ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠤᠨ ᠡᠷᠬᠡ ᠰᠦᠷᠲᠦ ᠬᠠᠷᠢᠭᠤᠯᠲᠠ
ᠨᠡᠶᠢᠲᠡᠯᠡᠭᠰᠡᠨ ᠴᠠᠭ᠄
2023/1/13
      ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ 1 ᠳ᠋ᠦ᠋ᠭᠡᠷ ᠰᠠᠷ᠎ᠠ ᠶᠢᠨ 8 ᠤ ᠡᠳᠦᠷ ᠤᠨ ᠦᠳᠡ  ᠶᠢᠨ ᠬᠤᠶᠢᠨ᠎ᠠ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠠᠷᠪᠠᠳᠤᠭᠠᠷ ᠬᠡᠪᠯᠡᠯ ᠤᠨ ᠰᠡᠷᠭᠡᠶᠢᠯᠡᠨ ᠡᠵᠡᠮᠳᠡᠬᠦ ᠲᠥᠰᠥᠯ ᠤᠨ ᠬᠤᠯᠪᠣᠭᠳᠠᠯ ᠪᠦᠬᠦᠢ ᠪᠠᠶᠢᠳᠠᠯ  ᠢ ᠲᠠᠨᠢᠯᠴᠠᠭᠤᠯᠵᠠᠢ᠂ ᠬᠠᠮᠲᠤ ᠪᠠᠷ ᠦᠵᠡᠵᠡᠭᠡᠶ᠎ᠡ᠃       — — ᠠᠷᠪᠠᠳᠤᠭᠠᠷ ᠬᠡᠪᠯᠡᠯ ᠤᠨ ᠰᠡᠷᠭᠡᠶᠢᠯᠡᠨ ᠡᠵᠡᠮᠳᠡᠬᠦ ᠲᠥᠰᠥᠯ — —      ᠠᠷᠪᠠᠳᠤᠭᠠᠷ ᠬᠡᠪᠯᠡᠯ ᠤᠨ ᠰᠡᠷᠭᠡᠶᠢᠯᠡᠨ ᠡᠵᠡᠮᠳᠡᠬᠦ ᠲᠥᠰᠥᠯ ᠳᠤ ᠭᠤᠣᠯᠳᠠᠭᠤ ᠶᠠᠮᠠᠷ ᠶᠠᠮᠠᠷ ᠲᠣᠬᠢᠷᠠᠭᠤᠯᠤᠯᠲᠠ ᠬᠢᠭᠰᠡᠨ ᠪᠣᠶ︖      ᠨᠢᠭᠡ ᠳᠤ᠂ ᠡᠪᠡᠳᠴᠢᠨ ᠤ ᠨᠡᠷ᠎ᠡ ᠶᠢ ᠰᠢᠨᠡᠴᠢᠯᠡᠪᠡ᠃ ︽ᠰᠢᠨ᠎ᠡ ᠲᠢᠲᠢᠮᠯᠢᠭ ᠸᠢᠷᠦ᠋ᠰ ᠤᠨ ᠠᠭᠤᠰᠬᠢᠨ ᠦᠷᠪᠢᠰᠦᠯ︾ ᠢ ︽ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠯ︾ ᠭᠡᠵᠦ ᠥᠭᠡᠷᠡᠴᠢᠯᠡᠨ᠎ᠡ︔      ᠬᠤᠶᠠᠷ ᠲᠤ᠂ ᠬᠢᠨᠠᠨ ᠰᠢᠨᠵᠢᠯᠡᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠨ᠎ᠠ᠃ ᠪᠠᠶᠢᠩᠭᠤᠵᠢᠭᠰᠠᠨ ᠪᠠᠶᠢᠳᠠᠯ ᠳᠣᠣᠷ᠎ᠠ᠂ ᠭᠤᠣᠯᠳᠠᠭᠤ ᠸᠢᠷᠦ᠋ᠰ ᠤᠨ ᠣᠨᠳᠣᠣᠰᠢᠯ ᠤᠨ ᠬᠢᠨᠠᠨ ᠰᠢᠨᠵᠢᠯᠡᠯᠲᠡ᠂ ᠣᠨᠴᠠᠭᠠᠶ ᠬᠡᠷᠡᠭ ᠤᠨ ᠮᠡᠳᠡᠭᠦᠯᠦᠯᠲᠡ᠂ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠶᠢᠨ ᠬᠢᠨᠠᠨ ᠰᠢᠨᠵᠢᠯᠡᠯᠲᠡ᠂ ᠰᠢᠯᠲᠠᠭᠠᠨ ᠨᠢ ᠲᠣᠳᠣᠷᠬᠠᠢ ᠦᠭᠡᠢ ᠠᠭᠤᠰᠬᠢᠨ ᠦᠷᠪᠢᠰᠦᠯ ᠤᠨ ᠬᠢᠨᠠᠨ ᠰᠢᠨᠵᠢᠯᠡᠯᠲᠡ᠂ ᠬᠤᠲᠠ ᠶᠢᠨ ᠪᠣᠬᠢᠷ ᠤᠰᠤᠨ ᠤ ᠬᠢᠨᠠᠨ ᠰᠢᠨᠵᠢᠯᠡᠯᠲᠡ ᠵᠡᠷᠭᠡ ᠶᠢ ᠥᠷᠨᠢᠭᠦᠯᠦᠨ᠎ᠡ᠃ ᠪᠠᠴᠢᠮ ᠪᠠᠶᠢᠳᠠᠯ ᠢ ᠠᠷᠭᠠᠴᠠᠭᠠᠬᠤ ᠪᠠᠶᠢᠳᠠᠯ ᠳᠣᠣᠷ᠎ᠠ᠂ ᠪᠥᠭᠡᠮ ᠬᠦᠴᠢᠯ ᠪᠠ ᠥᠳᠥᠭᠡᠭᠴᠢ ᠶᠢᠨ ᠪᠠᠶᠢᠴᠠᠭᠠᠨ ᠰᠢᠯᠭᠠᠯᠲᠠ ᠬᠢᠨᠠᠨ ᠰᠢᠨᠵᠢᠯᠡᠯᠲᠠ᠂ ᠬᠠᠯᠠᠭᠤᠷᠠᠯ ᠤᠨ ᠡᠭᠦᠳᠡᠨ ᠡᠮᠨᠡᠯᠭᠡ ᠶᠢᠨ ᠬᠢᠨᠠᠨ ᠰᠢᠨᠵᠢᠯᠡᠯᠲᠠ᠂ ᠭᠤᠣᠯᠳᠠᠯᠭ᠎ᠠ ᠲᠠᠢ ᠪᠠᠶᠢᠭᠤᠯᠤᠮᠵᠢ ᠶᠢᠨ ᠬᠢᠨᠠᠨ ᠰᠢᠨᠵᠢᠯᠡᠯᠲᠠ ᠵᠡᠷᠭᠡ ᠶᠢ ᠨᠡᠮᠡᠭᠳᠡᠭᠦᠯᠦᠨ᠎ᠡ︔      ᠭᠤᠷᠪᠠ ᠳᠤ᠂ ᠪᠠᠶᠢᠴᠠᠭᠠᠨ ᠰᠢᠯᠭᠠᠬᠤ ᠠᠷᠭ᠎ᠠ ᠪᠣᠳᠣᠯᠭ᠎ᠠ ᠳᠤ ᠲᠣᠬᠢᠷᠠᠭᠤᠯᠤᠯᠲᠠ ᠬᠢᠨ᠎ᠡ᠃ ᠪᠥᠬᠦ ᠠᠷᠠᠳ ᠤᠨ ᠪᠥᠭᠡᠮ ᠬᠦᠴᠢᠯ ᠤᠨ ᠰᠢᠭᠰᠢᠨ ᠪᠠᠶᠢᠴᠠᠭᠠᠯᠲᠠ ᠶᠢ ᠳᠠᠭᠢᠵᠤ ᠥᠷᠨᠢᠭᠦᠯᠬᠦ ᠦᠭᠡᠢ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠬᠡᠷᠡᠭᠴᠡᠭᠡ ᠪᠠᠨ ᠦᠨᠳᠦᠰᠦᠯᠡᠨ ︽ᠪᠠᠶᠢᠴᠠᠭᠠᠯᠭᠠᠬᠤ ᠬᠦᠰᠡᠯ ᠲᠠᠢ ᠨᠢ ᠪᠠᠶᠢᠴᠠᠭᠠᠯᠭᠠᠵᠤ︾ ᠪᠣᠯᠣᠨ᠎ᠠ᠃ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ᠂ ᠨᠡᠶᠢᠭᠡᠮ ᠤᠨ ᠠᠰᠠᠷᠠᠮᠵᠢ ᠶᠢᠨ ᠪᠠᠶᠢᠭᠤᠯᠤᠮᠵᠢ ᠵᠡᠷᠭᠡ ᠭᠤᠣᠯᠳᠠᠯᠭ᠎ᠠ ᠲᠠᠢ ᠪᠠᠶᠢᠭᠤᠯᠤᠮᠵᠢ ᠶᠢᠨ ᠠᠵᠢᠯᠲᠠᠨ ᠪᠠ ᠬᠠᠷᠠᠵᠤ ᠬᠠᠷᠠᠭᠠᠯᠵᠠᠬᠤ ᠠᠵᠢᠯᠲᠠᠳ ᠲᠤ ᠬᠢᠵᠢᠭ ᠳᠡᠯᠭᠡᠷᠡᠵᠦ ᠪᠠᠶᠢᠭ᠎ᠠ ᠬᠤᠭᠤᠴᠠᠭᠠᠨ ᠳᠤ ᠲᠣᠭᠲᠠᠮᠠᠯ ᠬᠤᠭᠤᠴᠠᠭ᠎ᠠ ᠲᠠᠢ ᠪᠠᠷ ᠥᠳᠥᠭᠡᠭᠴᠢ ᠪᠤᠶᠤ ᠪᠥᠭᠡᠮ ᠬᠦᠴᠢᠯ ᠤᠨ ᠪᠠᠶᠢᠴᠠᠭᠠᠨ ᠰᠢᠨᠵᠢᠯᠡᠯᠲᠠ ᠬᠢᠬᠦ ᠬᠡᠷᠡᠭᠲᠡᠢ᠃ ᠨᠡᠶᠢᠭᠡᠮ ᠲᠣᠭᠤᠷᠢᠭ ᠤᠨ ᠬᠦᠨᠳᠦ ᠡᠪᠡᠳᠴᠢᠨ ᠤ ᠠᠶᠤᠯ ᠲᠦᠭᠰᠢᠭᠦᠷᠢ ᠶᠡᠬᠡᠲᠡᠢ ᠬᠥᠮᠥᠰ ᠲᠤ ᠬᠠᠮᠢᠶ᠎ᠠ ᠪᠦᠬᠦᠢ ᠡᠪᠡᠳᠴᠢᠨ ᠤ ᠢᠯᠡᠷᠡᠯ ᠭᠠᠷᠤᠭᠰᠠᠨ ᠤ ᠳᠠᠷᠠᠭ᠎ᠠ ᠥᠳᠥᠭᠡᠭᠴᠢ ᠪᠤᠶᠤ ᠪᠥᠭᠡᠮ ᠬᠦᠴᠢᠯ ᠤᠨ ᠪᠠᠶᠢᠴᠠᠭᠠᠯᠲᠠ ᠬᠢᠨ᠎ᠡ︔      ᠳᠥᠷᠪᠡ ᠳᠤ᠂ ᠬᠠᠯᠳᠠᠪᠤᠷᠢᠯᠠᠬᠤ ᠡᠬᠢ ᠰᠤᠷᠪᠤᠯᠵᠢ ᠶᠢᠨ ᠬᠠᠮᠢᠶᠠᠷᠤᠯᠲᠠ ᠳᠤ ᠲᠣᠬᠢᠷᠠᠭᠤᠯᠤᠯᠲᠠ ᠬᠢᠨ᠎ᠡ᠃ ᠰᠢᠨ᠎ᠡ ᠲᠢᠲᠢᠮᠯᠢᠭ ᠸᠢᠷᠦ᠋ᠰ ᠲᠤ ᠬᠠᠯᠳᠠᠪᠤᠷᠢᠯᠠᠭᠳᠠᠭᠰᠠᠳ ᠢ ᠲᠤᠰᠠᠭᠠᠷᠯᠠᠬᠤ ᠠᠷᠭ᠎ᠠ ᠬᠡᠮᠵᠢᠶ᠎ᠡ ᠶᠢ ᠳᠠᠭᠢᠵᠤ ᠬᠡᠷᠡᠭᠵᠢᠭᠦᠯᠬᠦ ᠦᠭᠡᠢ᠂ ᠲᠠᠰ ᠲᠥᠷᠥᠯ ᠬᠤᠪᠢᠶᠠᠨ ᠭᠥᠯᠢᠶᠡᠨ ᠠᠪᠴᠤ ᠡᠮᠨᠡᠬᠦ ᠶᠢ ᠬᠡᠷᠡᠭᠵᠢᠭᠦᠯᠦᠨ᠎ᠡ︔ ᠨᠢᠭᠲᠠ ᠣᠶᠢᠷᠠᠲᠤᠭᠰᠠᠳ ᠢ ᠳᠠᠭᠢᠵᠤ ᠮᠠᠭᠠᠳᠯᠠᠨ ᠲᠣᠭᠲᠠᠭᠠᠬᠤ ᠦᠭᠡᠢ᠂ ᠥᠨᠳᠥᠷ ᠳᠣᠣᠷ᠎ᠠ ᠲᠠᠰ ᠤᠨ ᠲᠦᠭᠰᠢᠭᠦᠷᠢᠲᠦ ᠣᠷᠣᠨ ᠢ ᠳᠠᠭᠢᠵᠤ ᠵᠠᠭᠠᠭᠯᠠᠨ ᠲᠣᠭᠲᠠᠭᠠᠬᠤ ᠦᠭᠡᠢ︔      ᠲᠠᠪᠤ ᠳᠤ᠂ ᠬᠢᠵᠢᠭ ᠳᠡᠯᠭᠡᠷᠡᠵᠦ ᠪᠠᠶᠢᠭ᠎ᠠ ᠬᠤᠭᠤᠴᠠᠭᠠᠨ ᠳᠤ ᠪᠠᠴᠢᠮ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠠᠪᠴᠤ ᠪᠣᠯᠣᠨ᠎ᠠ᠃      ᠬᠢᠵᠢᠭ ᠤᠨ ᠪᠠᠶᠢᠳᠠᠯ ᠭᠡᠨᠡᠳᠲᠡ ᠳᠡᠯᠭᠡᠷᠡᠭᠰᠡᠨ ᠬᠤᠭᠤᠴᠠᠭᠠᠨ ᠳᠤ ᠳᠠᠷᠠᠭᠠᠬᠢ ᠪᠠᠴᠢᠮ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠠᠪᠴᠤ ᠪᠣᠯᠣᠨ᠎ᠠ      ᠬᠢᠵᠢᠭ ᠤᠨ ᠪᠠᠶᠢᠳᠠᠯ ᠭᠡᠨᠡᠳᠲᠡ ᠳᠡᠯᠭᠡᠷᠡᠭᠰᠡᠨ ᠬᠤᠭᠤᠴᠠᠭᠠᠨ ᠳᠤ᠂ ᠸᠢᠷᠦ᠋ᠰ ᠤᠨ ᠣᠨᠳᠣᠣᠰᠢᠯ ᠤᠨ ᠪᠠᠶᠢᠳᠠᠯ᠂ ᠬᠢᠵᠢᠭ ᠤᠨ ᠪᠠᠶᠢᠳᠠᠯ ᠳᠡᠯᠭᠡᠷᠡᠭᠰᠡᠨ ᠬᠦᠴᠦᠯᠡᠴᠡ᠂ ᠡᠮᠴᠢᠯᠡᠭᠡᠨ ᠤ ᠡᠬᠢ ᠪᠠᠶᠠᠯᠢᠭ ᠤᠨ ᠳᠠᠭᠠᠭᠠᠴᠠ ᠪᠣᠯᠣᠨ ᠨᠡᠶᠢᠭᠡᠮ ᠤᠨ ᠠᠵᠢᠯᠯᠠᠭᠠᠨ ᠤ ᠪᠠᠶᠢᠳᠠᠯ ᠵᠡᠷᠭᠡ ᠲᠠᠢ ᠤᠶᠠᠯᠳᠤᠭᠤᠯᠤᠨ ᠶᠡᠷᠦᠩᠬᠡᠶᠢᠯᠡᠭᠰᠡᠨ ᠦᠨᠡᠯᠡᠨ ᠵᠢᠱᠢᠯᠲᠡ ᠬᠢᠵᠦ᠂ ᠬᠥᠮᠥᠰ ᠤᠨ ᠬᠠᠯᠳᠠᠪᠤᠷᠢᠯᠠᠬᠤ ᠨᠤᠷᠮ᠎ᠠ ᠪᠣᠯᠣᠨ ᠡᠮᠴᠢᠯᠡᠭᠡᠨ ᠤ ᠡᠬᠢ ᠪᠠᠶᠠᠯᠢᠭ ᠤᠨ ᠪᠠᠴᠢᠮ ᠱᠠᠭᠠᠷᠳᠠᠭᠳᠠᠬᠤ ᠬᠡᠮᠵᠢᠶ᠎ᠡ ᠵᠡᠷᠭᠡ ᠶᠢ ᠦᠨᠳᠦᠰᠦᠯᠡᠨ᠂ ᠴᠠᠭ ᠲᠤᠬᠠᠢ ᠳᠤ ᠨᠢ᠂ ᠬᠠᠤᠯᠢ ᠶᠣᠰᠣᠭᠠᠷ ᠲᠦᠷ ᠴᠠᠭ ᠤᠨ ᠴᠢᠨᠠᠷᠲᠠᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠠᠪᠴᠤ ᠪᠣᠯᠣᠨ᠎ᠠ᠃ ᠰᠢᠨ᠎ᠡ ᠲᠢᠲᠢᠮᠯᠢᠭ ᠸᠢᠷᠦ᠋ᠰ ᠤᠨ ᠬᠢᠵᠢᠭ ᠤᠨ ᠪᠠᠶᠢᠳᠠᠯ ᠡᠭᠦᠰᠬᠦ᠂ ᠳᠡᠯᠭᠡᠷᠡᠬᠦ ᠦᠶ᠎ᠡ ᠳᠤ᠂ ᠪᠠᠰᠠ ᠴᠠᠭ ᠤᠨ ᠪᠠᠶᠢᠳᠠᠯ ᠳᠤ ᠲᠣᠬᠢᠷᠠᠭᠤᠯᠵᠤ᠂ ᠬᠠᠤᠯᠢ ᠶᠣᠰᠣᠭᠠᠷ᠂ ᠰᠣᠩᠭᠤᠯᠲᠠ ᠲᠠᠢ ᠪᠠᠷ ᠵᠠᠷᠢᠮ ᠪᠠᠴᠢᠮ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠠᠪᠴᠤ ᠪᠣᠯᠣᠨ᠎ᠠ᠃      ᠠᠷᠪᠠᠳᠤᠭᠠᠷ ᠬᠡᠪᠯᠡᠯ ᠤᠨ ᠰᠡᠷᠭᠡᠶᠢᠯᠡᠨ ᠡᠵᠡᠮᠳᠡᠬᠦ ᠲᠥᠰᠥᠯ ᠳᠤ ᠴᠢᠬᠤᠯᠠ ᠪᠤᠰᠤ ᠲᠣᠮᠣ ᠬᠡᠯᠪᠡᠷᠢ ᠶᠢᠨ ᠠᠵᠢᠯᠯᠠᠭ᠎ᠠ ᠶᠢ ᠲᠦᠷ ᠬᠤᠶᠢᠰᠢᠯᠠᠭᠤᠯᠬᠤ᠂ ᠲᠣᠮᠣ ᠬᠡᠯᠪᠡᠷᠢ ᠶᠢᠨ ᠵᠤᠭ᠎ᠠ ᠴᠡᠩᠭᠡᠯ ᠤᠨ ᠭᠠᠵᠠᠷ ᠤᠨ ᠡᠵᠡᠩᠨᠡᠯᠲᠡ ᠶᠢᠨ ᠠᠵᠢᠯᠯᠠᠭ᠎ᠠ ᠶᠢ ᠲᠦᠷ ᠵᠣᠭᠰᠤᠭᠠᠬᠤ ᠶᠢ ᠪᠠᠭᠲᠠᠭᠠᠭᠰᠠᠨ ᠡᠳᠦᠢ ᠲᠡᠳᠦᠢ ᠠᠷᠭ᠎ᠠ ᠬᠡᠮᠵᠢᠶ᠎ᠡ ᠶᠢ ᠵᠢᠭᠰᠠᠭᠠᠪᠠ︔ ᠮᠦᠽᠧᠢ᠂ ᠤᠷᠠᠯᠢᠭ ᠤᠨ ᠣᠷᠳᠣᠨ ᠵᠡᠷᠭᠡ ᠭᠡᠷ ᠳᠣᠲᠣᠷᠠᠬᠢ ᠤᠯᠠᠨ ᠨᠡᠶᠢᠲᠡ ᠶᠢᠨ ᠲᠠᠯᠠᠪᠤᠷ ᠲᠤ ᠬᠥᠮᠥᠨ ᠤ ᠲᠤᠭ᠎ᠠ ᠶᠢ ᠬᠢᠵᠠᠭᠠᠷᠯᠠᠬᠤ ᠠᠷᠭ᠎ᠠ ᠬᠡᠮᠵᠢᠶ᠎ᠡ ᠠᠪᠤᠨ᠎ᠠ︔ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ᠂ ᠨᠡᠶᠢᠭᠡᠮ ᠤᠨ ᠠᠰᠠᠷᠠᠮᠵᠢ ᠶᠢᠨ ᠪᠠᠶᠢᠭᠤᠯᠤᠮᠵᠢ ᠵᠡᠷᠭᠡ ᠪᠠᠭᠤᠷᠠᠢ ᠬᠥᠮᠥᠰ ᠲᠥᠪᠯᠡᠷᠡᠭᠰᠡᠨ ᠲᠠᠯᠠᠪᠤᠷ ᠢ ᠴᠢᠩᠭ᠎ᠠ ᠬᠠᠮᠢᠶᠠᠷᠤᠨ᠎ᠠ︔ ᠣᠷᠭᠢᠯ ᠦᠶ᠎ᠡ ᠶᠢ ᠵᠥᠷᠢᠭᠦᠯᠦᠨ ᠠᠵᠢᠯ ᠳᠤ ᠪᠠᠨ ᠭᠠᠷᠬᠤ ᠪᠠ ᠠᠵᠢᠯ ᠠᠴᠠ ᠪᠠᠨ ᠪᠠᠭᠤᠬᠤ᠂ ᠤᠶᠠᠨ ᠬᠠᠳᠠᠨ ᠢᠶᠠᠷ ᠠᠵᠢᠯᠯᠠᠬᠤ ᠳᠦᠷᠢᠮ ᠢ ᠬᠡᠷᠡᠭᠵᠢᠭᠦᠯᠬᠦ ᠪᠤᠶᠤ ᠭᠡᠷ ᠲᠤ ᠪᠠᠨ ᠰᠠᠭᠤᠵᠤ ᠠᠵᠢᠯᠯᠠᠬᠤ ᠵᠡᠷᠭᠡ ᠠᠷᠭ᠎ᠠ ᠬᠡᠮᠵᠢᠶ᠎ᠡ ᠠᠪᠤᠨ᠎ᠠ︔ ᠪᠠᠰᠠ ᠰᠤᠷᠭᠠᠨ ᠬᠥᠮᠦᠵᠢᠯ ᠤᠨ ᠪᠠᠶᠢᠭᠤᠯᠤᠮᠵᠢ ᠠᠴᠠ ᠲᠦᠷ ᠴᠠᠭ ᠤᠨ ᠴᠢᠨᠠᠷᠲᠠᠢ ᠰᠦᠯᠵᠢᠶᠡᠨ ᠳᠡᠭᠡᠷᠡᠬᠢ ᠵᠢᠭᠠᠨ ᠰᠤᠷᠭᠠᠯᠲᠠ ᠶᠢ ᠶᠠᠪᠤᠭᠤᠯᠤᠨ᠎ᠠ᠃ ᠬᠢᠵᠢᠭ ᠤᠨ ᠪᠠᠶᠢᠳᠠᠯ ᠨᠠᠮᠳᠠᠬᠤ ᠳᠤ ᠬᠦᠷᠪᠡᠯ᠂ ᠲᠤᠬᠠᠢ ᠶᠢᠨ ᠭᠠᠵᠠᠷ ᠤᠨ ᠵᠠᠰᠠᠭ ᠤᠨ ᠣᠷᠳᠣᠨ ᠠᠴᠠ ᠪᠠᠴᠢᠮ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠬᠦᠴᠦᠨ ᠦᠭᠡᠢ ᠪᠣᠯᠭᠠᠬᠤ ᠪᠠᠷ ᠴᠠᠭ ᠲᠤᠬᠠᠢ ᠳᠤ ᠨᠢ ᠵᠠᠷᠯᠠᠬᠤ ᠬᠡᠷᠡᠭᠲᠡᠢ᠃      — — ᠸᠢᠷᠦ᠋ᠰ ᠤᠨ ᠣᠨᠳᠣᠣᠰᠢᠯ ᠤᠨ ᠬᠢᠨᠠᠨ ᠰᠢᠨᠵᠢᠯᠡᠯᠲᠡ — —      ᠰᠢᠨ᠎ᠡ ᠲᠢᠲᠢᠮᠯᠢᠭ ᠸᠢᠷᠦ᠋ᠰ ᠤᠨ ᠣᠨᠳᠣᠣᠰᠢᠯ ᠤᠨ ᠪᠠᠶᠢᠳᠠᠯ ᠢ ᠬᠡᠷᠬᠢᠨ ᠬᠠᠮᠤᠭ ᠤᠨ ᠲᠡᠷᠢᠭᠦᠨ ᠳᠤ ᠬᠢᠨᠠᠨ ᠰᠢᠨᠵᠢᠯᠡᠬᠦ ᠪᠤᠢ︖      ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠰᠢᠨ᠎ᠡ ᠱᠠᠲᠤᠨ ᠳᠤ ᠣᠷᠣᠭᠰᠠᠨ ᠠᠴᠠ ᠨᠠᠭᠠᠰᠢ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠰᠠᠯᠠᠭ᠎ᠠ ᠮᠥᠴᠢᠷ ᠤᠨ ᠬᠢᠨ ᠰᠢᠨ᠎ᠡ ᠲᠢᠲᠢᠮᠯᠢᠭ ᠸᠢᠷᠦ᠋ᠰ ᠤᠨ ᠣᠨᠳᠣᠣᠰᠢᠯ ᠢ ᠬᠢᠨᠠᠨ ᠰᠢᠨᠵᠢᠯᠡᠬᠦ ᠠᠵᠢᠯ ᠤᠨ ᠲᠥᠰᠥᠯ ᠢᠶᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠤᠤᠯ ᠤᠨ ᠠᠵᠢᠯ ᠤᠨ ᠰᠠᠭᠤᠷᠢᠨ ᠳᠡᠭᠡᠷ᠎ᠡ᠂ ᠬᠢᠯᠢ ᠪᠠᠷ ᠣᠷᠣᠵᠤ ᠢᠷᠡᠭᠰᠡᠨ ᠬᠥᠮᠥᠰ᠂ ᠡᠮᠨᠡᠯᠭᠡ ᠳᠤ ᠣᠴᠢᠬᠤ ᠡᠪᠡᠳᠴᠢᠲᠡᠳ᠂ ᠭᠤᠣᠯᠳᠠᠯᠭ᠎ᠠ ᠲᠠᠢ ᠲᠠᠯᠠᠪᠤᠷ ᠭᠠᠵᠠᠷ ᠪᠣᠯᠣᠨ ᠭᠤᠣᠯᠳᠠᠯᠭ᠎ᠠ ᠲᠠᠢ ᠬᠥᠮᠥᠰ ᠲᠤ ᠥᠷᠨᠢᠭᠦᠯᠬᠦ ᠦᠯᠢᠭᠡᠷ ᠠᠪᠴᠤ ᠰᠢᠯᠭᠠᠨ ᠪᠠᠶᠢᠴᠠᠭᠠᠯᠭᠠᠬᠤ ᠪᠠ ᠭᠧᠨ ᠤ ᠳᠠᠷᠠᠭᠠᠯᠠᠯ ᠢ ᠰᠢᠯᠭᠠᠨ ᠪᠠᠶᠢᠴᠠᠭᠠᠬᠤ ᠠᠵᠢᠯ ᠢ ᠴᠢᠩᠭᠠᠳᠬᠠᠪᠠ᠃ ᠭᠠᠳᠠᠭᠠᠳᠤ ᠠᠴᠠ ᠣᠷᠣᠵᠤ ᠢᠷᠡᠭᠰᠡᠨ ᠡᠪᠡᠳᠴᠢᠨ ᠤ ᠵᠢᠱᠢᠶ᠎ᠡ ᠶᠢ ᠬᠢᠨᠠᠨ ᠰᠢᠨᠵᠢᠯᠡᠬᠦ ᠲᠠᠯ᠎ᠠ ᠪᠠᠷ᠂ ᠪᠣᠭᠤᠮᠲᠠ ᠯᠤᠭ᠎ᠠ ᠶᠢᠨ ᠨᠢᠭᠲᠠ ᠬᠠᠮᠲᠤᠷᠠᠯᠴᠠᠭ᠎ᠠ ᠪᠠᠨ ᠴᠢᠩᠭᠠᠳᠬᠠᠵᠠᠢ᠃ ᠲᠤᠬᠠᠢ ᠶᠢᠨ ᠭᠠᠵᠠᠷ ᠤᠨ ᠡᠪᠡᠳᠴᠢᠨ ᠤ ᠵᠢᠱᠢᠶ᠎ᠡ ᠶᠢ ᠬᠢᠨᠠᠨ ᠰᠢᠨᠵᠢᠯᠡᠬᠦ ᠲᠠᠯ᠎ᠠ ᠪᠠᠷ᠂ ᠮᠤᠵᠢ ᠨᠢᠭᠡᠪᠦᠷᠢ ᠬᠡᠰᠡᠭ ᠬᠤᠲᠠ ᠪᠠ ᠡᠮᠨᠡᠯᠭᠡ ᠶᠢᠨ ᠬᠤᠷᠢᠶ᠎ᠠ ᠶᠢ ᠰᠣᠩᠭᠤᠨ ᠬᠢᠨᠠᠨ ᠰᠢᠨᠵᠢᠯᠡᠬᠦ ᠴᠡᠭ ᠪᠣᠯᠭᠠᠵᠤ᠂ ᠡᠭᠦᠳᠡᠨ ᠡᠮᠨᠡᠯᠭᠡ ᠶᠢᠨ ᠡᠪᠡᠳᠴᠢᠨ ᠤ ᠵᠢᠱᠢᠶ᠎ᠡ᠂ ᠬᠦᠨᠳᠦ ᠡᠪᠡᠳᠴᠢᠲᠡᠨ ᠪᠠ ᠨᠠᠰᠤ ᠪᠠᠷᠠᠭᠰᠠᠨ ᠡᠪᠡᠳᠴᠢᠨ ᠤ ᠵᠢᠱᠢᠶ᠎ᠡ ᠳᠤ ᠵᠣᠬᠢᠬᠤ ᠲᠤᠭ᠎ᠠ ᠬᠡᠮᠵᠢᠶᠡᠨ ᠤ ᠰᠢᠨ᠎ᠡ ᠲᠢᠲᠢᠮᠯᠢᠭ ᠸᠢᠷᠦ᠋ᠰ ᠲᠤ ᠬᠠᠯᠳᠠᠪᠤᠷᠢᠯᠠᠭᠳᠠᠭᠰᠠᠨ ᠡᠪᠡᠳᠴᠢᠨ ᠤ ᠵᠢᠱᠢᠶ᠎ᠡ ᠶᠢᠨ ᠥᠯᠢᠭᠡᠷ ᠠᠪᠬᠤ ᠪᠠ ᠭᠧᠨ ᠤ ᠳᠠᠷᠠᠭᠠᠯᠠᠯ ᠢ ᠨᠢ ᠬᠡᠮᠵᠢᠨ ᠲᠣᠭᠲᠠᠭᠠᠵᠤ᠂ ᠰᠢᠨ᠎ᠡ ᠲᠢᠲᠢᠮᠯᠢᠭ ᠸᠢᠷᠦ᠋ᠰ ᠤᠨ ᠣᠨᠳᠣᠣᠰᠢᠬᠤ ᠬᠠᠨᠳᠤᠰᠢ ᠶᠢ ᠬᠥᠳᠡᠯᠦᠩᠭᠦᠢ ᠪᠠᠷ ᠬᠢᠨᠠᠨ ᠰᠢᠨᠵᠢᠯᠡᠵᠦ᠂ ᠣᠨᠳᠣᠣᠰᠢᠭᠰᠠᠨ ᠰᠢᠨ᠎ᠡ ᠸᠢᠷᠦ᠋ᠰ ᠢ ᠴᠠᠭ ᠲᠤᠬᠠᠢ ᠳᠤ ᠨᠢ ᠢᠯᠡᠷᠡᠭᠦᠯᠬᠦ ᠶᠢᠨ ᠬᠠᠮᠲᠤ ᠲᠡᠭᠦᠨ ᠤ ᠠᠮᠢᠳᠤ ᠪᠣᠳᠠᠰ ᠤᠨ ᠰᠤᠳᠤᠯᠤᠯ ᠤᠨ ᠥᠪᠡᠷᠮᠢᠴᠡ ᠴᠢᠨᠠᠷ ᠤᠨ ᠬᠤᠪᠢᠷᠠᠯᠲᠠ ᠶᠢ ᠦᠨᠡᠯᠡᠨ ᠵᠢᠱᠢᠵᠦ᠂ ᠬᠢᠵᠢᠭ ᠤᠨ ᠪᠠᠶᠢᠳᠠᠯ ᠢ ᠰᠤᠳᠤᠯᠤᠨ ᠮᠠᠭᠠᠳᠯᠠᠬᠤ᠂ ᠪᠠᠶᠢᠴᠠᠭᠠᠨ ᠰᠢᠯᠭᠠᠬᠤ ᠤᠷᠪᠠᠯᠵᠢ᠂ ᠸᠠᠺᠼᠢᠨ ᠪᠠ ᠡᠮ ᠢ ᠰᠤᠳᠤᠯᠤᠨ ᠨᠡᠭᠡᠭᠡᠬᠦ ᠵᠢᠴᠢ ᠦᠨᠡᠯᠡᠬᠦ ᠵᠡᠷᠭᠡ ᠳᠤ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠨ᠎ᠠ᠃      XBB ᠤᠨ ᠣᠳᠣᠬᠠᠨ ᠳᠤ ᠢᠯᠡᠷᠡᠭᠰᠡᠨ ᠣᠨᠴᠠᠯᠢᠭ ᠨᠢ ᠶᠠᠭᠤ ᠪᠤᠢ︖ ᠡᠪᠡᠳᠴᠢᠯᠡᠭᠦᠯᠬᠦ ᠴᠢᠳᠠᠯ ᠪᠠ ᠬᠤᠣᠷᠲᠤ ᠴᠢᠨᠠᠷ ᠨᠢ ᠴᠢᠩᠭᠠᠷᠠᠭᠰᠠᠨ ᠤᠤ︖      ᠰᠢᠨ᠎ᠡ ᠲᠢᠲᠢᠮᠯᠢᠭ ᠸᠢᠷᠦ᠋ᠰ ᠤᠨ ᠬᠢᠵᠢᠭ ᠤᠨ ᠪᠠᠶᠢᠳᠠᠯ ᠢᠯᠡᠷᠡᠭᠰᠡᠨ ᠠᠴᠠ ᠨᠠᠭᠠᠰᠢ᠂ ᠮᠠᠨ ᠤ ᠤᠯᠤᠰ ᠰᠢᠨ᠎ᠡ ᠲᠢᠲᠢᠮᠯᠢᠭ ᠸᠢᠷᠦ᠋ᠰ ᠢ ᠬᠢᠨᠠᠨ ᠰᠢᠨᠵᠢᠯᠡᠬᠦ ᠠᠵᠢᠯ ᠢ ᠥᠷᠨᠢᠭᠦᠯᠦᠭᠰᠡᠭᠡᠷ ᠢᠷᠡᠵᠡᠶ᠃ ᠪᠦᠬᠦ ᠪᠥᠮᠪᠥᠷᠴᠡᠭ ᠤᠨ ᠪᠠᠶᠢᠳᠠᠯ ᠠᠴᠠ ᠦᠵᠡᠪᠡᠯ᠂ XBB ᠰᠢᠷᠢᠰ ᠣᠨᠳᠣᠣᠰᠢᠭᠰᠠᠨ ᠸᠢᠷᠦ᠋ᠰ ᠨᠢ ᠭᠤᠣᠯᠳᠠᠭᠤ ᠠᠮᠧᠷᠢᠺᠠ᠂ ᠡᠨᠡᠳᠬᠡᠭ᠂ ᠮᠠᠯᠠᠶᠢᠰᠢᠶ᠎ᠠ ᠪᠣᠯᠣᠨ ᠰᠢᠩᠭᠠᠫᠤᠷ ᠵᠡᠷᠭᠡ ᠤᠯᠤᠰ ᠲᠤ ᠳᠡᠯᠭᠡᠷᠡᠵᠦ ᠪᠠᠶᠢᠨ᠎ᠠ᠃ ᠣᠶᠢᠷ᠎ᠠ ᠶᠢᠨ ᠬᠤᠭᠤᠴᠠᠭᠠᠨ ᠳᠤ᠂ XBB ᠨᠢ ᠳᠡᠯᠭᠡᠷᠡᠬᠦ ᠶᠠᠪᠤᠴᠠ ᠳᠤ ᠪᠠᠰᠠ ᠨᠢᠭᠡᠨ ᠰᠢᠨ᠎ᠡ ᠳᠡᠳ᠋ ᠰᠠᠯᠪᠤᠷᠢ XBB.1.5 ᠪᠣᠶ ᠪᠣᠯᠵᠠᠢ᠂ ᠡᠨᠡ ᠬᠦ ᠬᠤᠪᠢᠰᠤᠭᠰᠠᠨ ᠰᠠᠯᠪᠤᠷᠢ ᠸᠢᠷᠦ᠋ᠰ ᠨᠢ ᠠᠮᠧᠷᠢᠺᠠ ᠶᠢᠨ ᠣᠳᠣᠬᠠᠨ ᠤ ᠰᠢᠨ᠎ᠡ ᠲᠢᠲᠢᠮᠯᠢᠭ ᠸᠢᠷᠦ᠋ᠰ ᠲᠤ ᠨᠡᠷᠪᠡᠭᠳᠡᠭᠰᠡᠳ ᠤᠨ ᠳᠣᠲᠣᠷ᠎ᠠ ᠨᠡᠯᠢᠶᠡᠳ ᠥᠨᠳᠥᠷ ᠬᠠᠷᠢᠴᠠᠯ ᠲᠠᠢ ᠪᠠᠶᠢᠭ᠎ᠠ ᠪᠥᠭᠡᠳ ᠨᠡᠮᠡᠭᠳᠡᠬᠦ ᠬᠠᠨᠳᠤᠰᠢ ᠲᠠᠢ ᠪᠠᠶᠢᠨ᠎ᠠ᠃ ᠠᠮᠧᠷᠢᠺᠠ ᠶᠢᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠠᠴᠠ ᠬᠢᠨᠠᠨ ᠰᠢᠨᠵᠢᠯᠡᠭᠰᠡᠨ ᠢᠶᠠᠷ ᠢᠷᠡᠭᠡᠳᠦᠢ ᠶᠢᠨ ᠬᠡᠳᠦᠨ ᠭᠠᠷᠠᠭ ᠤᠨ ᠳᠣᠲᠣᠷ᠎ᠠ XBB.1.5 ᠨᠢ ᠣᠳᠣᠬᠠᠨ ᠤ ᠠᠮᠧᠷᠢᠺᠠ ᠳᠤ ᠳᠡᠯᠭᠡᠷᠡᠵᠦ ᠪᠠᠶᠢᠭ᠎ᠠ BQ.1 ᠪᠣᠯᠣᠨ BQ.1.1 ᠶᠢ ᠣᠷᠣᠯᠠᠵᠤ᠂ ᠠᠮᠧᠷᠢᠺᠠ ᠳᠤ ᠳᠡᠯᠭᠡᠷᠡᠬᠦ ᠭᠤᠣᠯ ᠣᠨᠳᠣᠣᠰᠢᠭᠰᠠᠨ ᠸᠢᠷᠦ᠋ᠰ ᠪᠣᠯᠵᠤ ᠮᠡᠳᠡᠨ᠎ᠡ  ᠭᠡᠵᠦ ᠵᠢᠱᠢᠵᠦ ᠪᠠᠶᠢᠨ᠎ᠠ᠃      2023 ᠣᠨ ᠤ 1 ᠳ᠋ᠦ᠋ᠭᠡᠷ ᠰᠠᠷ᠎ᠠ ᠶᠢᠨ 7 ᠤ ᠡᠳᠦᠷ ᠪᠣᠯᠲᠠᠯ᠎ᠠ᠂ ᠪᠥᠬᠦ ᠳᠡᠯᠡᠬᠡᠢ ᠶᠢᠨ 35 ᠤᠯᠤᠰ ᠪᠠ ᠭᠠᠵᠠᠷ ᠣᠷᠣᠨ ᠳᠤ XBB.1.5 ᠶᠢ ᠬᠢᠨᠠᠨ ᠰᠢᠨᠵᠢᠯᠡᠵᠦ ᠣᠯᠣᠭᠰᠠᠨ ᠪᠠᠶᠢᠨ᠎ᠠ᠃ ᠮᠠᠨ ᠤ ᠤᠯᠤᠰ ᠤᠨ ᠬᠢᠨᠠᠨ ᠰᠢᠨᠵᠢᠯᠡᠭᠰᠡᠨ ᠲᠤᠭ᠎ᠠ ᠪᠠᠷᠢᠮᠲᠠ ᠶᠢᠨ ᠢᠯᠡᠷᠡᠭᠦᠯᠦᠭᠰᠡᠨ ᠢᠶᠠᠷ᠂ 2022 ᠣᠨ ᠤ 8 ᠳ᠋ᠤᠭᠠᠷ ᠰᠠᠷ᠎ᠠ ᠶᠢᠨ 1 ᠤ ᠡᠳᠦᠷ ᠠᠴᠠ ᠣᠲᠣ ᠪᠣᠯᠲᠠᠯ᠎ᠠ᠂ ᠮᠠᠨ ᠤ ᠤᠯᠤᠰ XBB ᠤᠨ ᠬᠤᠯᠪᠣᠭᠳᠠᠯ ᠪᠦᠬᠦᠢ ᠲᠤᠬᠠᠢ ᠶᠢᠨ ᠭᠠᠵᠠᠷ ᠤᠨ 16 ᠡᠪᠡᠳᠴᠢᠨ ᠤ ᠵᠢᠱᠢᠶ᠎ᠡ ᠶᠢ ᠬᠢᠨᠠᠨ ᠰᠢᠨᠵᠢᠯᠡᠵᠦ ᠣᠯᠣᠭᠰᠠᠨ ᠪᠥᠭᠡᠳ ᠴᠥᠮ XBB.1 ᠶᠢᠨ ᠬᠤᠪᠢᠰᠤᠭᠰᠠᠨ ᠰᠠᠯᠪᠤᠷᠢ ᠪᠣᠯᠣᠨ᠎ᠠ᠃ ᠤᠯᠠᠨ ᠵᠦᠢᠯ ᠤᠨ ᠰᠤᠳᠤᠯᠭᠠᠨ ᠤ ᠦᠷ᠎ᠡ ᠳ᠋ᠦᠩ ᠠᠴᠠ ᠠᠪᠴᠤ ᠦᠵᠡᠪᠡᠯ᠂ XBB ᠤᠨ ᠬᠤᠪᠢᠰᠤᠭᠰᠠᠨ ᠰᠠᠯᠪᠤᠷᠢ ᠶᠢ ᠨᠢ ᠬᠠᠮᠤᠭ ᠤᠨ ᠡᠷᠲᠡ ᠢᠯᠡᠷᠡᠭᠦᠯᠦᠭᠰᠡᠨ ᠠᠩᠬᠠᠨ ᠤ ᠸᠢᠷᠦ᠋ᠰ ᠪᠠ ᠡᠭᠦᠨ ᠠᠴᠠ ᠡᠮᠦᠨᠡᠬᠢ ᠬᠥᠮᠥᠰ ᠤᠨ ᠠᠩᠬᠠᠷᠤᠯ ᠲᠠᠯᠪᠢᠵᠤ ᠪᠠᠶᠢᠭᠰᠠᠨ ᠣᠨᠳᠣᠣᠰᠢᠭᠰᠠᠨ ᠸᠢᠷᠦ᠋ᠰ ᠪᠣᠯᠬᠤ ᠳ᠋ᠧᠯᠲ᠋ᠠ ᠣᠨᠳᠣᠣᠰᠢᠭᠰᠠᠨ ᠸᠢᠷᠦ᠋ᠰ ᠪᠠ ᠤᠮᠢᠺᠷᠤᠨ ᠮᠡᠲᠦ ᠶᠢᠨ ᠡᠷᠲᠡ ᠢᠯᠡᠷᠡᠭᠦᠯᠦᠭᠰᠡᠨ ᠬᠡᠳᠦᠨ ᠬᠤᠪᠢᠰᠤᠭᠰᠠᠨ ᠰᠠᠯᠪᠤᠷᠢ ᠲᠠᠢ ᠬᠠᠷᠢᠴᠠᠭᠤᠯᠪᠠᠯ ᠡᠭᠡᠯᠢᠯᠡᠭᠡ ᠶᠢᠨ ᠳᠤᠲᠠᠭᠠᠨ ᠵᠠᠶᠢᠯᠠᠬᠤ ᠴᠢᠳᠠᠪᠤᠷᠢ ᠨᠢ ᠢᠯᠡᠳᠲᠡ ᠨᠡᠮᠡᠭᠳᠡᠵᠡᠢ᠂ ᠡᠨᠡ ᠨᠢ ᠮᠥᠨ ᠴᠦ XBB ᠤᠨ ᠠᠮᠧᠷᠢᠺᠠ ᠵᠡᠷᠭᠡ ᠤᠯᠤᠰ ᠲᠠᠬᠢ ᠬᠠᠯᠳᠠᠪᠤᠷᠢᠯᠠᠯ ᠤᠨ ᠲᠦᠭᠰᠢᠭᠦᠷᠢ ᠶᠢ ᠢᠯᠡᠳᠲᠡ ᠨᠡᠮᠡᠭᠳᠡᠭᠦᠯᠬᠦ ᠬᠠᠨᠳᠤᠰᠢ ᠶᠢ ᠪᠤᠢ ᠪᠣᠯᠭᠠᠭᠰᠠᠨ ᠪᠠᠶᠢᠨ᠎ᠠ᠃ ᠣᠳᠣᠬᠠᠨ ᠤ ᠮᠡᠳᠡᠭᠡᠯᠡᠯ ᠪᠠ ᠰᠤᠳᠤᠯᠭᠠᠨ ᠠᠴᠠ ᠦᠵᠡᠪᠡᠯ᠂ XBB ᠰᠢᠷᠢᠰ ᠣᠨᠳᠣᠣᠰᠢᠭᠰᠠᠨ ᠸᠢᠷᠦ᠋ᠰ ᠲᠤ ᠬᠠᠯᠳᠠᠪᠤᠷᠢᠯᠠᠭᠳᠠᠭᠰᠠᠨ ᠬᠦᠨᠳᠦ ᠡᠪᠡᠳᠴᠢᠨ ᠪᠠ ᠨᠠᠰᠤ ᠪᠠᠷᠠᠭᠰᠠᠨ ᠡᠪᠡᠳᠴᠢᠨ ᠤ ᠵᠢᠱᠢᠶ᠎ᠡ ᠶᠢᠨ ᠨᠡᠮᠡᠭᠳᠡᠭᠰᠡᠨ ᠪᠠᠶᠢᠳᠠᠯ ᠠᠵᠢᠭᠯᠠᠭᠳᠠᠭᠰᠠᠨ ᠦᠭᠡᠢ᠂ ᠥᠭᠡᠷ᠎ᠡ ᠪᠠᠷ ᠬᠡᠯᠡᠪᠡᠯ ᠲᠡᠭᠦᠨ ᠤ ᠡᠪᠡᠳᠴᠢᠯᠡᠭᠦᠯᠬᠦ ᠴᠢᠳᠠᠯ ᠨᠢ ᠢᠯᠡᠷᠬᠡᠢ ᠨᠡᠮᠡᠭᠳᠡᠭᠰᠡᠨ ᠦᠭᠡᠢ᠃      ᠶᠠᠭᠤᠨ ᠳᠤ ᠬᠤᠳᠠ ᠶᠢᠨ ᠪᠣᠬᠢᠷ ᠤᠰᠤ ᠶᠢ ᠬᠢᠨᠠᠨ ᠰᠢᠨᠵᠢᠯᠡᠬᠦ ᠠᠷᠭ᠎ᠠ ᠶᠢ ᠠᠪᠬᠤ ᠪᠤᠢ︖      ᠰᠠᠭᠤᠭᠠᠯᠢ ᠠᠷᠠᠳ ᠤᠨ ᠠᠰᠠᠷ ᠤᠨ ᠪᠣᠬᠢᠷ ᠤᠰᠤᠨ ᠳᠤ ᠰᠢᠨ᠎ᠡ ᠲᠢᠲᠢᠮᠯᠢᠭ ᠸᠢᠷᠦ᠋ᠰ ᠤᠨ ᠬᠢᠨᠠᠨ ᠰᠢᠨᠵᠢᠯᠡᠯᠲᠡ ᠬᠢᠬᠦ ᠨᠢ ᠲᠤᠬᠠᠢ ᠶᠢᠨ ᠰᠠᠭᠤᠭᠠᠯᠢ ᠠᠷᠠᠳ ᠤᠨ ᠠᠰᠠᠷ ᠤᠨ ᠬᠢᠨᠠᠨ ᠰᠢᠨᠵᠢᠯᠡᠵᠦ ᠤᠷᠢᠳᠴᠢᠯᠠᠨ ᠰᠡᠷᠡᠮᠵᠢᠯᠡᠭᠦᠯᠬᠦ ᠦᠢᠯᠡᠳᠦᠯ ᠢ ᠨᠠᠩ ᠰᠠᠶᠢᠨ ᠪᠠᠳᠠᠷᠠᠭᠤᠯᠵᠤ ᠪᠣᠯᠬᠤ ᠶᠤᠮ᠂ ᠰᠢᠶᠠᠩᠭᠠᠩ ᠨᠡᠶᠢᠭᠡᠮ ᠲᠣᠭᠤᠷᠢᠭ ᠤᠨ ᠪᠣᠬᠢᠷ ᠤᠰᠤ ᠶᠢ ᠬᠢᠨᠠᠨ ᠰᠢᠨᠵᠢᠯᠡᠬᠦ ᠪᠠᠷ ᠳᠠᠮᠵᠢᠭᠤᠯᠤᠨ᠂ ᠬᠠᠯᠳᠠᠪᠤᠷᠢᠯᠠᠭᠰᠠᠳ ᠣᠷᠣᠰᠢᠵᠤ ᠮᠡᠳᠡᠬᠦ ᠣᠷᠣᠨ ᠪᠦᠰᠡ ᠶᠢ ᠴᠠᠭ ᠲᠤᠬᠠᠢ ᠳᠤ ᠨᠢ ᠢᠯᠡᠷᠡᠭᠦᠯᠵᠦ᠂ ᠠᠷᠭ᠎ᠠ ᠴᠢᠨᠠᠷᠲᠠᠢ ᠬᠠᠯᠳᠠᠪᠤᠷᠢᠯᠠᠭᠰᠠᠳ ᠢ ᠤᠯᠠᠮ ᠨᠢᠭᠡ ᠠᠯᠬᠤᠮ ᠮᠥᠷᠳᠡᠨ ᠢᠯᠡᠷᠡᠭᠦᠯᠵᠦ᠂ ᠵᠣᠬᠢᠬᠤ ᠬᠢᠵᠠᠭᠠᠷᠯᠠᠬᠤ ᠠᠷᠭ᠎ᠠ ᠬᠡᠮᠵᠢᠶ᠎ᠡ ᠠᠪᠴᠦ ᠪᠠᠶᠢᠨ᠎ᠠ᠂ ᠡᠭᠦᠨ ᠢ ᠭᠤᠣᠯᠳᠠᠭᠤ ᠬᠢᠵᠢᠭ ᠤᠨ ᠪᠠᠶᠢᠳᠠᠯ ᠤᠨ ᠡᠬᠢᠨ ᠤ ᠬᠤᠭᠤᠴᠠᠭᠠᠨ ᠳᠤ ᠬᠠᠷᠠᠬᠠᠨ ᠶᠡᠭᠡ ᠬᠡᠪᠴᠢᠶ᠎ᠡ ᠪᠠᠷ ᠳᠡᠯᠭᠡᠷᠡᠭᠡ ᠦᠭᠡᠢ ᠦᠶ᠎ᠡ ᠳᠤ ᠬᠡᠷᠡᠭᠯᠡᠨ᠎ᠡ᠃ ᠪᠣᠬᠢᠷ ᠤᠰᠤ ᠶᠢ ᠴᠡᠪᠠᠷᠰᠢᠭᠦᠯᠬᠦ ᠦᠢᠯᠡᠳᠪᠦᠷᠢ ᠳᠤ ᠰᠢᠨ᠎ᠡ ᠲᠢᠲᠢᠮᠯᠢᠭ ᠸᠢᠷᠦ᠋ᠰ ᠤᠨ ᠬᠢᠨᠠᠨ ᠰᠢᠨᠵᠢᠯᠡᠯᠲᠡ ᠶᠢ ᠥᠷᠨᠢᠭᠦᠯᠪᠡᠯ᠂ ᠬᠠᠷᠢᠶ᠎ᠠ ᠲᠣᠭᠤᠷᠢᠭ ᠤᠨ ᠨᠠᠩ ᠶᠡᠭᠡ ᠬᠡᠪᠴᠢᠶᠡᠨ ᠳᠠᠬᠢ ᠬᠥᠮᠥᠰ ᠤᠨ ᠰᠢᠨ᠎ᠡ ᠲᠢᠲᠢᠮᠯᠢᠭ ᠸᠢᠷᠦ᠋ᠰ ᠲᠤ ᠬᠠᠯᠳᠠᠪᠤᠷᠢᠯᠠᠭᠳᠠᠬᠤ ᠬᠠᠨᠳᠤᠰᠢ ᠶᠢᠨ ᠬᠤᠪᠢᠷᠠᠯᠲᠠ ᠶᠢ ᠦᠨᠡᠯᠡᠨ ᠵᠢᠱᠢᠵᠦ ᠪᠣᠯᠣᠨ᠎ᠠ᠂ ᠡᠭᠦᠨ ᠢ ᠨᠠᠩ ᠣᠷᠳᠣ ᠬᠤᠭᠤᠴᠠᠭ᠎ᠠ ᠪᠠ ᠨᠠᠩ ᠶᠡᠭᠡ ᠬᠡᠪᠴᠢᠶᠡᠨ ᠤ ᠬᠢᠨᠠᠨ ᠰᠢᠨᠵᠢᠯᠡᠯᠲᠡ ᠳᠤ ᠬᠡᠷᠡᠭᠯᠡᠵᠦ ᠪᠣᠯᠣᠨ᠎ᠠ᠃ ᠨᠡᠶᠢᠭᠡᠮ ᠲᠣᠭᠤᠷᠢᠭ ᠲᠤ ᠬᠢᠨᠠᠨ ᠰᠢᠨᠵᠢᠯᠡᠬᠦ ᠴᠡᠭ ᠪᠠᠶᠢᠷᠢᠯᠠᠭᠤᠯᠬᠤ ᠪᠠ ᠪᠣᠬᠢᠷ ᠤᠰᠤ ᠶᠢ ᠴᠡᠪᠠᠷᠰᠢᠭᠦᠯᠬᠦ ᠦᠢᠯᠡᠳᠪᠦᠷᠢ ᠳᠤ ᠬᠢᠨᠠᠨ ᠰᠢᠨᠵᠢᠯᠡᠬᠦ ᠴᠡᠭ ᠪᠠᠶᠢᠷᠢᠯᠠᠭᠤᠯᠬᠤ ᠵᠣᠷᠢᠯᠭ᠎ᠠ ᠨᠢ ᠲᠣᠰ ᠲᠣᠰ ᠤᠨ ᠬᠢᠨᠢ ᠭᠤᠣᠯᠳᠠᠯᠭ᠎ᠠ ᠲᠠᠢ ᠶᠤᠮ᠃ ᠣᠳᠣᠬᠢ ᠱᠠᠲᠤᠨ ᠳᠤ᠂ ᠮᠠᠨ ᠤ ᠤᠯᠤᠰ ᠤᠨ ᠳᠣᠲᠣᠷ᠎ᠠ ᠭᠠᠵᠠᠷ ᠤᠨ ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠨᠢ ᠮᠥᠨ ᠬᠦ ᠳᠡᠯᠭᠡᠷᠡᠬᠦ ᠱᠠᠲᠤᠨ ᠳᠤ ᠪᠠᠨ ᠣᠷᠣᠰᠢᠵᠤ ᠪᠠᠶᠢᠨ᠎ᠠ᠂ ᠡᠶᠢᠮᠦ ᠠᠴᠠ ᠪᠢᠳᠡ ᠪᠥᠬᠦ ᠤᠯᠤᠰ ᠤᠨ ᠨᠥᠬᠦᠴᠡᠯ ᠲᠠᠢ ᠬᠤᠲᠠ ᠳᠤ ᠪᠣᠬᠢᠷ ᠤᠰᠤ ᠶᠢ ᠬᠢᠨᠠᠨ ᠬᠡᠮᠵᠢᠬᠦ ᠠᠵᠢᠯ ᠢ ᠥᠷᠨᠢᠭᠦᠯᠵᠦ᠂ ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠤᠨ ᠬᠦᠴᠦᠯᠡᠴᠡ᠂ ᠬᠤᠪᠢᠷᠠᠯᠲᠠ ᠶᠢᠨ ᠬᠠᠨᠳᠤᠰᠢ ᠵᠡᠷᠭᠡ ᠪᠠᠶᠢᠳᠠᠯ ᠢ ᠬᠠᠪᠰᠤᠷᠤᠨ ᠦᠨᠡᠯᠡᠨ ᠵᠢᠱᠢᠵᠦ᠂ ᠬᠢᠵᠢᠭ ᠤᠨ ᠪᠠᠶᠢᠳᠠᠯ ᠢ ᠰᠤᠳᠤᠯᠤᠨ ᠮᠠᠭᠠᠳᠯᠠᠬᠤ ᠪᠠ ᠰᠡᠷᠭᠡᠶᠢᠯᠡᠨ ᠡᠵᠡᠮᠳᠡᠬᠦ ᠠᠵᠢᠯ ᠳᠤ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠵᠤ ᠪᠠᠶᠢᠨ᠎ᠠ᠃      — — ᠸᠠᠺᠼᠢᠨ ᠤ ᠲᠠᠷᠢᠯᠭ᠎ᠠ — —      ᠠᠷᠪᠠᠳᠤᠭᠠᠷ ᠬᠡᠪᠯᠡᠯ ᠤᠨ ᠰᠡᠷᠭᠡᠶᠢᠯᠡᠨ ᠡᠵᠡᠮᠳᠡᠬᠦ ᠲᠥᠰᠥᠯ ᠳᠤ ᠸᠠᠺᠼᠢᠨ ᠤ ᠲᠠᠷᠢᠯᠭ᠎ᠠ ᠶᠢᠨ ᠲᠠᠯ᠎ᠠ ᠪᠠᠷ ᠶᠠᠮᠠᠷ ᠶᠠᠮᠠᠷ ᠭᠤᠣᠯᠳᠠᠯᠭ᠎ᠠ ᠲᠠᠢ ᠠᠵᠢᠯ ᠤᠨ  ᠱᠠᠭᠠᠷᠳᠠᠯᠭ᠎ᠠ ᠳᠤᠷᠠᠳᠤᠭᠰᠠᠨ ᠪᠣᠶ︖      ᠨᠢᠭᠡᠳᠦᠭᠡᠷ ᠲᠤ᠂ ᠪᠠᠶᠢᠳᠠᠯ ᠢ ᠮᠡᠳᠡᠬᠦ᠂ ᠵᠥᠪᠰᠢᠶᠡᠷᠡᠬᠦ᠂ ᠰᠠᠶᠢᠨ ᠳᠤᠷ᠎ᠠ ᠠᠴᠠ ᠪᠠᠨ ᠪᠠᠶᠢᠬᠤ ᠵᠠᠷᠴᠢᠮ ᠢ ᠪᠠᠷᠢᠮᠲᠠᠯᠠᠬᠤ ᠶᠢ ᠤᠯᠠᠮ ᠨᠢᠭᠡ ᠠᠯᠬᠤᠮ ᠴᠢᠬᠤᠯᠠᠴᠢᠯᠠᠵᠤ᠂ 3 ᠨᠠᠰᠤᠨ ᠠᠴᠠ ᠳᠡᠭᠡᠭᠰᠢᠬᠢ ᠬᠥᠮᠥᠰ ᠲᠤ ᠴᠡᠭᠡᠷᠯᠡᠬᠦ ᠵᠦᠢᠯ ᠪᠠᠶᠢᠬᠤ ᠦᠭᠡᠢ ᠪᠣᠯ ᠸᠠᠺᠼᠢᠨ ᠤ ᠲᠠᠷᠢᠯᠭ᠎ᠠ ᠬᠢᠬᠦ ᠶᠢ ᠵᠣᠷᠢᠭᠵᠢᠭᠤᠯᠤᠨ᠎ᠠ᠃ ᠡᠭᠦᠨ ᠠᠴᠠ ᠭᠠᠳᠠᠨ᠎ᠠ᠂ ᠣᠯᠠᠨ ᠲᠦᠮᠡᠨ ᠢᠯᠠᠩᠭᠤᠶ᠎ᠠ ᠨᠠᠰᠤᠲᠠᠶᠢᠴᠤᠳ ᠤᠨ ᠪᠥᠬᠦ ᠶᠠᠪᠤᠴᠠ ᠶᠢᠨ ᠸᠠᠺᠼᠢᠨ ᠤ ᠲᠠᠷᠢᠯᠭ᠎ᠠ ᠬᠢᠬᠦ᠂ ᠨᠥᠬᠦᠴᠡᠯ ᠳᠤ ᠨᠡᠶᠢᠴᠡᠪᠡᠯ ᠡᠭᠡᠯᠢᠯᠡᠭᠡ ᠴᠢᠩᠭᠠᠳᠬᠠᠬᠤ ᠲᠠᠷᠢᠯᠭ᠎ᠠ ᠬᠢᠬᠦ ᠶᠢ ᠰᠠᠨᠠᠭᠠᠴᠢᠯᠠᠵᠤ ᠪᠠᠶᠢᠨ᠎ᠠ᠃      ᠬᠤᠶᠠᠳᠤᠭᠠᠷ ᠲᠤ᠂ ᠨᠥᠬᠦᠴᠡᠯ ᠳᠤ ᠨᠡᠶᠢᠴᠡᠬᠦ 18 ᠨᠠᠰᠤ ᠵᠢᠴᠢ 18 ᠨᠠᠰᠤᠨ ᠠᠴᠠ ᠳᠡᠭᠡᠭᠰᠢᠬᠢ ᠬᠥᠮᠥᠰ ᠲᠤ 1 ᠤᠳᠠᠭ᠎ᠠ ᠶᠢᠨ ᠡᠭᠡᠯᠢᠯᠡᠭᠡ ᠴᠢᠩᠭᠠᠳᠬᠠᠬᠤ ᠲᠠᠷᠢᠯᠭ᠎ᠠ ᠬᠢᠬᠦ ᠬᠡᠷᠡᠭᠲᠡᠢ᠃ ᠡᠭᠡᠯᠢᠯᠡᠭᠡ ᠴᠢᠩᠭᠠᠳᠬᠠᠬᠤ ᠲᠠᠷᠢᠯᠭ᠎ᠠ ᠬᠢᠬᠦ ᠶᠠᠪᠤᠴᠠ ᠳᠤ᠂ ᠬᠡᠯᠬᠢᠶ᠎ᠡ ᠡᠭᠡᠯᠢᠯᠡᠭᠡ ᠶᠢ ᠰᠣᠩᠭᠤᠭᠰᠠᠨ ᠴᠤ ᠲᠡᠷᠡ᠂ ᠢᠵᠢᠯᠢ ᠡᠭᠦᠰᠦᠯᠳᠦ ᠡᠭᠡᠯᠢᠯᠡᠭᠡ ᠶᠢ ᠰᠣᠩᠭᠤᠭᠰᠠᠨ ᠴᠤ ᠲᠡᠷᠡ᠂ ᠬᠠᠮᠲᠤ ᠳᠤ ᠨᠢ ᠬᠢᠵᠦ ᠪᠣᠯᠬᠤ ᠦᠭᠡᠢ᠂ ᠵᠥᠪᠬᠡᠨ ᠨᠢᠭᠡ ᠶᠢ ᠨᠢ ᠰᠣᠩᠭᠤᠬᠤ ᠬᠡᠷᠡᠭᠲᠡᠢ ᠭᠡᠵᠦ ᠣᠨᠴᠠᠭᠠᠶᠢᠯᠠᠨ ᠴᠢᠬᠤᠯᠠᠴᠢᠯᠠᠭᠰᠠᠨ ᠪᠠᠶᠢᠨ᠎ᠠ᠃      ᠭᠤᠷᠪᠠᠳᠤᠭᠠᠷ ᠲᠤ᠂ ᠬᠠᠯᠳᠠᠪᠤᠷᠢᠯᠠᠭᠳᠠᠬᠤ ᠲᠦᠭᠰᠢᠭᠦᠷᠢ ᠶᠡᠬᠡᠲᠡᠢ ᠬᠥᠮᠥᠰ᠂ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ᠂ ᠬᠦᠨᠳᠦ ᠰᠠᠭᠤᠷᠢ ᠡᠪᠡᠳᠴᠢᠨ ᠲᠠᠢ ᠬᠥᠮᠥᠰ᠂ ᠡᠭᠡᠯᠢᠯᠡᠭᠡ ᠶᠢᠨ ᠬᠤᠮᠰᠠᠳᠠᠯ ᠲᠠᠢ ᠬᠥᠮᠥᠰ ᠵᠡᠷᠭᠡ ᠬᠠᠯᠳᠠᠪᠤᠷᠢᠯᠠᠭᠳᠠᠭᠰᠠᠨ ᠤ ᠳᠠᠷᠠᠭ᠎ᠠ ᠠᠮᠠᠷᠬᠠᠨ ᠬᠦᠨᠳᠦ ᠡᠪᠡᠳᠴᠢᠨ ᠡᠭᠦᠰᠬᠦ ᠬᠥᠮᠥᠰ ᠲᠤ ᠬᠤᠶᠠᠳᠠᠭᠢ ᠤᠳᠠᠭᠠᠨ ᠤ ᠡᠭᠡᠯᠢᠯᠡᠭᠡ ᠴᠢᠩᠭᠠᠳᠬᠠᠬᠤ ᠲᠠᠷᠢᠯᠭ᠎ᠠ ᠬᠢᠬᠦ ᠶᠢ ᠤᠯᠠᠮ ᠨᠢᠭᠡ ᠠᠯᠬᠤᠮ ᠴᠢᠬᠤᠯᠠᠴᠢᠯᠠᠵᠠᠢ᠃ ᠬᠤᠶᠠᠳᠤᠭᠠᠷ ᠤᠳᠠᠭ᠎ᠠ ᠶᠢᠨ ᠡᠭᠡᠯᠢᠯᠡᠭᠡ ᠴᠢᠩᠭᠠᠳᠬᠠᠬᠤ ᠲᠠᠷᠢᠯᠭ᠎ᠠ ᠬᠢᠭᠡᠳ ᠨᠢᠭᠡᠳᠦᠭᠡᠷ ᠤᠳᠠᠭ᠎ᠠ ᠶᠢᠨ ᠡᠭᠡᠯᠢᠯᠡᠭᠡ ᠴᠢᠩᠭᠠᠳᠬᠠᠬᠤ ᠲᠠᠷᠢᠯᠭ᠎ᠠ ᠨᠢ 6 ᠰᠠᠷ᠎ᠠ ᠠᠴᠠ ᠳᠡᠭᠡᠭᠰᠢ ᠠᠯᠤᠰᠯᠠᠬᠤ ᠬᠡᠷᠡᠭᠲᠡᠢ᠃ ᠡᠲᠡᠭᠡᠷ ᠲᠦᠭᠰᠢᠭᠦᠷᠢ ᠶᠡᠬᠡᠲᠡᠢ ᠬᠥᠮᠥᠰ᠂ ᠨᠠᠰᠤᠲᠠᠶᠢᠴᠤᠳ᠂ ᠰᠠᠭᠤᠷᠢ ᠴᠢᠨᠠᠷᠲᠠᠢ ᠡᠪᠡᠳᠴᠢᠨ ᠲᠠᠢ ᠬᠥᠮᠥᠰ ᠤᠨ ᠬᠤᠶᠠᠳᠠᠭᠢ ᠤᠳᠠᠭᠠᠨ ᠤ ᠡᠭᠡᠯᠢᠯᠡᠭᠡ ᠶᠢ ᠴᠢᠩᠭᠠᠳᠬᠠᠬᠤ ᠪᠠᠷ ᠳᠠᠮᠵᠢᠭᠤᠯᠤᠨ ᠲᠡᠳᠡᠨ ᠤ ᠬᠠᠮᠠᠭᠠᠯᠠᠯᠲᠠ ᠶᠢᠨ ᠲᠦᠪᠰᠢᠨ ᠢ ᠳᠡᠭᠡᠭᠰᠢᠯᠡᠭᠦᠯᠬᠦ ᠶᠢ ᠵᠣᠷᠢᠵᠤ ᠪᠠᠶᠢᠨ᠎ᠠ᠂ ᠡᠭᠦᠨ ᠳᠤ ᠪᠥᠬᠦ ᠶᠠᠪᠤᠴᠠ ᠶᠢᠨ ᠲᠠᠷᠢᠯᠭ᠎ᠠ ᠶᠢᠨ ᠨᠣᠷᠮ᠎ᠠ ᠪᠠ ᠡᠭᠡᠯᠢᠯᠡᠭᠡ ᠶᠢ ᠴᠢᠩᠭᠠᠳᠬᠠᠬᠤ ᠲᠠᠷᠢᠯᠭ᠎ᠠ ᠶᠢᠨ ᠨᠣᠷᠮ᠎ᠠ ᠶᠢ ᠳᠡᠭᠡᠭᠰᠢᠯᠡᠭᠦᠯᠬᠦ ᠨᠢ ᠵᠠᠩᠭᠢᠯᠠᠭ᠎ᠠ ᠪᠣᠯᠣᠨ᠎ᠠ᠃      ᠬᠠᠯᠳᠠᠪᠤᠷᠢᠯᠠᠭᠳᠠᠭᠰᠠᠨ ᠤ ᠳᠠᠷᠠᠭ᠎ᠠ ᠬᠡᠳᠦᠢ ᠬᠤᠭᠤᠴᠠᠭᠠᠨ ᠳᠤ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠵᠤ ᠪᠣᠯᠬᠤ ᠪᠣᠶ︖      ᠬᠡᠷᠪᠡ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠪᠠ ᠥᠳᠥᠭᠡᠭᠴᠢ ᠶᠢᠨ ᠰᠢᠯᠭᠠᠨ ᠪᠠᠶᠢᠴᠠᠭᠠᠯᠲᠠ ᠪᠠᠷ ᠳᠡᠮᠵᠢᠨ ᠰᠢᠨ᠎ᠡ ᠲᠢᠲᠢᠮᠯᠢᠭ ᠸᠢᠷᠦ᠋ᠰ ᠲᠤ ᠬᠠᠯᠳᠠᠪᠤᠷᠢᠯᠠᠭᠳᠠᠭᠰᠠᠨ ᠢ ᠨᠤᠲᠠᠯᠠᠭᠰᠠᠨ ᠪᠠᠶᠢᠪᠠᠯ᠂ ᠣᠶᠢᠷ᠎ᠠ ᠶᠢᠨ ᠬᠤᠭᠤᠴᠠᠭᠠᠨ ᠳᠤ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠬᠦ ᠶᠢ ᠰᠠᠨᠠᠭᠠᠴᠢᠯᠠᠬᠤ ᠦᠭᠡᠢ᠃ ᠣᠯᠠᠨ ᠵᠦᠢᠯ ᠤᠨ ᠰᠤᠳᠤᠯᠭᠠᠨ ᠤ ᠢᠯᠡᠷᠡᠭᠦᠯᠦᠭᠰᠡᠨ ᠢᠶᠠᠷ᠂ ᠵᠥᠪᠬᠡᠨ ᠰᠢᠨ᠎ᠡ ᠲᠢᠲᠢᠮᠯᠢᠭ ᠸᠢᠷᠦ᠋ᠰ ᠲᠤ ᠬᠠᠯᠳᠠᠪᠤᠷᠢᠯᠠᠭᠳᠠᠭᠰᠠᠨ ᠠᠴᠠ ᠪᠣᠢ ᠪᠣᠯᠤᠭᠰᠠᠨ ᠡᠭᠡᠯᠢᠯᠡᠭᠡ ᠶᠢᠨ ᠴᠢᠳᠠᠪᠤᠷᠢ ᠨᠢ ᠸᠢᠷᠦ᠋ᠰ ᠲᠤ ᠬᠠᠯᠳᠠᠪᠤᠷᠢᠯᠠᠭᠳᠠᠭᠰᠠᠨ ᠪᠠ ᠸᠠᠺᠼᠢᠨ ᠤ ᠲᠠᠷᠢᠯᠭ᠎ᠠ ᠬᠢᠭᠰᠡᠨ ᠠᠴᠠ ᠪᠣᠢ ᠪᠣᠯᠤᠭᠰᠠᠨ ᠡᠭᠡᠯᠢᠯᠡᠭᠡ ᠶᠢᠨ ᠴᠢᠳᠠᠪᠤᠷᠢ ᠠᠴᠠ ᠪᠠᠭᠤᠷᠠᠢ ᠪᠠᠶᠢᠳᠠᠭ᠃ ᠡᠶᠢᠮᠦ ᠠᠴᠠ ᠵᠠᠷᠢᠮ ᠬᠥᠮᠥᠰ ᠡᠭᠡᠯᠢᠯᠡᠭᠡ ᠶᠢᠨ ᠵᠢᠷᠤᠮ ᠢᠶᠠᠷ ᠸᠠᠺᠼᠢᠨ ᠤ ᠲᠠᠷᠢᠯᠭ᠎ᠠ ᠬᠢᠬᠦ ᠴᠢᠬᠤᠯᠠ ᠲᠠᠢ ᠪᠠᠶᠢᠳᠠᠭ᠃ ᠣᠳᠣᠬᠠᠨ ᠤ ᠲᠣᠭᠲᠠᠭᠠᠯ ᠢ ᠦᠨᠳᠦᠰᠦᠯᠡᠪᠡᠯ᠂ ᠬᠠᠯᠳᠠᠪᠤᠷᠢᠯᠠᠭᠳᠠᠭᠰᠠᠨ ᠴᠠᠭ ᠪᠠ ᠲᠠᠷᠢᠯᠭ᠎ᠠ ᠬᠢᠬᠦ ᠴᠠᠭ ᠤᠨ ᠬᠤᠭᠤᠷᠣᠨᠳᠣᠬᠢ ᠵᠠᠢ ᠨᠢ 6 ᠰᠠᠷ᠎ᠠ ᠠᠴᠠ ᠳᠣᠷᠣᠭᠰᠢ ᠪᠠᠶᠢᠵᠤ ᠪᠣᠯᠬᠤ ᠦᠭᠡᠢ᠃ ᠡᠭᠦᠨ ᠳᠤ ᠭᠤᠣᠯᠳᠠᠭᠤ ᠥᠩᠭᠡᠷᠡᠭᠰᠡᠨ ᠤ ᠬᠢᠨᠠᠨ ᠰᠢᠨᠵᠢᠯᠡᠯᠲᠡ ᠪᠠ ᠰᠤᠳᠤᠯᠭᠠᠨ ᠠᠴᠠ ᠦᠵᠡᠪᠡᠯ᠂ 6 ᠰᠠᠷ᠎ᠠ ᠶᠢᠨ ᠳᠣᠲᠣᠷ᠎ᠠ ᠬᠠᠯᠳᠠᠪᠤᠷᠢᠯᠠᠭᠳᠠᠬᠤ ᠬᠠᠷᠢᠴᠠᠯ ᠨᠢ ᠲᠦᠢᠯ ᠤᠨ ᠳᠣᠣᠷ᠎ᠠ ᠪᠠᠶᠢᠳᠠᠭ᠃ ᠬᠠᠯᠳᠠᠪᠤᠷᠢᠯᠠᠯ ᠪᠠ ᠸᠠᠺᠼᠢᠨ ᠤ ᠲᠠᠷᠢᠯᠭ᠎ᠠ ᠶᠢᠨ ᠠᠯᠤᠰᠯᠠᠬᠤ ᠬᠤᠭᠤᠴᠠᠭ᠎ᠠ ᠨᠢ ᠦᠨᠡᠨ ᠳᠤ ᠪᠠᠨ ᠸᠠᠺᠼᠢᠨ ᠤ ᠲᠠᠷᠢᠯᠭ᠎ᠠ ᠶᠢᠨ ᠡᠭᠡᠯᠢᠯᠡᠭᠡ ᠶᠢᠨ ᠵᠢᠷᠤᠮ ᠤᠨ ᠨᠢᠭᠡ ᠬᠡᠰᠡᠭ ᠮᠥᠨ᠂ ᠸᠠᠺᠼᠢᠨ ᠤ ᠰᠤᠳᠤᠯᠭᠠᠨ ᠤ ᠭᠦᠨᠵᠡᠭᠡᠶᠢᠷᠡᠯ ᠵᠢᠴᠢ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠬᠡᠷᠡᠭᠴᠡᠭᠡ ᠶᠢ ᠳᠠᠭᠠᠯᠳᠤᠨ᠂ ᠡᠭᠡᠯᠢᠯᠡᠭᠡ ᠶᠢ ᠴᠢᠩᠭᠠᠳᠬᠠᠬᠤ ᠠᠷᠭ᠎ᠠ ᠪᠣᠳᠣᠯᠭ᠎ᠠ ᠳᠤ ᠴᠤ ᠬᠤᠯᠪᠣᠭᠳᠠᠯ ᠪᠦᠬᠦᠢ ᠲᠡᠭᠦᠯᠳᠡᠷᠵᠢᠭᠦᠯᠬᠦ ᠲᠣᠬᠢᠷᠠᠭᠤᠯᠤᠯᠲᠠ ᠬᠢᠬᠦ ᠪᠣᠯᠣᠨ᠎ᠠ᠂ ᠡᠭᠦᠨ ᠳᠤ  ᠲᠠᠷᠢᠯᠭ᠎ᠠ ᠶᠢᠨ ᠠᠯᠤᠰᠯᠠᠬᠤ ᠬᠤᠭᠤᠴᠠᠭ᠎ᠠ ᠪᠠᠭᠲᠠᠵᠤ ᠪᠠᠶᠢᠳᠠᠭ᠃      ᠨᠠᠰᠤᠲᠠᠶᠢᠴᠤᠳ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠯᠭᠡᠬᠦ ᠠᠴᠠ ᠭᠠᠳᠠᠨ᠎ᠠ ᠪᠠᠰᠠ ᠶᠠᠮᠠᠷ ᠶᠠᠮᠠᠷ ᠸᠠᠺᠼᠢᠨ ᠤ ᠲᠠᠷᠢᠯᠭ᠎ᠠ ᠬᠢᠯᠭᠡᠬᠦ ᠪᠠᠷ ᠳᠠᠮᠵᠢᠭᠤᠯᠤᠨ ᠠᠮᠢᠰᠬᠤᠯ ᠤᠨ ᠵᠠᠮ ᠤᠨ ᠬᠠᠯᠳᠠᠪᠤᠷᠢᠲᠤ ᠡᠪᠡᠳᠴᠢᠨ ᠢ ᠠᠯᠢ ᠴᠢᠳᠠᠬᠤ ᠪᠠᠷ ᠰᠡᠷᠭᠡᠶᠢᠯᠡᠬᠦ ᠪᠣᠶ︖      ᠨᠠᠰᠤᠲᠠᠶᠢᠴᠤᠳ ᠲᠤ ᠠᠪᠴᠤ ᠬᠡᠯᠡᠪᠡᠯ᠂ ᠰᠢᠨ᠎ᠡ ᠲᠢᠲᠢᠮᠯᠢᠭ ᠸᠢᠷᠦ᠋ᠰ ᠲᠤ ᠨᠡᠷᠪᠡᠭᠳᠡᠭᠰᠡᠨ ᠠᠴᠠ ᠪᠣᠯᠵᠤ ᠵᠠᠷᠢᠮ ᠬᠦᠨᠳᠦ ᠡᠪᠡᠳᠴᠢᠨ ᠤ ᠰᠢᠨᠵᠢ ᠢᠯᠡᠷᠡᠬᠦ ᠠᠴᠠ ᠭᠠᠳᠠᠨ᠎ᠠ᠂ ᠵᠠᠷᠢᠮ ᠸᠠᠺᠼᠢᠨ ᠤ ᠲᠠᠷᠢᠯᠭ᠎ᠠ ᠬᠢᠯᠭᠡᠬᠦ ᠪᠠᠷ ᠳᠠᠮᠵᠢᠭᠤᠯᠤᠨ ᠬᠠᠯᠳᠠᠪᠤᠷᠢᠲᠤ ᠲᠠᠭᠰᠢᠭᠤᠷ ᠤᠨ ᠸᠢᠷᠦ᠋ᠰ᠂ ᠠᠭᠤᠰᠬᠢᠨ ᠤ ᠦᠷᠪᠢᠰᠦᠯ ᠤᠨ ᠪᠥᠮᠪᠥᠭᠡᠨ ᠪᠠᠺᠲ᠋ᠧᠷᠢ ᠵᠡᠷᠭᠡ ᠨᠠᠰᠤᠲᠠᠶᠢᠴᠤᠳ ᠲᠤ ᠠᠪᠴᠤ ᠬᠡᠯᠡᠪᠡᠯ ᠪᠠᠰᠠ ᠬᠦᠨᠳᠦ ᠡᠪᠡᠳᠴᠢᠨ ᠳᠤ ᠨᠡᠷᠪᠡᠭᠳᠡᠬᠦ ᠪᠠᠶᠢᠳᠠᠯ ᠢ ᠪᠣᠶ ᠪᠣᠯᠭᠠᠳᠠᠭ ᠬᠤᠯᠪᠣᠭᠳᠠᠯ ᠪᠦᠬᠦᠢ ᠡᠪᠡᠳᠴᠢᠨ ᠢ ᠤᠷᠢᠳᠴᠢᠯᠠᠨ ᠰᠡᠷᠭᠡᠶᠢᠯᠡᠵᠦ ᠪᠣᠯᠣᠨ᠎ᠠ᠃ ᠨᠠᠰᠤᠲᠠᠶᠢᠴᠤᠳ ᠨᠢᠭᠡ ᠲᠠᠯ᠎ᠠ ᠪᠠᠷ ᠥᠪᠡᠷ ᠤᠨ ᠪᠡᠶ᠎ᠡ ᠶᠢᠨ ᠡᠭᠡᠯᠢᠯᠡᠭᠡ ᠶᠢᠨ ᠴᠢᠳᠠᠪᠤᠷᠢ ᠨᠢ ᠪᠠᠭᠤᠷᠠᠵᠤ᠂ ᠨᠥᠭᠦᠭᠡ ᠲᠠᠯ᠎ᠠ ᠪᠠᠷ ᠣᠯᠠᠩᠬᠢ ᠨᠢ ᠤᠳᠠᠭᠠᠨ ᠴᠢᠨᠠᠷᠲᠠᠢ ᠰᠠᠭᠤᠷᠢ ᠴᠢᠨᠠᠷᠲᠠᠢ ᠡᠪᠡᠳᠴᠢᠨ ᠲᠠᠢ ᠪᠠᠶᠢᠵᠤ᠂ ᠬᠡᠷᠪᠡ ᠬᠠᠯᠳᠠᠪᠤᠷᠢᠲᠤ ᠲᠠᠭᠰᠢᠭᠤᠷ ᠪᠠ ᠠᠭᠤᠰᠬᠢᠨ ᠦᠷᠪᠢᠰᠦᠯ ᠤᠨ ᠪᠥᠮᠪᠥᠭᠡᠨ ᠪᠠᠺᠲ᠋ᠧᠷᠢ ᠳᠤ ᠬᠠᠯᠳᠠᠪᠤᠷᠢᠯᠠᠭᠳᠠᠪᠠᠯ᠂ ᠬᠠᠯᠳᠠᠪᠤᠷᠢᠯᠠᠭᠳᠠᠭᠰᠠᠨ ᠡᠪᠡᠳᠴᠢᠨ ᠨᠢ ᠡᠲᠡᠭᠡᠷ ᠬᠥᠮᠥᠰ ᠤᠨ ᠳᠤᠮᠳᠠ ᠬᠦᠨᠳᠦ ᠡᠪᠡᠳᠴᠢᠨ ᠢ ᠡᠭᠦᠰᠬᠡᠵᠤ ᠮᠡᠳᠡᠨ᠎ᠡ᠃ ᠡᠭᠦᠨ ᠠᠴᠠ ᠭᠠᠳᠠᠨ᠎ᠠ ᠵᠠᠷᠢᠮ ᠰᠤᠳᠤᠯᠭᠠᠨ ᠤ ᠢᠯᠡᠷᠡᠭᠦᠯᠦᠭᠰᠡᠨ ᠢᠶᠠᠷ᠂ ᠬᠠᠯᠳᠠᠪᠤᠷᠢᠯᠠᠭᠳᠠᠭᠰᠠᠨ ᠤ ᠳᠠᠷᠠᠭ᠎ᠠ᠂ ᠤᠤᠯ ᠤᠨ ᠪᠠᠶᠢᠭᠰᠠᠨ ᠰᠠᠭᠤᠷᠢ ᠴᠢᠨᠠᠷᠲᠠᠢ ᠡᠪᠡᠳᠴᠢᠨ ᠡᠮᠭᠡᠭ᠂ ᠵᠢᠱᠢᠶᠡᠯᠡᠪᠡᠯ ᠠᠭᠰᠠᠭ᠎ᠠ᠂ ᠠᠷᠬᠠᠭ ᠪᠦᠭᠯᠡᠷᠬᠡᠢ ᠴᠢᠨᠠᠷᠲᠤ ᠠᠭᠤᠰᠬᠢᠨ ᠤ ᠡᠪᠡᠳᠴᠢᠨ᠂ ᠵᠢᠷᠦᠬᠡᠨ ᠡᠪᠡᠳᠴᠢᠨ᠂ ᠰᠢᠬᠢᠷ ᠰᠢᠵᠢᠩ ᠡᠪᠡᠳᠴᠢᠨ ᠵᠡᠷᠭᠡ ᠶᠢ ᠤᠯᠠᠮ ᠨᠢᠭᠡ ᠠᠯᠬᠤᠮ ᠬᠦᠨᠳᠦᠷᠡᠭᠦᠯᠦᠨ᠎ᠡ᠃ ᠡᠶᠢᠮᠦ ᠠᠴᠠ ᠡᠶᠢᠮᠦᠷᠬᠦ ᠪᠠᠶᠢᠳᠠᠯ ᠤᠨ ᠳᠣᠣᠷ᠎ᠠ᠂ ᠸᠠᠺᠼᠢᠨ ᠤ ᠲᠠᠷᠢᠯᠭ᠎ᠠ ᠶᠢᠨ ᠨᠥᠬᠦᠴᠡᠯ ᠳᠤ ᠨᠡᠶᠢᠴᠡᠬᠦ ᠨᠠᠰᠤᠲᠠᠶᠢᠴᠤᠳ ᠲᠤ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠯᠭᠡᠬᠦ ᠠᠴᠠ ᠭᠠᠳᠠᠨ᠎ᠠ ᠪᠠᠰᠠ ᠬᠠᠯᠳᠠᠪᠤᠷᠢᠲᠤ ᠲᠠᠭᠰᠢᠭᠤᠷ ᠤᠨ ᠸᠠᠺᠼᠢᠨ᠂ ᠠᠭᠤᠰᠬᠢᠨ ᠦᠷᠪᠢᠰᠦᠯ ᠤᠨ ᠪᠠᠺᠲ᠋ᠧᠷᠢ ᠶᠢᠨ ᠸᠠᠺᠼᠢᠨ ᠤ ᠲᠠᠷᠢᠯᠭ᠎ᠠ ᠬᠢᠯᠭᠡᠵᠦ᠂ ᠲᠡᠳᠡᠨ ᠢ ᠨᠠᠩ ᠰᠠᠶᠢᠨ ᠬᠠᠮᠠᠭᠠᠯᠠᠬᠤ ᠶᠢ ᠰᠠᠨᠠᠭᠤᠯᠵᠤ ᠪᠠᠶᠢᠨ᠎ᠠ᠃      ᠬᠡᠦᠬᠡᠳ ᠤᠨ ᠪᠠᠶᠢᠩᠭᠤ ᠶᠢᠨ ᠸᠠᠺᠼᠢᠨ ᠤ ᠲᠠᠷᠢᠯᠭ᠎ᠠ ᠶᠢ ᠬᠤᠶᠢᠰᠢᠯᠠᠭᠤᠯᠬᠤ ᠨᠢ ᠡᠩ ᠤᠨ ᠪᠠᠶᠢᠳᠠᠯ ᠳᠤ ᠦᠷ᠎ᠡ ᠳ᠋ᠦᠩ ᠢ ᠨᠢ ᠨᠥᠯᠥᠭᠡᠯᠡᠬᠦ ᠦᠭᠡᠢ᠂ ᠭᠡᠪᠡᠴᠦ ᠴᠠᠭ ᠲᠤᠬᠠᠢ ᠳᠤ ᠨᠢ ᠨᠥᠬᠦᠵᠦ ᠳᠠᠷᠢᠬᠤ ᠬᠡᠷᠡᠭᠲᠡᠢ      ᠸᠠᠺᠼᠢᠨ ᠤ ᠦᠢᠯᠡᠳᠦᠯ ᠢ ᠨᠠᠩ ᠰᠠᠶᠢᠨ ᠪᠠᠳᠠᠷᠠᠭᠤᠯᠬᠤ ᠶᠢᠨ ᠲᠤᠰᠠᠳᠠ᠂ ᠨᠢᠭᠡ ᠳᠤ ᠴᠠᠭ ᠲᠤᠬᠠᠢ ᠳᠤ ᠨᠢ ᠸᠠᠺᠼᠢᠨ ᠤ ᠲᠠᠷᠢᠯᠭ᠎ᠠ ᠬᠢᠯᠭᠡᠬᠦ ᠬᠡᠷᠡᠭᠲᠡᠢ᠂ ᠬᠤᠶᠠᠷ ᠲᠤ  ᠪᠥᠬᠦ ᠶᠠᠪᠤᠴᠠ ᠶᠢᠨ ᠲᠠᠷᠢᠯᠭ᠎ᠠ ᠬᠢᠯᠭᠡᠬᠦ ᠬᠡᠷᠡᠭᠲᠡᠢ᠃ ᠬᠡᠷᠪᠡ ᠲᠠᠷᠢᠯᠭ᠎ᠠ ᠶᠢ ᠬᠤᠶᠢᠰᠢᠯᠠᠭᠤᠯᠪᠠᠯ ᠡᠩ ᠤᠨ ᠪᠠᠶᠢᠳᠠᠯ ᠳᠤ ᠦᠷ᠎ᠡ ᠳ᠋ᠦᠩ ᠢ ᠨᠥᠯᠥᠭᠡᠯᠡᠬᠦ ᠦᠭᠡᠢ᠂ ᠭᠡᠪᠡᠴᠦ ᠬᠠᠯᠳᠠᠪᠤᠷᠢᠯᠠᠯ ᠤᠨ ᠲᠦᠭᠰᠢᠭᠦᠷᠢ ᠶᠢ ᠨᠡᠮᠡᠭᠳᠡᠭᠦᠯᠦᠨ᠎ᠡ᠂ ᠤᠴᠢᠷ ᠨᠢ ᠪᠥᠬᠦ ᠶᠠᠪᠤᠴᠠ ᠶᠢᠨ ᠲᠠᠷᠢᠯᠭ᠎ᠠ ᠶᠢ ᠬᠢᠯᠭᠡᠭᠰᠡᠨ ᠦᠭᠡᠢ ᠪᠤᠶᠤ ᠸᠠᠺᠼᠢᠨ ᠤ ᠲᠠᠷᠢᠯᠭ᠎ᠠ ᠬᠢᠯᠭᠡᠭᠡ ᠦᠭᠡᠢ ᠠᠴᠠ ᠡᠭᠡᠯᠢᠯᠡᠭᠡ ᠶᠢᠨ ᠴᠢᠳᠠᠪᠤᠷᠢ ᠨᠢ ᠪᠦᠷᠢᠮᠦᠰᠦᠨ ᠪᠣᠶ ᠪᠣᠯᠵᠤ ᠳᠡᠶᠢᠯᠦᠭᠡᠳᠦᠢ ᠪᠠᠶᠢᠵᠤ᠂ ᠬᠠᠯᠳᠠᠪᠤᠷᠢᠯᠠᠯ ᠤᠨ ᠡᠬᠢ ᠡᠭᠦᠰᠪᠦᠷᠢ ᠢᠯᠡᠷᠡᠬᠦ ᠦᠶ᠎ᠡ ᠳᠤ ᠡᠪᠡᠳᠴᠢᠨ ᠡᠮᠭᠡᠭ ᠲᠤ ᠨᠡᠷᠪᠡᠭᠳᠡᠬᠦ ᠲᠦᠭᠰᠢᠭᠦᠷᠢ ᠭᠠᠷᠴᠤ ᠮᠡᠳᠡᠨ᠎ᠡ᠃ ᠡᠶᠢᠮᠦ ᠠᠴᠠ ᠡᠯ᠎ᠡ ᠭᠠᠵᠠᠷ ᠤᠨ ᠰᠡᠷᠭᠡᠶᠢᠯᠡᠬᠦ ᠲᠠᠷᠢᠯᠭ᠎ᠠ ᠶᠢᠨ ᠨᠢᠭᠡᠴᠢ ᠨᠢ ᠬᠡᠪ ᠤᠨ ᠠᠵᠢᠯ ᠢᠶᠠᠨ ᠡᠬᠢᠯᠡᠭᠦᠯᠦᠭᠰᠡᠨ ᠤ ᠳᠠᠷᠠᠭ᠎ᠠ ᠸᠠᠺᠼᠢᠨ ᠤ ᠲᠠᠷᠢᠯᠭ᠎ᠠ ᠶᠢ ᠴᠠᠭ ᠲᠤᠬᠠᠢ ᠳᠤ ᠨᠢ ᠨᠥᠬᠦᠵᠦ ᠬᠢᠬᠦ ᠬᠡᠷᠡᠭᠲᠡᠢ᠂ ᠶᠠᠮᠠᠷ ᠸᠠᠺᠼᠢᠨ ᠤ ᠲᠠᠷᠢᠯᠭ᠎ᠠ ᠶᠢ ᠬᠢᠯᠭᠡᠭᠡ ᠦᠭᠡᠢ᠂ ᠶᠠᠮᠠᠷ ᠸᠠᠺᠼᠢᠨ ᠢ ᠨᠥᠬᠦᠵᠦ ᠬᠢᠯᠭᠡᠬᠦ ᠴᠢᠬᠤᠯᠠᠲᠠᠢ ᠭᠡᠳᠡᠭ ᠢ ᠭᠡᠷ ᠤᠨ ᠠᠬᠠᠮᠠᠳ ᠨᠢᠭᠡᠪᠦᠷᠢ ᠲᠠᠷᠢᠯᠭ᠎ᠠ ᠶᠢᠨ ᠦᠨᠡᠮᠯᠡᠯ ᠲᠠᠢ ᠪᠠᠶᠢᠵᠤ᠂ ᠲᠡᠷᠡ ᠲᠠᠷᠢᠯᠭ᠎ᠠ ᠶᠢᠨ ᠦᠨᠡᠮᠯᠡᠯ ᠳᠡᠭᠡᠷ᠎ᠡ  ᠴᠥᠮ ᠲᠡᠮᠳᠡᠭᠯᠡᠯ ᠲᠠᠢ ᠪᠠᠶᠢᠳᠠᠭ᠃ ᠲᠣᠭᠲᠠᠭᠠᠯ ᠶᠣᠰᠣᠭᠠᠷ ᠠᠯᠢ ᠠᠯᠢ ᠶᠢ ᠨᠢ ᠬᠢᠯᠭᠡᠭᠰᠡᠨ᠂ ᠠᠯᠢ ᠠᠯᠢ ᠶᠢ ᠨᠢ ᠬᠢᠯᠭᠡᠭᠰᠡᠨ ᠦᠭᠡᠢ ᠭᠡᠳᠡᠭ ᠢ ᠲᠠᠷᠢᠯᠭ᠎ᠠ ᠶᠢᠨ ᠦᠨᠡᠮᠯᠡᠯ ᠢᠶᠠᠨ ᠠᠪᠴᠤ ᠲᠠᠷᠢᠯᠭ᠎ᠠ ᠶᠢᠨ ᠨᠢᠭᠡᠴᠢ ᠳᠤ ᠣᠴᠢᠭᠰᠠᠨ ᠤ ᠳᠠᠷᠠᠭ᠎ᠠ᠂ ᠲᠠᠷᠢᠯᠭ᠎ᠠ ᠬᠢᠬᠦ ᠡᠮᠴᠢ ᠠᠴᠠ ᠬᠡᠦᠬᠡᠳ ᠤᠨ ᠪᠠᠶᠢᠳᠠᠯ ᠢ ᠦᠨᠳᠦᠰᠦᠯᠡᠨ ᠬᠠᠷᠠᠭᠠᠯᠵᠠᠭᠰᠠᠨ ᠲᠣᠬᠢᠷᠠᠭᠤᠯᠤᠯᠲᠠ ᠬᠢᠨ᠎ᠡ᠃ ᠡᠨᠡ ᠬᠤᠭᠤᠴᠠᠭᠠᠨ ᠳᠤ᠂ ᠵᠠᠷᠢᠮ ᠬᠡᠦᠬᠡᠳ ᠰᠢᠨ᠎ᠡ ᠡᠪᠡᠳᠴᠢᠨ ᠤ ᠸᠢᠷᠦ᠋ᠰ ᠲᠤ ᠨᠡᠷᠪᠡᠭᠳᠡᠵᠦ᠂ ᠡᠪᠡᠳᠴᠢᠨ ᠨᠢ ᠨᠢᠭᠡᠨᠲᠡ ᠡᠳᠡᠭᠡᠷᠡᠭᠰᠡᠨ ᠪᠥᠭᠡᠳ ᠸᠠᠺᠼᠢᠨ ᠤ ᠲᠠᠷᠢᠯᠭ᠎ᠠ ᠬᠢᠬᠦ ᠶᠢ ᠴᠡᠭᠡᠷᠯᠡᠬᠦ ᠡᠪᠡᠳᠴᠢᠨ ᠦᠭᠡᠢ ᠯᠡ ᠶᠤᠮ ᠪᠣᠯ ᠪᠠᠶᠢᠩᠭᠤ ᠶᠢᠨ ᠸᠠᠺᠼᠢᠨ ᠤ ᠲᠠᠷᠢᠯᠭ᠎ᠠ ᠬᠢᠯᠭᠡᠬᠦ ᠪᠤᠶᠤ ᠨᠥᠬᠦᠵᠦ ᠬᠢᠯᠭᠡᠵᠤ  ᠪᠣᠯᠣᠨ᠎ᠠ᠃      — — ᠴᠠᠭᠠᠨ ᠰᠠᠷ᠎ᠠ ᠶᠢᠨ ᠬᠤᠭᠤᠴᠠᠭᠠᠨ ᠳᠤ ᠨᠤᠲᠤᠭ ᠲᠤ ᠪᠠᠨ ᠪᠤᠴᠠᠬᠤ — —      ᠴᠠᠭᠠᠨ ᠰᠠᠷ᠎ᠠ ᠶᠢᠨ ᠠᠶᠠᠨᠴᠢᠨ ᠤ ᠲᠡᠭᠡᠭᠡᠪᠦᠷᠢ ᠶᠢᠨ ᠬᠤᠭᠤᠴᠠᠭᠠᠨ ᠳᠤ ᠬᠥᠮᠥᠰ ᠤᠨ ᠰᠢᠯᠵᠢᠯᠲᠡ ᠨᠡᠮᠡᠭᠳᠡᠨ᠎ᠡ᠂ ᠲᠡᠭᠡᠪᠡᠯ ᠬᠥᠮᠥᠰ ᠨᠢᠰᠬᠡᠯ᠂ ᠭᠠᠯᠲᠤ ᠲᠡᠷᠭᠡ ᠵᠡᠷᠭᠡ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠳᠤ ᠰᠠᠭᠤᠬᠤ ᠳᠤ ᠪᠠᠨ ᠶᠠᠭᠤ ᠶᠢ ᠠᠩᠬᠠᠷᠪᠠᠯ ᠵᠣᠬᠢᠬᠤ ᠪᠣᠶ︖      ᠬᠠᠯᠠᠭᠤᠷᠠᠬᠤ᠂ ᠬᠠᠭᠤᠷᠠᠢ ᠪᠠᠷ ᠬᠠᠨᠢᠶᠠᠯᠭᠠᠬᠤ᠂ ᠲᠠᠮᠢᠷᠳᠠᠬᠤ᠂ ᠬᠤᠭᠤᠯᠠᠢ ᠡᠪᠡᠳᠬᠦ ᠵᠡᠷᠭᠡ ᠡᠪᠡᠳᠴᠢᠨ ᠤ ᠢᠯᠡᠷᠡᠯ ᠲᠠᠢ ᠬᠥᠮᠥᠰ ᠬᠠᠯᠳᠠᠪᠤᠷᠢᠯᠠᠯ ᠤᠨ ᠲᠦᠭᠰᠢᠭᠦᠷᠢ ᠠᠷᠢᠯᠠᠬᠤ ᠠᠴᠠ ᠡᠮᠦᠨ᠎ᠡ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠳᠤ ᠰᠠᠭᠤᠬᠤ ᠠᠴᠠ ᠵᠠᠶᠢᠯᠠᠰᠬᠢᠵᠦ᠂ ᠬᠥᠮᠥᠨ ᠴᠤᠭᠯᠠᠷᠠᠭᠰᠠᠨ ᠭᠠᠵᠠᠷ ᠲᠤ ᠣᠴᠢᠬᠤ ᠦᠭᠡᠢ ᠪᠠᠶᠢᠬᠤ ᠬᠡᠷᠡᠭᠲᠡᠢ᠃ ᠥᠪᠡᠷ ᠢᠶᠠᠨ ᠨᠡᠯᠢᠶᠡᠳ ᠶᠡᠭᠡ ᠬᠠᠯᠳᠠᠪᠤᠷᠢᠯᠠᠬᠤ ᠲᠦᠭᠰᠢᠭᠦᠷᠢ ᠲᠠᠢ ᠭᠡᠵᠦ ᠦᠵᠡᠭᠰᠡᠨ ᠬᠥᠮᠥᠰ ᠠᠶᠤᠯ ᠲᠦᠭᠰᠢᠭᠦᠷᠢ ᠠᠷᠢᠯᠤᠭᠰᠠᠨ ᠤ ᠳᠠᠷᠠᠭ᠎ᠠ ᠰᠠᠶ᠋ᠢ ᠭᠠᠳᠠᠭᠰᠢ ᠭᠠᠷᠬᠤ ᠬᠡᠷᠡᠭᠲᠡᠢ᠃      ᠨᠢᠭᠲᠠ ᠪᠢᠲᠡᠭᠦᠮᠵᠢᠯᠡᠭᠰᠡᠨ ᠣᠷᠴᠢᠨ ᠲᠣᠭᠤᠷᠢᠨ᠂ ᠬᠥᠮᠥᠨ ᠬᠠᠷ᠎ᠠ ᠴᠤᠭᠯᠠᠷᠠᠭᠰᠠᠨ ᠲᠠᠯᠠᠪᠤᠷ ᠲᠤ᠂ ᠵᠢᠱᠢᠶᠡᠯᠡᠪᠡᠯ ᠨᠢᠰᠬᠡᠯ ᠬᠦᠯᠢᠶᠡᠬᠦ ᠪᠠ ᠲᠡᠷᠭᠡ ᠬᠦᠯᠢᠶᠡᠬᠦ  ᠦᠶ᠎ᠡ ᠳᠤ᠂ ᠨᠢᠰᠬᠡᠯ᠂ ᠭᠠᠯᠲᠤ ᠲᠡᠷᠭᠡ ᠵᠢᠴᠢ ᠮᠧᠳ᠋ᠷᠣ᠋᠂ ᠨᠡᠶᠢᠲᠡ ᠶᠢᠨ ᠮᠠᠰᠢᠨ ᠲᠡᠷᠭᠡ ᠵᠡᠷᠭᠡ ᠤᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ ᠪᠦᠬᠦ ᠶᠠᠪᠤᠴᠠ ᠳᠤ ᠠᠮᠠᠪᠴᠢ ᠪᠠᠨ ᠵᠥᠪ ᠵᠣᠬᠢᠰᠲᠠᠢ ᠵᠡᠭᠦᠬᠦ ᠬᠡᠷᠡᠭᠲᠡᠢ᠃      ᠣᠯᠠᠨ ᠨᠡᠶᠢᠲᠡ ᠶᠢᠨ ᠲᠠᠯᠠᠪᠤᠷ ᠲᠤ ᠵᠦᠢ ᠵᠣᠬᠢᠰᠲᠠᠢ ᠨᠡᠶᠢᠭᠡᠮ ᠤᠨ ᠬᠠᠷᠢᠯᠴᠠᠭᠠᠨ ᠤ ᠵᠠᠢ ᠶᠢ ᠪᠠᠲᠤᠯᠠᠵᠤ᠂ ᠣᠶᠢᠷ᠎ᠠ ᠵᠠᠢ ᠠᠴᠠ ᠪᠤᠰᠤᠳ ᠲᠠᠢ ᠬᠠᠷᠢᠯᠴᠠᠬᠤ ᠶᠢ ᠪᠠᠭᠠᠰᠬᠠᠬᠤ ᠬᠡᠷᠡᠭᠲᠡᠢ᠃      ᠬᠤᠪᠢ ᠬᠥᠮᠥᠨ ᠤ ᠠᠷᠢᠭᠤᠨ ᠴᠡᠪᠡᠷ ᠢ ᠰᠠᠶᠢᠲᠤᠷ ᠠᠩᠬᠠᠷᠴᠤ᠂ ᠢᠯᠠᠩᠭᠤᠶ᠎ᠠ ᠭᠠᠷ ᠤᠨ ᠠᠷᠢᠭᠤᠨ ᠴᠡᠪᠡᠷ ᠢᠶᠠᠨ ᠴᠠᠭ ᠢᠮᠠᠭᠲᠠ ᠠᠩᠬᠠᠷᠴᠤ᠂ ᠨᠡᠶᠢᠲᠡ ᠶᠢᠨ ᠡᠳ᠋ ᠪᠣᠳᠠᠰ ᠲᠠᠢ ᠣᠶᠢᠷᠠᠳᠬᠤ ᠠᠴᠠ ᠵᠠᠶᠢᠯᠠᠰᠬᠢᠬᠦ ᠬᠡᠷᠡᠭᠲᠡᠢ᠃ ᠬᠠᠨᠢᠶᠠᠯᠭᠠᠬᠤ ᠪᠤᠶᠤ ᠨᠠᠶᠢᠲᠠᠭᠠᠬᠤ ᠳᠤ ᠪᠠᠨ ᠴᠠᠭᠠᠰᠤ ᠪᠤᠶᠤ ᠲᠣᠬᠤᠢ ᠪᠠᠷ ᠢᠶᠠᠨ ᠬᠠᠯᠬᠠᠯᠠᠵᠤ᠂ ᠬᠡᠷᠡᠭᠯᠡᠵᠦ ᠥᠩᠭᠡᠷᠡᠭᠰᠡᠨ ᠴᠠᠭᠠᠰᠤ ᠪᠠᠨ ᠴᠠᠭ ᠲᠤᠬᠠᠢ ᠳᠤ ᠨᠢ ᠬᠤᠭ ᠤᠨ ᠰᠠᠪᠠᠨ ᠳᠤ ᠬᠠᠶᠠᠨ᠎ᠠ᠃ ᠬᠡᠷᠪᠡ ᠠᠮᠢᠰᠬᠤᠯ ᠤᠨ ᠵᠠᠮ ᠤᠨ ᠰᠢᠭᠦᠷᠡᠳᠡᠰᠦ ᠲᠠᠢ ᠬᠦᠷᠦᠯᠴᠡᠪᠡᠯ᠂ ᠴᠠᠭ ᠲᠤᠬᠠᠢ ᠳᠤ ᠨᠢ ᠭᠠᠷ ᠢᠶᠠᠨ ᠤᠬᠢᠶᠠᠬᠤ ᠪᠤᠶᠤ ᠭᠠᠷ ᠢᠶᠠᠨ ᠠᠷᠢᠭᠤᠳᠬᠠᠵᠤ᠂ ᠭᠠᠳᠠᠨ᠎ᠠ ᠭᠠᠷᠬᠤ ᠪᠤᠶᠤ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠳᠤ ᠰᠠᠭᠤᠬᠤ ᠳᠤ ᠪᠠᠨ ᠠᠯᠢ ᠴᠢᠳᠠᠬᠤ ᠪᠠᠷ ᠬᠤᠭᠤᠯᠠᠯᠠᠬᠤ ᠤᠳᠠᠭ᠎ᠠ ᠪᠠᠨ ᠪᠠᠭᠠᠰᠬᠠᠵᠤ᠂ ᠠᠯᠢ ᠴᠢᠳᠠᠬᠤ ᠪᠠᠷ ᠣᠷᠭᠢᠯ ᠦᠶ᠎ᠡ ᠶᠢ ᠵᠥᠷᠢᠭᠦᠯᠦᠨ ᠬᠤᠭᠤᠯᠠᠯᠠᠬᠤ ᠬᠡᠷᠡᠭᠲᠡᠢ᠃      ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ᠂ ᠣᠯᠠᠨ ᠲᠦᠮᠡᠨ ᠬᠢᠵᠢᠭ ᠤᠨ ᠪᠠᠶᠢᠳᠠᠯ ᠢᠯᠡᠷᠡᠬᠦ ᠠᠴᠠ ᠡᠮᠦᠨᠡᠬᠢ ᠰᠢᠭ ᠴᠤᠭᠯᠠᠷᠠᠨ ᠨᠠᠶᠢᠷᠯᠠᠵᠤ ᠪᠣᠯᠣᠨ᠎ᠠ ᠦᠦ︖ ᠴᠤᠭᠯᠠᠷᠠᠯ ᠤᠨ ᠴᠢᠨᠠᠷᠲᠠᠢ ᠠᠵᠢᠯᠯᠠᠭ᠎ᠠ ᠳᠤ ᠶᠠᠭᠤ ᠶᠠᠭᠤ ᠶᠢ ᠠᠩᠬᠠᠷᠪᠠᠯ ᠵᠣᠬᠢᠬᠤ ᠪᠣᠢ︖      ᠨᠢᠭᠡ ᠳᠤ᠂ ᠣᠯᠠᠨ ᠲᠦᠮᠡᠨ ᠬᠢᠵᠢᠭ ᠤᠨ ᠪᠠᠶᠢᠳᠠᠯ ᠶᠡᠭᠡ ᠬᠡᠪᠴᠢᠶ᠎ᠡ ᠪᠠᠷ ᠳᠡᠯᠭᠡᠷᠡᠵᠦ ᠪᠠᠶᠢᠭ᠎ᠠ ᠭᠠᠵᠠᠷ ᠣᠷᠣᠨ ᠳᠤ ᠬᠦᠷᠴᠦ ᠲᠥᠷᠥᠯ ᠰᠠᠲᠤᠨ ᠢᠶᠠᠨ ᠡᠷᠭᠢᠵᠦ ᠦᠵᠡᠬᠦ᠂ ᠵᠢᠭᠤᠯᠴᠢᠯᠠᠬᠤ ᠵᠡᠷᠭᠡ ᠠᠴᠠ ᠵᠠᠶᠢᠯᠠᠰᠬᠢᠬᠦ ᠶᠢ ᠰᠠᠨᠠᠭᠠᠴᠢᠯᠠᠵᠤ᠂ ᠬᠢᠵᠢᠭ ᠤᠨ ᠪᠠᠶᠢᠳᠠᠯ ᠶᠡᠭᠡ ᠬᠡᠪᠴᠢᠶ᠎ᠡ ᠪᠠᠷ ᠳᠡᠯᠭᠡᠷᠡᠵᠦ ᠪᠠᠶᠢᠭ᠎ᠠ ᠭᠠᠵᠠᠷ ᠣᠷᠣᠨ ᠤ ᠣᠯᠠᠨ ᠲᠦᠮᠡᠨ ᠨᠠᠭᠠᠰᠢ ᠴᠠᠭᠠᠰᠢ ᠶᠠᠪᠤᠵᠤ ᠰᠠᠭᠤᠬᠤ ᠪᠠᠨ ᠪᠠᠭᠠᠰᠬᠠᠵᠤ᠂ ᠨᠠᠰᠤᠲᠠᠶᠢᠴᠤᠳ ᠵᠢᠴᠢ ᠬᠦᠨᠳᠦ ᠰᠠᠭᠤᠷᠢ ᠡᠪᠡᠳᠴᠢᠨ ᠲᠠᠢ ᠬᠥᠮᠥᠰ ᠠᠯᠢ ᠴᠢᠳᠠᠬᠤ ᠪᠠᠷ ᠭᠠᠳᠠᠭᠰᠢ ᠭᠠᠷᠬᠤ ᠠᠴᠠ ᠵᠠᠶᠢᠯᠠᠰᠬᠢᠪᠡᠯ ᠵᠣᠬᠢᠨ᠎ᠠ᠃      ᠬᠤᠶᠠᠷ ᠲᠤ᠂ ᠠᠯᠢ ᠴᠢᠳᠠᠬᠤ ᠪᠠᠷ ᠭᠡᠷ ᠪᠦᠯᠢ ᠶᠢᠨ ᠶᠡᠭᠡ ᠬᠡᠪᠴᠢᠶᠡᠨ ᠤ ᠴᠤᠭᠯᠠᠷᠠᠯ ᠤᠨ ᠴᠢᠨᠠᠷᠲᠠᠢ ᠠᠵᠢᠯᠯᠠᠭ᠎ᠠ ᠡᠷᠬᠢᠯᠡᠬᠦ ᠦᠭᠡᠢ ᠪᠠᠶᠢᠵᠤ᠂ ᠲᠥᠷᠥᠯ ᠰᠠᠳᠤᠨ ᠨᠠᠶᠢᠵᠠ ᠨᠥᠬᠦᠳ ᠤᠨ ᠨᠠᠶᠢᠷ ᠴᠤᠭᠯᠠᠭᠠᠨ ᠤ ᠬᠡᠪᠴᠢᠶ᠎ᠡ᠂ ᠬᠥᠮᠥᠨ ᠤ ᠲᠤᠭ᠎ᠠ ᠪᠠᠨ ᠪᠠᠭᠠᠰᠬᠠᠨ᠂ ᠨᠠᠶᠢᠷ ᠴᠤᠭᠯᠠᠭᠠᠨ ᠤ ᠴᠠᠭ ᠢᠶᠠᠨ ᠪᠣᠭᠤᠨᠢᠰᠬᠠᠵᠤ᠂ ᠥᠪᠡᠷ ᠤᠨ ᠢᠶᠠᠨ  ᠰᠡᠷᠭᠡᠶᠢᠯᠡᠯᠲᠡ ᠬᠠᠮᠠᠭᠠᠯᠠᠯᠲᠠ ᠪᠠᠨ ᠴᠢᠩᠭᠠᠳᠬᠠᠬᠤ ᠬᠡᠷᠡᠭᠲᠡᠢ᠃      ᠭᠤᠷᠪᠠ ᠳᠤ᠂ ᠬᠢᠵᠢᠭ ᠤᠨ ᠪᠠᠶᠢᠳᠠᠯ ᠢ ᠦᠨᠳᠦᠰᠦᠯᠡᠵᠦ᠂ ᠠᠯᠢ ᠴᠢᠳᠠᠬᠤ ᠪᠠᠷ ᠶᠡᠭᠡ ᠬᠡᠪᠴᠢᠶᠡᠨ ᠤ ᠰᠦᠮ᠎ᠡ ᠶᠢᠨ ᠴᠤᠭᠯᠠᠭᠠᠨ᠂ ᠲᠣᠮᠣ ᠬᠡᠯᠪᠡᠷᠢ ᠶᠢᠨ ᠲᠠᠰᠤᠯᠭᠠᠨ ᠤ ᠤᠷᠠᠨ ᠰᠠᠶᠢᠬᠠᠨ ᠤ ᠲᠣᠭᠯᠠᠯᠲᠠ᠂ ᠦᠵᠡᠭᠦᠯᠭᠡ ᠵᠡᠷᠭᠡ ᠠᠵᠢᠯᠯᠠᠭ᠎ᠠ ᠡᠷᠬᠢᠯᠡᠬᠦ ᠦᠭᠡᠢ ᠪᠠᠶᠢᠵᠤ᠂ ᠬᠥᠳᠡᠭᠡ ᠲᠣᠰᠬᠤᠨ ᠤ ᠵᠠᠬ᠎ᠠ ᠵᠡᠭᠡᠯᠢ ᠶᠢᠨ ᠠᠷᠠᠯᠵᠢᠶ᠎ᠠ ᠶᠢᠨ ᠬᠡᠪᠴᠢᠶ᠎ᠡ ᠪᠠ ᠳᠠᠪᠲᠠᠮᠵᠢ ᠤᠳᠠᠭ᠎ᠠ ᠶᠢ ᠪᠠᠭᠠᠰᠬᠠᠵᠤ᠂ ᠰᠠᠯᠬᠢ ᠨᠡᠪᠲᠡᠷᠡᠭᠦᠯᠬᠦ᠂ ᠠᠷᠢᠭᠤᠳᠬᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠢ᠃      ᠴᠠᠭᠠᠨ ᠰᠠᠷ᠎ᠠ ᠶᠢᠨ ᠬᠤᠭᠤᠴᠠᠭᠠᠨ ᠳᠤ᠂ ᠬᠠᠯᠳᠠᠪᠤᠷᠢᠯᠠᠬᠤ ᠲᠦᠭᠰᠢᠭᠦᠷᠢ ᠶᠢ ᠭᠡᠷ ᠤᠨ ᠨᠠᠰᠤᠲᠠᠶᠢᠴᠤᠳ ᠲᠤ ᠪᠠᠨ ᠲᠠᠷᠬᠠᠭᠠᠬᠤ ᠠᠴᠠ ᠵᠠᠶᠢᠯᠠᠰᠬᠢᠨ᠎ᠡ      ᠬᠢᠵᠢᠭ ᠤᠨ ᠪᠠᠶᠢᠳᠠᠯ ᠳᠡᠯᠭᠡᠷᠡᠬᠦ ᠬᠤᠭᠤᠴᠠᠭᠠᠨ ᠳᠤ᠂ ᠡᠷᠡᠭᠦᠯ ᠰᠠᠷᠠᠭᠤᠯ ᠢᠶᠠᠷ ᠴᠠᠭᠠᠨ ᠰᠠᠷ᠎ᠠ ᠪᠠᠨ ᠥᠩᠭᠡᠷᠡᠭᠦᠯᠬᠦ ᠪᠣᠯ ᠣᠯᠠᠨ ᠲᠦᠮᠡᠨ ᠤ ᠬᠠᠮᠤᠭ ᠠᠴᠠ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠪᠣᠯᠣᠨ᠎ᠠ᠃ ᠪᠢᠳᠡ ᠳᠣᠣᠷᠠᠬᠢ ᠬᠡᠳᠦᠨ ᠲᠠᠯ᠎ᠠ ᠪᠠᠷ ᠠᠩᠬᠠᠷᠤᠨ ᠴᠢᠩᠭᠠᠳᠬᠠᠬᠤ ᠬᠡᠷᠡᠭᠲᠡᠢ᠄      ᠨᠢᠭᠡ ᠳᠤ᠂ ᠬᠤᠪᠢ ᠬᠥᠮᠥᠨ ᠤ ᠬᠠᠮᠠᠭᠠᠯᠠᠯᠲᠠ ᠪᠠᠨ ᠦᠷᠭᠦᠯᠵᠢᠯᠡᠨ ᠰᠠᠶᠢᠲᠤᠷ ᠬᠢᠵᠦ᠂ ᠭᠠᠷ ᠢᠶᠠᠨ ᠪᠠᠶᠢᠩᠭᠤ ᠤᠬᠢᠶᠠᠬᠤ᠂ ᠠᠮᠠᠪᠴᠢ ᠵᠡᠭᠦᠬᠦ᠂ ᠦᠷᠭᠦᠯᠵᠢ ᠰᠠᠯᠬᠢ ᠨᠡᠪᠲᠡᠷᠡᠭᠦᠯᠬᠦ᠂ ᠨᠡᠶᠢᠲᠡ ᠶᠢᠨ ᠰᠠᠪᠬ᠎ᠠ ᠬᠡᠷᠡᠭᠯᠡᠬᠦ ᠵᠡᠷᠭᠡ ᠶᠢ ᠪᠠᠷᠢᠮᠲᠠᠯᠠᠵᠤ᠂ ᠨᠡᠶᠢᠭᠡᠮ ᠤᠨ ᠬᠠᠷᠢᠯᠴᠠᠭᠠᠨ ᠤ ᠵᠠᠢ᠂ ᠬᠠᠨᠢᠶᠠᠬᠤ ᠶᠣᠰᠣ ᠳᠦᠷᠢᠮ᠂ ᠴᠡᠪᠡᠷᠯᠡᠨ ᠠᠷᠢᠭᠤᠳᠬᠠᠬᠤ ᠵᠡᠷᠭᠡ ᠡᠷᠡᠭᠦᠯ ᠬᠠᠮᠠᠭᠠᠯᠠᠯ ᠤᠨ ᠳᠠᠳᠬᠠᠯ ᠢ ᠪᠠᠲᠤᠯᠠᠵᠤ᠂ ᠬᠢᠵᠢᠭ ᠲᠤ ᠬᠠᠯᠳᠠᠪᠤᠷᠢᠯᠠᠭᠳᠠᠭᠠᠳ ᠡᠷᠡᠭᠦᠯᠵᠢᠭᠰᠡᠨ ᠤ ᠳᠠᠷᠠᠭ᠎ᠠ ᠴᠤ ᠭᠡᠰᠡᠨ ᠬᠤᠪᠢ ᠬᠥᠮᠥᠨ ᠤ ᠬᠠᠮᠠᠭᠠᠯᠠᠯᠲᠠ ᠪᠠᠨ ᠰᠠᠶᠢᠲᠤᠷ ᠬᠢᠪᠡᠯ ᠵᠣᠬᠢᠨ᠎ᠠ᠃      ᠬᠤᠶᠠᠷ ᠲᠤ᠂ ᠵᠢᠮ᠎ᠡ ᠶᠣᠰᠣ ᠲᠠᠢ ᠠᠵᠢᠯᠯᠠᠵᠤ ᠠᠮᠠᠷᠠᠬᠤ᠂ ᠵᠦᠢ ᠵᠣᠬᠢᠰᠲᠠᠢ ᠢᠳᠡᠵᠦ ᠤᠤᠭᠤᠬᠤ᠂ ᠬᠡᠮᠵᠢᠶ᠎ᠡ ᠳᠤ ᠪᠠᠨ ᠲᠣᠬᠢᠷᠠᠭᠰᠠᠨ ᠬᠥᠳᠡᠯᠭᠡᠭᠡᠨ ᠬᠢᠬᠦ᠂ ᠰᠠᠶᠢᠨ ᠰᠠᠶᠢᠬᠠᠨ ᠰᠡᠳᠬᠢᠴᠡ ᠶᠢᠨ ᠪᠠᠶᠢᠳᠠᠯ ᠢ ᠪᠠᠲᠤᠯᠠᠬᠤ ᠵᠡᠷᠭᠡ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠢ ᠪᠠᠷᠢᠮᠲᠠᠯᠠᠵᠤ᠂ ᠬᠤᠪᠢ ᠬᠥᠮᠥᠨ ᠤ ᠡᠪᠡᠳᠴᠢᠨ ᠢ ᠡᠰᠡᠷᠭᠦᠴᠡᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃      ᠭᠤᠷᠪᠠ ᠳᠤ᠂ ᠠᠯᠢ ᠴᠢᠳᠠᠬᠤ ᠪᠠᠷ ᠭᠡᠷ ᠪᠦᠯᠢ ᠶᠢᠨ ᠶᠡᠭᠡ ᠬᠡᠪᠴᠢᠶᠡᠨ ᠤ ᠴᠤᠭᠯᠠᠷᠠᠯ ᠤᠨ ᠴᠢᠨᠠᠷᠲᠠᠢ ᠠᠵᠢᠯᠯᠠᠭ᠎ᠠ ᠡᠷᠬᠢᠯᠡᠬᠦ ᠦᠭᠡᠢ᠂ ᠨᠠᠶᠢᠷ ᠴᠤᠭᠯᠠᠭᠠᠨ ᠳᠤ ᠣᠷᠤᠯᠴᠠᠬᠤ ᠦᠭᠡᠢ ᠪᠠᠶᠢᠵᠤ᠂ ᠭᠡᠷ ᠪᠦᠯᠢ ᠶᠢᠨ ᠲᠥᠷᠥᠯ ᠰᠠᠲᠤᠨ ᠤ ᠴᠤᠭᠯᠠᠷᠠᠨ ᠨᠠᠶᠢᠷᠯᠠᠬᠤ ᠬᠥᠮᠥᠨ ᠤ ᠲᠤᠭ᠎ᠠ ᠶᠢ ᠪᠠᠭᠠᠰᠬᠠᠨ᠂ ᠨᠠᠶᠢᠷ ᠴᠤᠭᠯᠠᠭᠠᠨ ᠤ ᠴᠠᠭ ᠢ ᠪᠣᠭᠤᠨᠢᠰᠬᠠᠨ᠎ᠠ᠃ ᠪᠠᠰᠠ ᠸᠢᠳᠢᠤ᠋᠂ ᠤᠲᠠᠰᠤ ᠪᠠᠷ ᠳᠠᠮᠵᠢᠭᠤᠯᠤᠨ ᠬᠠᠷᠢᠯᠴᠠᠨ ᠢᠷᠦᠭᠡᠯ ᠵᠥᠩᠨᠡᠯ ᠳᠡᠪᠰᠢᠭᠦᠯᠵᠦ᠂ ᠢᠯᠠᠩᠭᠤᠶ᠎ᠠ ᠬᠠᠯᠳᠠᠪᠤᠷᠢᠯᠠᠬᠤ ᠲᠦᠭᠰᠢᠭᠦᠷᠢ ᠶᠢ ᠭᠡᠷ ᠤᠨ ᠨᠠᠰᠤᠲᠠᠶᠢᠴᠤᠳ ᠲᠤ ᠪᠠᠨ ᠲᠠᠷᠬᠠᠭᠠᠬᠤ ᠠᠴᠠ ᠵᠠᠶᠢᠯᠠᠰᠬᠢᠬᠦ ᠬᠡᠷᠡᠭᠲᠡᠢ᠃      ᠳᠥᠷᠪᠡ ᠳᠤ᠂ ᠸᠠᠺᠼᠢᠨ ᠤ ᠲᠠᠷᠢᠯᠭ᠎ᠠ ᠬᠢᠬᠦ ᠨᠥᠬᠦᠴᠡᠯ ᠳᠤ ᠨᠡᠶᠢᠴᠡᠭᠰᠡᠳ ᠪᠦᠬᠦ ᠶᠠᠪᠤᠴᠠ ᠶᠢᠨ ᠲᠠᠷᠢᠯᠭ᠎ᠠ ᠪᠠ ᠴᠢᠩᠭᠠᠳᠬᠠᠬᠤ ᠲᠠᠷᠢᠯᠭ᠎ᠠ ᠶᠢ ᠠᠯᠢ ᠲᠦᠷᠭᠡᠨ ᠢᠶᠠᠷ ᠬᠢᠵᠦ᠂ ᠬᠤᠪᠢ ᠬᠥᠮᠥᠨ ᠪᠠ ᠭᠡᠷ ᠤᠨ ᠬᠥᠮᠥᠰ ᠤᠨ ᠢᠶᠠᠨ ᠡᠷᠡᠭᠦᠯ ᠮᠡᠨᠳᠦ ᠶᠢ ᠬᠠᠮᠠᠭᠠᠯᠠᠬᠤ ᠬᠡᠷᠡᠭᠲᠡᠢ᠃      ᠲᠠᠪᠤ ᠳᠤ᠂ ᠡᠷᠡᠭᠦᠯ ᠮᠡᠨᠳᠦ ᠶᠢᠨ ᠬᠢᠨᠠᠨ ᠰᠢᠨᠵᠢᠯᠡᠯᠲᠡ ᠪᠠᠨ ᠴᠢᠩᠭᠠᠳᠬᠠᠵᠤ᠂ ᠬᠤᠪᠢ ᠬᠥᠮᠥᠨ ᠪᠠ ᠭᠡᠷ ᠤᠨ ᠬᠥᠮᠥᠰ ᠤᠨ ᠢᠶᠠᠨ ᠡᠷᠡᠭᠦᠯ ᠮᠡᠨᠳᠦ ᠶᠢᠨ ᠪᠠᠶᠢᠳᠠᠯ ᠢ ᠨᠢᠭᠲᠠ ᠠᠩᠬᠠᠷᠴᠤ᠂ ᠬᠡᠷᠪᠡ ᠬᠠᠯᠠᠭᠤᠷᠠᠬᠤ᠂ ᠬᠠᠭᠤᠷᠠᠢ ᠪᠠᠷ ᠬᠠᠨᠢᠶᠠᠯᠭᠠᠬᠤ᠂ ᠲᠠᠮᠢᠷᠳᠠᠬᠤ᠂ ᠬᠤᠭᠤᠯᠠᠢ ᠡᠪᠡᠳᠬᠦ ᠵᠡᠷᠭᠡ ᠡᠪᠡᠳᠴᠢᠨ ᠤ ᠰᠢᠨᠵᠢ ᠢᠯᠡᠷᠡᠬᠦ᠂ ᠡᠰᠡᠬᠦᠯ᠎ᠡ ᠪᠥᠭᠡᠮ ᠬᠦᠴᠢᠯ ᠤᠨ ᠠᠷᠭ᠎ᠠ ᠴᠢᠨᠠᠷ ᠢ ᠪᠠᠶᠢᠴᠠᠭᠠᠨ ᠭᠠᠷᠭᠠᠭᠰᠠᠨ ᠦᠶ᠎ᠡ ᠳᠤ᠂ ᠠᠯᠢ ᠴᠢᠳᠠᠬᠤ ᠪᠠᠷ ᠰᠠᠯᠬᠢ ᠨᠡᠪᠲᠡᠷᠡᠭᠰᠡᠨ᠂ ᠬᠠᠷᠢᠴᠠᠩᠭᠤᠢ ᠲᠤᠰᠠᠭᠠᠷ ᠥᠷᠥᠭᠡ ᠳᠤ ᠰᠠᠭᠤᠵᠤ᠂ ᠬᠠᠮᠲᠤ ᠰᠠᠭᠤᠵᠤ ᠪᠠᠶᠢᠭ᠎ᠠ ᠬᠥᠮᠥᠰ ᠲᠠᠢ ᠪᠠᠨ ᠣᠶᠢᠷᠠᠳᠬᠤ ᠪᠠᠨ ᠴᠢᠳᠠᠬᠤ ᠶᠢᠨ ᠬᠢᠷᠢ ᠪᠠᠷ ᠪᠠᠭᠠᠰᠬᠠᠨ᠂ ᠡᠪᠡᠳᠴᠢᠨ ᠤ ᠪᠠᠶᠢᠳᠠᠯ ᠢᠶᠠᠨ ᠨᠢᠭᠲᠠ ᠠᠩᠬᠠᠷᠴᠤ᠂ ᠬᠡᠷᠪᠡ ᠡᠪᠡᠳᠴᠢᠨ ᠤ ᠪᠠᠶᠢᠳᠠᠯ ᠨᠢ ᠬᠦᠨᠳᠦᠷᠡᠪᠡᠯ ᠴᠠᠭ ᠲᠤᠬᠠᠢ ᠳᠤ ᠨᠢ ᠡᠮᠨᠡᠭᠦᠯᠬᠦ ᠬᠡᠷᠡᠭᠲᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1