ᠲᠥᠷᠥᠯ ᠵᠦᠢᠯ ᠳᠤ ᠰᠠᠭᠤᠷᠢ ᠲᠠᠯᠪᠢᠪᠠ᠃      ᠯᠢᠦ ᠰᠢᠶᠣᠣ ᠮᠢᠩ᠂ ᠵᠠᠩ ᠢᠦᠢ ᠲᠣᠰ ᠲᠣᠰ ᠪᠠᠶᠠᠷ ᠤᠨ ᠦᠭᠡ ᠬᠡᠯᠡᠵᠡᠢ᠃      ᠣᠶᠢᠷ᠎ᠠ ᠶᠢᠨ ᠵᠢᠯ ᠠᠴᠠ᠂ ᠲᠣᠭᠲᠠᠬᠤ ᠰᠢᠶᠠᠨ ᠶᠡᠷᠦᠩᠬᠡᠢ ᠱᠦᠵᠢ ᠰᠢ ᠶᠢᠨ ᠫᠢᠩ ᠤᠨ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠲᠤᠬᠠᠢ ᠴᠢᠬᠤᠯᠠ ᠴᠣᠬᠤᠯᠠᠪᠤᠷᠢ ᠵᠢᠭᠠᠪᠤᠷᠢ ᠶᠢᠨ ᠵᠣᠷᠢᠭ ᠰᠠᠨᠠᠭ᠎ᠠ ᠶᠢ ᠢᠮᠠᠭᠲᠠ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠲᠠᠷᠢᠶᠠᠯᠠᠩ ᠤᠨ ᠰᠠᠭᠤᠷᠢ ᠲᠥᠬᠦᠭᠡᠷᠦᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠲᠣᠭᠲᠠᠭᠤᠨ ᠢᠶᠠᠷ ᠳᠡᠭᠡᠭᠰᠢᠯᠡᠭᠦᠯᠵᠦ᠂ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠪᠦᠲᠦᠮᠵᠢᠲᠡᠢ ᠠᠬᠢᠭᠤᠯᠵᠠᠢ᠃ ᠣᠳᠣᠬᠠᠨ ᠪᠣᠯᠲᠠᠯ᠎ᠠ ᠂ ᠪᠥᠬᠦ ᠰᠢᠶᠠᠨ ᠤ ᠲᠠᠷᠢᠮᠠᠯ ᠤᠨ ᠶᠡᠷᠦᠩᠬᠡᠢ ᠳᠠᠷᠢᠬᠤ ᠲᠠᠯᠠᠪᠠᠶ 103 ᠲᠦᠮᠡᠨ ᠮᠦ ᠪᠠᠶᠢᠵᠤ᠂ ᠠᠮᠤ ᠪᠤᠳᠠᠭᠠᠨ ᠤ ᠶᠡᠷᠦᠩᠬᠡᠢ ᠤᠨᠠᠯᠲᠠ ᠶᠢ 35 ᠲᠦᠮᠡᠨ ᠲᠣᠨ ᠠᠴᠠ ᠳᠡᠭᠡᠭᠰᠢ ᠬᠡᠮᠵᠢᠶᠡᠨ ᠳᠤ ᠲᠣᠭᠲᠠᠪᠤᠷᠢᠵᠢᠭᠤᠯᠪᠠ᠃ ᠲᠦᠷᠦᠯ ᠵᠦᠢᠯ ᠢ ᠡᠬᠢᠯᠡᠨ ᠪᠦᠲᠦᠭᠡᠨ ᠪᠠᠶᠢᠭᠤᠯᠬᠤ ᠪᠣᠯ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠪᠠᠶᠢᠯᠳᠤᠬᠤ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠣᠷᠣᠨ ᠤ ᠠᠮᠤ ᠪᠤᠳᠠᠭᠠᠨ ᠤ ᠪᠠᠲᠤᠯᠠᠪᠤᠷᠢ ᠶᠢᠨ ᠴᠢᠳᠠᠪᠤᠷᠢ ᠶᠢ ᠳᠡᠭᠡᠭᠰᠢᠯᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠣᠨ᠎ᠠ᠂ ᠡᠨᠡ ᠨᠢ ᠮᠠᠨ ᠤ ᠰᠢᠶᠠᠨ ᠤ ᠠᠮᠤ ᠪᠤᠳᠠᠭᠠᠨ ᠤ ︽ᠦᠢᠯᠡᠳᠪᠦᠷᠢᠯᠡᠬᠦ ᠬᠤᠳᠠᠯᠳᠤᠨ ᠠᠪᠬᠤ ᠬᠠᠳᠠᠭᠠᠯᠠᠬᠤ ᠨᠡᠮᠡᠬᠦ ᠪᠣᠷᠣᠯᠠᠭᠤᠯᠬᠤ︾ ᠪᠦᠬᠦ ᠠᠵᠤ ᠦᠢᠯᠡᠰ ᠤᠨ ᠬᠡᠯᠬᠢᠶ᠎ᠡ ᠶᠢ ᠬᠠᠮᠵᠢᠯᠴᠠᠨ ᠬᠥᠭᠵᠢᠭᠦᠯᠬᠦ ᠲᠡᠰᠢ ᠯᠠᠪᠳᠠᠭᠤᠨ ᠪᠠᠲᠤᠲᠠᠢ ᠨᠢᠭᠡ ᠠᠯᠬᠤᠮ ᠠᠯᠬᠤᠭᠰᠠᠨ ᠢ ᠬᠠᠷᠠᠭᠤᠯᠵᠤ ᠪᠠᠶᠢᠨ᠎ᠠ᠃ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ᠂ ᠠᠮᠤ ᠪᠤᠳᠠᠭᠠᠨ ᠤ ᠬᠤᠷᠸ᠎ᠠ ᠲᠣᠬᠢᠷᠠᠭᠤᠯᠤᠯ ᠡᠵᠡᠮᠳᠡᠯ ᠢ ᠬᠡᠷᠡᠭᠵᠢᠭᠦᠯᠬᠦ᠂ ᠠᠮᠤ ᠪᠤᠳᠠᠭᠠᠨ ᠤ ᠬᠠᠩᠭᠠᠯᠭ᠎ᠠ ᠶᠢ ᠲᠡᠩᠴᠡᠭᠦᠷᠢᠲᠡᠢ ᠪᠠᠶᠢᠯᠭᠠᠬᠤ᠂ ᠨᠡᠶᠢᠭᠡᠮ ᠤᠨ ᠲᠣᠭᠲᠠᠭᠤᠨ ᠪᠠᠶᠢᠳᠠᠯ ᠢ ᠦᠨᠡᠨ ᠬᠦ ᠪᠠᠲᠤᠯᠠᠬᠤ᠂ ᠤᠯᠤᠰ ᠤᠨ ᠠᠵᠤ ᠠᠬᠤᠢ ᠶᠢᠨ ᠦᠷᠭᠦᠯᠵᠢᠯᠡᠬᠦ ᠬᠥᠭᠵᠢᠯᠲᠡ ᠶᠢ ᠠᠬᠢᠭᠤᠯᠬᠤ ᠳᠤ ᠴᠢᠬᠤᠯᠠ ᠦᠢᠯᠡᠳᠦᠯ ᠲᠠᠢ ᠪᠠᠶᠢᠵᠤ ᠂ ᠮᠠᠨ ᠤ ᠰᠢᠶᠠᠨ ᠤ ᠠᠮᠤ ᠪᠤᠳᠠᠭᠠᠨ ᠤ ᠠᠵᠤ ᠦᠢᠯᠡᠰ ᠤᠨ ᠬᠡᠯᠬᠢᠶ᠎ᠡ ᠶᠢᠨ ᠬᠠᠩᠭᠠᠯᠭ᠎ᠠ ᠶᠢᠨ ᠬᠡᠯᠬᠢᠶ᠎ᠡ ᠶᠢ ᠰᠢᠯᠢᠳᠡᠭᠵᠢᠭᠦᠯᠦᠨ ᠲᠠᠰ ᠳᠡᠪᠰᠢᠭᠦᠯᠬᠦ᠂ ᠲᠠᠷᠢᠶᠠᠯᠠᠩ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠳᠠᠶᠢᠴᠢᠯᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃      ᠣᠶᠢᠯᠠᠭᠠᠭᠰᠠᠨ ᠢᠶᠠᠷ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠥᠪᠥᠷ ᠮᠣᠩᠭᠤᠯ ᠤᠨ ᠳᠤᠮᠳᠠᠳᠤ ᠤᠯᠤᠰ ᠤᠨ ᠠᠮᠤ ᠪᠤᠳᠠᠭ᠎ᠠ ᠨᠥᠭᠡᠴᠡᠯᠡᠬᠦ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ︽ᠬᠤᠶᠠᠷ ᠬᠠᠯᠬᠠᠪᠴᠢ︾ ︽ᠬᠤᠶᠠᠷ ᠰᠠᠭᠤᠷᠢᠨ ᠭᠠᠵᠠᠷ︾ ︽ᠨᠢᠭᠡ ᠪᠠᠬᠢᠯᠡᠯᠲᠡ︾ ᠶᠢ ᠲᠦᠷᠭᠡᠳᠬᠡᠨ ᠪᠠᠶᠢᠭᠤᠯᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠳᠤ ᠤᠯᠠᠮ ᠨᠢᠭᠡ ᠠᠯᠬᠤᠮ ᠦᠢᠯᠡᠴᠢᠯᠡᠨ᠂ 2022 ᠣᠨ ᠳᠤ᠂ ᠳᠤᠮᠳᠠᠳᠤ ᠤᠯᠤᠰ ᠤᠨ ᠠᠮᠤ ᠪᠤᠳᠠᠭ᠎ᠠ ᠨᠥᠭᠡᠴᠡᠯᠡᠬᠦ ᠪᠦᠯᠦᠭᠯᠡᠯ ᠺᠣᠮᠫᠠᠨᠢ ᠶᠢᠨ ᠵᠥᠪᠰᠢᠶᠡᠷᠡᠯ ᠢᠶᠠᠷ᠂ ᠥᠪᠥᠷ ᠮᠣᠩᠭᠤᠯ ᠤᠨ ᠬᠤᠪᠢᠶᠠᠷᠢ ᠺᠣᠮᠫᠠᠨᠢ ᠨᠢ ᠪᠥᠬᠦ ᠣᠷᠣᠨ‌‍ᠳᠤ ᠠᠮᠤ ᠪᠤᠳᠠᠭ᠎ᠠ ᠨᠥᠭᠡᠴᠡᠯᠡᠬᠦ 19 ᠲᠥᠷᠥᠯ ᠵᠦᠢᠯ ᠢ ᠪᠦᠲᠦᠭᠡᠨ ᠪᠠᠶᠢᠭᠤᠯᠵᠤ᠂ 10 ᠠᠶᠢᠮᠠᠭ ᠬᠤᠲᠠ ᠶᠢᠨ 19 ᠬᠤᠰᠢᠭᠤ ᠰᠢᠶᠠᠨ ᠲᠣᠭᠤᠷᠢᠭ ᠲᠤ ᠲᠠᠷᠬᠠᠵᠤ ᠪᠠᠶᠢᠨ᠎ᠠ᠃ ᠲᠣᠰ ᠲᠥᠷᠥᠯ ᠵᠦᠢᠯ ᠨᠢ 19 ᠬᠥᠮᠥᠷᠭᠡ ᠪᠠᠶᠢᠭᠤᠯᠬᠤ ᠲᠥᠷᠥᠯ ᠵᠦᠢᠯ ᠤᠨ ᠨᠢᠭᠡ ᠪᠠᠶᠢᠵᠤ᠂ ᠪᠦᠲᠦᠭᠡᠨ ᠪᠠᠶᠢᠭᠤᠯᠤᠯᠲᠠ ᠶᠢᠨ ᠶᠡᠷᠦᠩᠬᠡᠢ ᠬᠥᠮᠥᠷᠭᠡ ᠶᠢᠨ ᠪᠠᠭᠲᠠᠭᠠᠮᠵᠢ ᠨᠢ 20.23 ᠲᠦᠮᠡᠨ ᠲᠣᠨ ᠪᠠᠶᠢᠵᠤ᠂ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 3.19 ᠳ᠋ᠦᠩᠰᠢᠭᠤᠷ ᠲᠥᠭᠦᠷᠢᠭ ᠪᠣᠯᠣᠨ᠎ᠠ᠃ ᠵᠢᠱᠢᠯᠲᠡ ᠪᠠᠷ ᠲᠥᠷᠥᠯ ᠵᠦᠢᠯ ᠤᠨ ᠠᠵᠢᠯ ᠳᠠᠭᠤᠰᠬᠤ ᠴᠠᠭ ᠨᠢ 2023 ᠣᠨ ᠤ 9 ᠰᠠᠷ᠎ᠠ ᠶᠢᠨ 22 ᠤᠨ ᠡᠳᠦᠷ ᠪᠣᠯᠣᠨ᠎ᠠ᠃ ᠲᠥᠷᠥᠯ ᠵᠦᠢᠯ ᠢ ᠪᠥᠬᠦ ᠲᠠᠯ᠎ᠠ ᠪᠠᠷ ᠪᠠᠶᠢᠭᠤᠯᠵᠤ ᠳᠠᠭᠤᠰᠤᠭᠰᠠᠨ ᠤ ᠳᠠᠷᠠᠭ᠎ᠠ᠂ ᠠᠮᠤ ᠪᠤᠳᠠᠭᠠᠨ ᠤ ᠬᠥᠮᠥᠷᠭᠡ ᠳᠤ ᠣᠷᠣᠭᠤᠯᠬᠤ ᠶᠡᠷᠦᠩᠬᠡᠢ ᠬᠡᠮᠵᠢᠶ᠎ᠡ ᠵᠢᠯ ᠪᠦᠷᠢ 14 ᠲᠦᠮᠡᠨ ᠲᠣᠨ ᠠᠴᠠ ᠳᠡᠭᠡᠭᠰᠢ ᠳᠤ ᠬᠦᠷᠴᠦ᠂ ᠵᠢᠱᠢᠯᠲᠡ ᠪᠠᠷ ᠵᠢᠯ ᠤᠨ ᠦᠢᠯᠡᠳᠬᠦᠨ ᠤ ᠥᠷᠲᠡᠭ ᠨᠢ 4.2 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠬᠦ ᠪᠣᠯᠣᠨ᠎ᠠ᠃ ᠡᠭᠦᠨ ᠤ ᠬᠠᠮᠲᠤ᠂ ᠬᠥᠮᠥᠷᠭᠡ ᠪᠠᠶᠢᠭᠤᠯᠬᠤ ᠪᠠᠷ ᠳᠠᠮᠵᠢᠭᠤᠯᠤᠨ ᠠᠮᠤ ᠪᠤᠳᠠᠭᠠᠨ ᠤ ᠠᠮᠢ ᠠᠬᠤᠢ ᠶᠢᠨ ᠬᠠᠮᠲᠤ ᠶᠢᠨ ᠴᠣᠭᠴᠠ ᠶᠢ ᠪᠣᠶ ᠪᠣᠯᠭᠠᠵᠤ᠂ ᠳᠤᠮᠳᠠᠳᠤ ᠤᠯᠤᠰ ᠤᠨ ᠨᠥᠭᠡᠴᠡᠯᠡᠬᠦ ᠠᠮᠤ ᠪᠤᠳᠠᠭᠠᠨ ᠤ ᠡᠬᠢ ᠪᠠᠶᠠᠯᠢᠭ ᠤᠨ ᠰᠢᠩᠭᠡᠭᠡᠬᠦ ᠪᠠ ᠲᠥᠪᠯᠡᠷᠡᠭᠦᠯᠬᠦ ᠦᠢᠯᠡᠳᠦᠯ ᠢ ᠭᠦᠢᠴᠡᠳ ᠪᠠᠳᠠᠷᠠᠭᠤᠯᠤᠨ᠂ ᠳᠡᠭᠡᠳᠦ ᠳᠣᠣᠷᠠᠳᠤ ᠤᠷᠤᠰᠬᠠᠯ ᠤᠨ ᠠᠵᠤ ᠠᠬᠤᠶᠢᠯᠠᠯ ᠢ ᠲᠡᠳᠡᠨ ᠣᠷᠣᠯᠴᠠᠭᠤᠯᠵᠤ᠂ ᠠᠮᠤ ᠪᠤᠳᠠᠭᠠᠨ ᠤ ᠠᠮᠢ ᠠᠬᠤᠢ ᠶᠢᠨ ᠲᠠᠪᠴᠠᠩ ᠢ ᠪᠣᠶ ᠪᠣᠯᠭᠠᠵᠤ᠂ ᠠᠵᠤ ᠦᠢᠯᠡᠰ ᠤᠨ ᠬᠡᠯᠬᠢᠶ᠎ᠡ ᠶᠢᠨ ᠬᠠᠩᠭᠠᠯᠭ᠎ᠠ ᠶᠢᠨ ᠬᠡᠯᠬᠢᠶ᠎ᠡ ᠶᠢ ᠰᠢᠯᠢᠳᠡᠭᠵᠢᠭᠦᠯᠦᠨ ᠲᠠᠰ ᠳᠡᠪᠰᠢᠭᠦᠯᠬᠦ ᠶᠢ ᠠᠬᠢᠭᠤᠯᠤᠨ᠂ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠶᠢ ᠦᠢᠯᠡᠴᠢᠯᠡᠨ ᠳᠠᠶᠢᠴᠢᠯᠠᠨ᠎ᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1