ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠪᠥᠬᠦ ᠤᠯᠤᠰ ᠤᠨ ᠴᠢᠨᠠᠷᠲᠠᠶ 5 ᠬᠤᠪᠢ ᠨᠡᠮᠡᠬᠦ ᠲᠦᠷᠦᠯ  ᠢ ᠬᠦᠴᠦᠨ ᠦᠭᠡᠢ ᠪᠣᠯᠭᠠᠪᠠ
ᠨᠡᠶᠢᠲᠡᠯᠡᠭᠰᠡᠨ ᠴᠠᠭ᠄
2022/9/9
       ᠥᠨᠥᠳᠦᠷ ᠶᠠᠪᠤᠭᠳᠠᠭᠰᠠᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠰᠤᠷᠭᠠᠨ ᠬᠥᠮᠦᠵᠢᠯ ᠤᠨ ᠶᠠᠮᠤᠨ ᠤ ᠬᠠᠮᠢᠶ᠎ᠠ ᠪᠦᠬᠦᠢ ᠬᠠᠷᠢᠭᠤᠴᠠᠯᠭᠠᠳᠠᠨ ᠠᠴᠠ ᠲᠠᠨᠢᠯᠴᠠᠭᠤᠯᠬᠤ ᠢᠶᠠᠷ᠂ 2015 ᠣᠨ᠂ 2019 ᠣᠨ᠂ ᠰᠤᠷᠭᠠᠨ ᠬᠥᠮᠦᠵᠢᠯ ᠤᠨ ᠶᠠᠮᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ︽ᠡᠷᠬᠡ ᠲᠡᠭᠰᠢ ᠶᠢ ᠠᠬᠢᠭᠤᠯᠬᠤ᠂ ᠬᠠᠮᠢᠶᠠᠷᠤᠯᠲᠠ ᠶᠢ ᠵᠢᠷᠤᠮᠵᠢᠭᠤᠯᠬᠤ᠂ ᠰᠢᠨᠵᠢᠯᠡᠬᠦ ᠤᠬᠠᠭᠠᠨᠴᠢ ᠨᠠᠷᠢᠯᠢᠭ ᠣᠨᠣᠴᠠᠲᠠᠶ ᠪᠠᠶᠢᠯᠭᠠᠬᠤ︾ ᠵᠠᠷᠴᠢᠮ ᠶᠣᠰᠣᠭᠠᠷ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠬᠤᠪᠢ ᠨᠡᠮᠡᠬᠦ ᠠᠵᠢᠯ ᠢ ᠤᠷᠢᠳ ᠬᠤᠵᠢᠳ ᠬᠤᠶᠠᠷ ᠣᠳᠠᠭ᠎ᠠ ᠵᠢᠷᠤᠮᠵᠢᠭᠤᠯᠵᠦ᠂ ᠪᠡᠶ᠎ᠡ ᠶᠢᠨ ᠲᠠᠮᠢᠷ ‍ᠤᠨ‌ᠣᠨᠴᠠ ᠴᠢᠳᠠᠪᠤᠷᠢᠲᠠᠶ ᠰᠣᠷᠣᠭᠴᠢ᠂ ᠳᠤᠮᠳᠠᠳᠤ ᠰᠤᠷᠭᠠᠭᠤᠯᠢ ᠶᠢᠨ ᠰᠣᠷᠣᠭᠴᠢ ᠶᠢᠨ ᠣᠯᠢᠮᠫᠢᠺ ᠤᠨ ᠤᠷᠤᠯᠳᠤᠭᠠᠨ᠂  ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠤᠨ ᠤᠷᠤᠯᠳᠤᠭᠠᠨ᠂ ᠮᠤᠵᠢ ᠶᠢᠨ ᠳᠡᠰ ᠤᠨ ᠰᠢᠯᠢᠳᠡᠭ ᠰᠣᠷᠣᠭᠴᠢ᠂ ᠦᠵᠡᠯ ᠰᠠᠨᠠᠭ᠎ᠠ ᠶᠣᠰᠣ ᠮᠣᠷᠠᠯ ᠤᠨ ᠲᠠᠯ᠎ᠠ ᠪᠠᠷ ᠲᠣᠪᠤᠶᠢᠮ᠎ᠠ ᠦᠢᠯᠡ ᠠᠵᠢᠯᠯᠠᠭ᠎ᠠ ᠲᠠᠢ ᠰᠤᠷᠤᠭᠴᠢ ᠵᠡᠷᠭᠡ  ᠲᠠᠪᠤᠨ ᠲᠥᠷᠥᠯ ᠤᠨ ᠪᠥᠬᠦ ᠤᠯᠤᠰ ᠤᠨ ᠴᠢᠨᠠᠷᠲᠠᠶ ᠬᠤᠪᠢ ᠨᠡᠮᠡᠬᠦ ᠲᠦᠷᠦᠯ ᠵᠦᠢᠯ ᠢ ᠬᠦᠴᠦᠨ ᠥᠬᠡᠶ ᠪᠣᠯᠭᠠᠵᠤ᠂ ᠡᠯ᠎ᠡ ᠭᠠᠵᠠᠷ ᠢ ᠵᠢᠯᠣᠭᠤᠳᠤᠨ ᠣᠷᠣᠨ ᠨᠤᠲᠤᠭ ᠤᠨ ᠴᠢᠨᠠᠷᠲᠠᠶ ᠬᠤᠪᠢ ᠨᠡᠮᠡᠬᠦ ᠵᠦᠢᠯᠡᠰ ᠢ ᠪᠠᠭᠠᠰᠬᠠᠵᠤ᠂ ᠨᠡᠮᠡᠬᠦ ᠬᠤᠪᠢ ᠶᠢᠨ ᠭᠡᠮᠵᠢᠶ᠎ᠡ ᠶᠢ ᠤᠯᠠᠮ ᠢᠶᠠᠷ ᠪᠠᠭᠤᠷᠠᠭᠤᠯᠤᠨ᠎ᠠ ᠭᠡᠵᠦ ᠲᠣᠳᠣᠷᠬᠠᠶ ᠲᠣᠭᠲᠠᠭᠠᠵᠠᠶ᠃ ᠣᠳᠣᠬᠠᠨ ᠳᠤ᠂ ᠶᠡᠭᠡ ᠳᠡᠭᠡᠳᠦ  ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ‌‍ᠶᠢᠨ ᠪᠥᠬᠦ ᠤᠯᠤᠰ ᠤᠨ ᠴᠢᠨᠠᠷᠲᠠᠶ ᠬᠤᠪᠢ ᠨᠡᠮᠡᠬᠦ 5 ᠲᠦᠷᠦᠯ ᠢ ᠬᠦᠴᠦᠨ ᠥᠬᠡᠶ ᠪᠣᠯᠭᠠᠵᠤ᠂ ᠣᠷᠣᠨ ᠨᠤᠲᠤᠭ ᠤᠨ  ᠴᠢᠨᠠᠷᠲᠠᠶ ᠬᠤᠪᠢ ᠨᠡᠮᠡᠬᠦ 95 ᠲᠦᠷᠦᠯ ᠢ ᠠᠯᠬᠤᠮ ᠠᠯᠬᠤᠮ ᠢᠶᠠᠷ ᠬᠦᠴᠦᠨ ᠥᠬᠡᠶ ᠪᠣᠯᠭᠠᠬᠤ ᠪᠠᠷ ᠪᠣᠢ᠃                
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1