ᠰᠢᠨᠬᠤᠸᠠ ᠬᠤᠷᠢᠶᠠᠨ ᠤ ᠪᠡᠭᠡᠵᠢᠩ ᠤᠨ 1 ᠰᠠᠷ᠎ᠠ ᠶᠢᠨ 9 ᠤ ᠴᠠᠬᠢᠯᠭᠠᠨ ᠮᠡᠳᠡᠭᠡ ᠨᠠᠮ ᠤᠨ ᠲᠥᠪ ᠬᠤᠷᠢᠶᠠᠨ ᠤ | ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ | ᠰᠢ ᠶᠢᠨ ᠫᠢᠩ 9 ᠤ ᠦᠳᠡ ᠶᠢᠨ ᠡᠮᠦᠨ᠎ᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ | ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠤᠶᠠᠳᠤᠭᠠᠷ ᠪᠦᠭᠦᠳᠡ ᠬᠤᠷᠠᠯ ᠳᠡᠭᠡᠷ᠎ᠡ ᠴᠢᠬᠤᠯᠠ ᠶᠠᠷᠢᠶ᠎ᠠ | ᠲᠠᠯᠪᠢᠪᠠ᠃ ᠲᠡᠷᠡ᠂ ᠨᠠᠮ ᠤᠨ ᠤᠷᠲᠤ ᠬᠤᠭᠤᠴᠠᠭ᠎ᠠ ᠪᠠᠷ ᠲᠥᠷᠥ ᠪᠠᠷᠢᠬᠤ᠂ ᠤᠯᠤᠰ ᠤᠨ ᠥᠨᠢ ᠤᠳᠠᠭᠠᠨ ᠠᠮᠤᠷ | ᠲᠦᠪᠰᠢᠨ ᠪᠠᠶᠢᠬᠤ᠂ ᠠᠷᠠᠳ ᠲᠦᠮᠡᠨ ᠤ ᠵᠣᠯ ᠵᠢᠷᠭᠠᠯ ᠠᠮᠤᠷ ᠠᠮᠤᠭᠤᠯᠠᠩ ᠳᠤ ᠬᠤᠯᠪᠣᠭᠳᠠᠬᠤ ᠥᠨᠳᠥᠷᠴᠡ ᠳᠤ ᠵᠣᠭᠰᠣᠵᠤ | ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠨᠠᠮ ᠤᠨ ᠤᠷᠲᠤ ᠬᠤᠭᠤᠴᠠᠭᠠᠨ ᠤ ᠪᠠᠶᠢᠯᠳᠤᠬᠤ ᠪᠣᠳᠣᠯᠭ᠎ᠠ᠂ ᠥᠨᠢᠳᠡ ᠶᠢᠨ | ᠰᠡᠳᠦᠪ ᠪᠣᠯᠭᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠢᠮᠠᠭᠲᠠ ᠪᠠᠷᠢᠮᠲᠠᠯᠠᠵᠤ᠂ ᠪᠠᠶᠢᠯᠳᠤᠬᠤ ᠪᠣᠳᠣᠯᠭ᠎ᠠ ᠶᠢᠨ | ᠲᠣᠭᠲᠠᠯ ᠬᠦᠴᠦᠨ ᠢᠶᠠᠨ ᠪᠠᠲᠤᠯᠠᠵᠤ᠂ ᠲᠦᠢᠯᠪᠤᠷᠢᠲᠠᠢ ᠪᠠᠷ ᠥᠪᠡᠷ ᠪᠡᠶ᠎ᠡ ᠶᠢᠨ ᠬᠤᠪᠰᠢᠬᠠᠯ ᠬᠢᠬᠦ ᠵᠣᠷᠢᠭ ᠰᠠᠨᠠᠭ᠎ᠠ ᠶᠢ | ᠪᠠᠳᠠᠷᠠᠭᠤᠯᠵᠤ᠂ ᠳᠠᠭᠠᠷᠢᠯᠲᠠ ᠶᠢᠨ ᠪᠦᠷᠢᠶ᠎ᠡ ᠶᠢ ᠥᠨᠢᠳᠡ ᠬᠠᠩᠭᠢᠨᠠᠭᠤᠯᠵᠤ᠂ ᠴᠢᠩᠭ᠎ᠠ ᠪᠠᠶᠢᠬᠤ ᠦᠨᠳᠦᠰᠦᠨ ᠬᠥᠭ ᠠᠶᠠᠰ᠂ | ᠴᠢᠩᠭ᠎ᠠ ᠪᠠᠶᠢᠬᠤ ᠠᠷᠭ᠎ᠠ ᠬᠡᠮᠵᠢᠶ᠎ᠡ᠂ ᠴᠢᠩᠭ᠎ᠠ ᠪᠠᠶᠢᠬᠤ ᠠᠭᠤᠷ ᠠᠮᠢᠰᠬᠤᠯ ᠢ ᠤᠷᠲᠤ ᠬᠤᠭᠤᠴᠠᠭ᠎ᠠ ᠪᠠᠷ ᠪᠠᠷᠢᠮᠲᠠᠯᠠᠵᠤ᠂ | ᠨᠠᠮ ᠤᠨ ᠠᠭᠤᠤ ᠶᠡᠭᠡ ᠥᠪᠡᠷ ᠪᠡᠶ᠎ᠡ ᠶᠢᠨ ᠬᠤᠪᠢᠰᠬᠠᠯ ᠢ ᠡᠴᠦᠰ ᠲᠤᠨᠢ ᠲᠤᠯᠲᠠᠯ᠎ᠠ ᠬᠢᠬᠦ ᠬᠡᠷᠡᠭᠲᠡᠢ᠃ ᠴᠢᠩᠭ᠎ᠠ ᠬᠠᠮᠢᠶᠠᠷᠬᠤ | ᠪᠠ ᠬᠠᠶᠢᠷᠠᠯᠠᠨ ᠬᠠᠯᠠᠮᠵᠢᠯᠠᠬᠤ ᠶᠢ ᠤᠶᠠᠯᠳᠤᠭᠤᠯᠬᠤ᠂ ᠤᠷᠮᠠᠰᠢᠭᠤᠯᠬᠤ ᠪᠠ ᠬᠢᠵᠠᠭᠠᠷᠯᠠᠬᠤ ᠶᠢ ᠵᠡᠷᠭᠡ ᠪᠠᠷ ᠴᠢᠬᠤᠯᠠᠴᠢᠯᠠᠬᠤ ᠶᠢ | ᠪᠠᠷᠢᠮᠲᠠᠯᠠᠵᠤ᠂ ︽ᠭᠤᠷᠪᠠᠨ ᠢᠯᠭᠠᠭ᠎ᠠ ᠲᠠᠢ ᠪᠠᠷ ᠬᠠᠨᠳᠤᠬᠤ︾ ᠶᠢ ᠪᠠᠷᠢᠮᠲᠠᠯᠠᠵᠤ᠂ ᠥᠷᠭᠡᠨ ᠣᠯᠠᠨ ᠨᠠᠮ ᠤᠨ ᠭᠡᠰᠢᠭᠦᠨ᠂ | ᠺᠠᠳ᠋ᠷ ᠤᠨ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠨᠡᠩ ᠰᠠᠶᠢᠲᠤᠷ ᠬᠥᠭᠵᠢᠭᠡᠵᠦ᠂ ᠰᠢᠨ᠎ᠡ | ᠠᠶᠠᠨ ᠳᠤ ᠡᠷᠡᠯᠬᠡᠭᠯᠡᠨ ᠤᠷᠤᠭᠰᠢᠯᠠᠬᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠭᠦᠨ ᠵᠤᠵᠠᠭᠠᠨ ᠠᠭᠤᠷ ᠠᠮᠢᠰᠬᠤᠯ | ᠪᠠ ᠠᠮᠢᠳᠤᠯᠢᠭ ᠪᠠᠶᠢᠳᠠᠯ ᠢ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠨᠠᠮ ᠤᠨ ᠲᠥᠪ ᠬᠤᠷᠢᠶᠠᠨ ᠤ ᠤᠯᠤᠰ | ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠯᠢ ᠴᠢᠶᠠᠩ᠂ ᠵᠤᠤ ᠯᠧ ᠵᠢᠢ᠂ ᠸᠠᠩ ᠬᠤ᠋ ᠨᠢᠩ᠂ ᠼᠠᠢ ᠴᠢ᠂ ᠳ᠋ᠢᠩ | ᠰᠢᠤᠸᠠᠢ ᠰᠢᠶᠠᠩ ᠬᠤᠷᠠᠯ ᠳᠤ ᠣᠷᠣᠯᠴᠠᠪᠠ᠃ | ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ | ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠯᠢ ᠰᠢ ᠬᠤᠷᠠᠯ ᠢ ᠡᠷᠬᠢᠯᠡᠵᠡᠢ᠃ | | | | | | 1 ᠰᠠᠷ᠎ᠠ ᠶᠢᠨ 9 ᠤ ᠡᠳᠦᠷ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠳᠤᠮᠳᠠᠳᠤ ᠤᠯᠤᠰ ᠤᠨ ᠡᠪ ᠬᠠᠮᠲᠤ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠤᠶᠠᠳᠤᠭᠠᠷ ᠪᠦᠭᠦᠳᠡ | ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠪᠠ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠯᠢ ᠰᠢᠤᠸᠠᠢ ᠷᠧᠨ ᠰᠡᠭᠦᠳᠡᠷᠯᠡᠪᠡ᠃ | | ᠰᠢ ᠶᠢᠨ ᠫᠢᠩ᠂ ᠲᠥᠷᠥ ᠶᠢ ᠵᠠᠰᠠᠬᠤ ᠳᠤ ᠡᠷᠬᠡᠪᠰᠢ ᠤᠷᠢᠳ ᠢᠶᠠᠷ ᠨᠠᠮ ᠢ ᠵᠠᠰᠠᠬᠤ ᠬᠡᠷᠡᠭᠲᠡᠢ᠂ ᠨᠠᠮ ᠮᠠᠨᠳᠤᠪᠠᠯ ᠰᠠᠶ᠋ᠢ | ᠤᠯᠤᠰ ᠭᠥᠷᠥᠨ ᠬᠦᠴᠦᠷᠬᠡᠭᠵᠢᠵᠦ ᠴᠢᠳᠠᠨ᠎ᠠ᠃ ᠰᠢᠨ᠎ᠡ ᠴᠠᠭ ᠦᠶ᠎ᠡ ᠶᠢᠨ ᠠᠷᠪᠠᠨ ᠵᠢᠯ ᠳᠤ᠂ ᠨᠠᠮ ᠤᠨ ᠲᠥᠪ ᠬᠤᠷᠢᠶ᠎ᠠ | ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ︽ᠲᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ | ᠪᠠᠶᠢᠷᠢᠰᠢᠭᠤᠯᠤᠯᠲᠠ ᠳᠤ ᠣᠷᠣᠭᠤᠯᠵᠤ᠂ ᠬᠢᠲᠤᠭ᠎ᠠ ᠶᠢᠨ ᠢᠷ ᠢ ᠳᠣᠲᠣᠭᠰᠢ ᠬᠠᠨᠳᠤᠭᠤᠯᠵᠤ᠂ ᠶᠠᠰᠤ ᠶᠢ ᠬᠤᠰᠤᠵᠤ ᠬᠤᠣᠷ ᠢ | ᠠᠷᠢᠯᠭᠠᠵᠤ᠂ ᠬᠦᠴᠦᠲᠡᠢ ᠡᠮ ᠢᠶᠠᠷ ᠠᠷᠬᠠᠭ ᠢ ᠠᠷᠢᠯᠭᠠᠵᠤ᠂ ᠬᠦᠨᠳᠦ ᠡᠷᠡᠭᠦᠦ ᠰᠢᠢᠳᠬᠡᠯ ᠢᠶᠠᠷ ᠰᠠᠮᠠᠭᠤᠷᠠᠯ ᠢ ᠵᠠᠰᠠᠵᠤ᠂ | ᠨᠠᠮ ᠢ ᠬᠤᠪᠢᠰᠬᠠᠯᠲᠤ ᠴᠢᠨᠠᠷᠲᠠᠢ ᠳᠠᠪᠲᠠᠯᠲᠠ ᠳᠤᠮᠳᠠ ᠨᠡᠩ ᠪᠠᠲᠤ ᠴᠢᠩᠭ᠎ᠠ ᠬᠦᠴᠦᠨ ᠲᠠᠢ ᠪᠣᠯᠭᠠᠪᠠ᠃ ᠪᠦᠬᠦ ᠲᠠᠯ᠎ᠠ ᠪᠠᠷ | ᠨᠠᠮ ᠢ ᠴᠢᠩᠭ᠎ᠠ ᠵᠠᠰᠠᠬᠤ ᠠᠵᠢᠯ ᠡᠭᠦᠷᠢᠳᠡ ᠵᠣᠭᠰᠣᠰᠢ ᠦᠭᠡᠢ ᠶᠤᠮ᠂ ᠲᠣᠮᠣ ᠨᠠᠮ ᠳᠤ ᠯᠠ ᠪᠠᠶᠢᠳᠠᠭ ᠬᠦᠴᠢᠷ | ᠠᠰᠠᠭᠤᠳᠠᠯ ᠢ ᠰᠢᠢᠳᠪᠦᠷᠢᠯᠡᠬᠦ ᠰᠣᠨᠣᠷ ᠰᠡᠷᠡᠮᠵᠢ ᠪᠠ ᠡᠷᠡᠰ ᠵᠣᠷᠢᠭ ᠢᠶᠠᠨ ᠴᠠᠭ ᠢᠮᠠᠭᠲᠠ ᠪᠠᠲᠤᠯᠠᠬᠤ ᠬᠡᠷᠡᠭᠲᠡᠢ᠃ ᠬᠡᠷᠬᠢᠨ | ᠢᠮᠠᠭᠲᠠ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠬᠡᠷᠬᠢᠨ ᠢᠮᠠᠭᠲᠠ | ᠦᠵᠡᠯ ᠰᠠᠨᠠᠭ᠎ᠠ ᠪᠠᠨ ᠨᠢᠭᠡᠳᠬᠡᠵᠦ᠂ ᠵᠣᠷᠢᠭ ᠰᠠᠨᠠᠭ᠎ᠠ ᠪᠠᠨ ᠨᠢᠭᠡᠳᠬᠡᠵᠦ᠂ ᠦᠢᠯᠡ ᠠᠵᠢᠯᠯᠠᠭ᠎ᠠ ᠪᠠᠨ ᠨᠢᠭᠡᠳᠬᠡᠵᠦ᠂ ᠬᠡᠷᠬᠢᠨ | ᠢᠮᠠᠭᠲᠠ ᠬᠦᠴᠦᠷᠬᠡᠭ ᠶᠡᠭᠡ ᠲᠦᠷᠦ ᠪᠠᠷᠢᠬᠤ ᠴᠢᠳᠠᠪᠤᠷᠢ ᠪᠠ ᠤᠳᠤᠷᠢᠳᠬᠤ ᠲᠦᠪᠰᠢᠨ ᠲᠠᠢ ᠪᠠᠶᠢᠵᠤ᠂ ᠬᠡᠷᠬᠢᠨ ᠢᠮᠠᠭᠲᠠ | ᠠᠵᠢᠯ ᠬᠢᠵᠦ ᠦᠢᠯᠡᠰ ᠪᠣᠰᠬᠠᠬᠤ ᠵᠣᠷᠢᠭ ᠰᠠᠨᠠᠭᠠᠨ ᠤ ᠪᠠᠶᠢᠳᠠᠯ ᠢᠶᠠᠨ ᠪᠠᠲᠤᠯᠠᠵᠤ᠂ ᠬᠡᠷᠬᠢᠨ ᠢᠮᠠᠭᠲᠠ ᠲᠣᠰ ᠪᠡᠶ᠎ᠡ ᠳᠡᠭᠡᠨ | ᠣᠷᠣᠰᠢᠵᠤ ᠪᠠᠶᠢᠭ᠎ᠠ ᠠᠰᠠᠭᠤᠳᠠᠯ ᠢᠶᠠᠨ ᠴᠠᠭ ᠲᠤᠬᠠᠢ ᠳᠤᠨᠢ ᠢᠯᠡᠷᠡᠭᠦᠯᠦᠨ ᠰᠢᠢᠳᠪᠦᠷᠢᠯᠡᠵᠦ᠂ ᠬᠡᠷᠬᠢᠨ ᠢᠮᠠᠭᠲᠠ ᠰᠤᠷᠲᠠᠯ | ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠪᠠᠲᠤᠯᠠᠬᠤ ᠪᠣᠯ ᠴᠥᠮ ᠮᠠᠨ ᠤ ᠡᠨᠡ ᠬᠦ ᠲᠣᠮᠣ ᠨᠠᠮ ᠤᠨ | ᠡᠷᠬᠡᠪᠰᠢ ᠰᠢᠢᠳᠪᠦᠷᠢᠯᠡᠬᠦ ᠣᠨᠴᠠ ᠪᠠᠶᠢᠳᠠᠭ ᠬᠦᠴᠢᠷ ᠠᠰᠠᠭᠤᠳᠠᠯ ᠪᠣᠯᠣᠨ᠎ᠠ᠃ ᠡᠳᠡᠭᠡᠷ ᠬᠦᠴᠢᠷ ᠠᠰᠠᠭᠤᠳᠠᠯ ᠢ | ᠰᠢᠢᠳᠪᠦᠷᠢᠯᠡᠬᠦ ᠪᠣᠯ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠠᠬᠢ ᠨᠠᠮ ᠤᠨ ᠡᠭᠦᠷᠭᠡ ᠬᠠᠷᠢᠭᠤᠴᠠᠯᠭ᠎ᠠ ᠶᠢ ᠪᠡᠶᠡᠯᠡᠭᠦᠯᠬᠦ ᠳᠤ | ᠡᠷᠬᠡᠪᠰᠢ ᠲᠤᠭᠤᠯᠬᠤ ᠴᠢᠬᠤᠯᠠᠲᠠᠢ ᠳᠠᠪᠠᠭ᠎ᠠ ᠪᠣᠯᠣᠨ᠎ᠠ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠰᠢᠨ᠎ᠡ | ᠪᠠᠶᠢᠳᠠᠯ ᠰᠢᠨ᠎ᠡ ᠱᠠᠭᠠᠷᠳᠠᠯᠭ᠎ᠠ ᠳᠤ ᠵᠣᠬᠢᠴᠠᠬᠤ ᠳᠤ ᠡᠷᠬᠡᠪᠰᠢ ᠰᠢᠢᠳᠪᠦᠷᠢᠯᠡᠬᠦ ᠴᠢᠬᠤᠯᠠᠲᠠᠢ ᠬᠦᠴᠢᠷ ᠠᠰᠠᠭᠤᠳᠠᠯ ᠪᠣᠯᠣᠨ᠎ᠠ | ᠭᠡᠵᠦ ᠵᠢᠭᠠᠵᠤ ᠭᠠᠷᠭᠠᠵᠠᠢ᠃ | ᠰᠢ ᠶᠢᠨ ᠫᠢᠩ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠪᠠᠶᠢᠭᠤᠯᠬᠤ ᠪᠣᠯ ᠪᠦᠬᠦ ᠲᠠᠯ᠎ᠠ ᠶᠢᠨ | ᠴᠢᠨᠠᠷᠲᠠᠢ᠂ ᠡᠭᠦᠳᠦᠯᠲᠡ ᠶᠢᠨ ᠴᠢᠨᠠᠷᠲᠠᠢ ᠠᠵᠢᠯ ᠮᠥᠨ᠃ ᠰᠢᠨ᠎ᠡ ᠴᠠᠭ ᠦᠶ᠎ᠡ ᠶᠢᠨ ᠠᠷᠪᠠᠨ ᠵᠢᠯ ᠳᠤ᠂ ᠮᠠᠨ ᠤ ᠨᠠᠮ ᠥᠪᠡᠷ | ᠪᠡᠶ᠎ᠡ ᠶᠢᠨ ᠬᠤᠪᠢᠰᠬᠠᠯ ᠬᠢᠬᠦ ᠵᠢᠮ᠎ᠡ ᠶᠣᠰᠣᠨ ᠤ ᠲᠤᠬᠠᠢ ᠲᠠᠨᠢᠯᠲᠠ ᠪᠠᠨ ᠲᠠᠰᠤᠷᠠᠯᠳᠡ ᠦᠭᠡᠢ ᠭᠦᠨᠵᠡᠭᠡᠶᠢᠷᠡᠭᠦᠯᠵᠦ᠂ ᠨᠠᠮ ᠤᠨ | ᠪᠠᠶᠢᠭᠤᠯᠤᠯᠲᠠ ᠶᠢᠨ ᠤᠨᠤᠯ ᠤᠨ ᠰᠢᠨ᠎ᠡ ᠡᠭᠦᠳᠦᠯᠲᠡ᠂ ᠦᠢᠯᠡᠳᠦᠯᠭᠡ ᠶᠢᠨ ᠰᠢᠨ᠎ᠡ ᠡᠭᠦᠳᠦᠯᠲᠡ᠂ ᠳᠦᠷᠢᠮ ᠤᠨ ᠰᠢᠨ᠎ᠡ | ᠡᠭᠦᠳᠦᠯᠲᠡ ᠶᠢ ᠲᠠᠰᠤᠷᠠᠯᠳᠡ ᠦᠭᠡᠢ ᠠᠬᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠠᠩᠬ᠎ᠠ | ᠠᠯᠬᠤᠮ ᠪᠠᠶᠢᠭᠤᠯᠪᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠨᠢ ᠨᠢᠭᠡ ᠠᠭᠤᠯᠬᠤᠨ ᠢᠶᠠᠷ ᠪᠠᠶᠠᠯᠢᠭ᠂ | ᠴᠢᠳᠠᠮᠵᠢ ᠨᠢ ᠪᠦᠷᠢᠨ ᠲᠡᠭᠦᠯᠳᠡᠷ᠂ ᠰᠢᠨᠵᠢᠯᠡᠬᠦ ᠤᠬᠠᠭᠠᠨᠴᠢ ᠪᠥᠭᠡᠳ ᠵᠢᠷᠤᠮᠵᠢᠭᠤᠨ᠂ ᠥᠨᠳᠥᠷ ᠪᠦᠲᠦᠮᠵᠢᠲᠡᠢ ᠬᠥᠳᠡᠯᠦᠩᠭᠦᠢ | ᠰᠢᠰᠲ᠋ᠧᠮ ᠪᠠᠶᠢᠬᠤ ᠬᠡᠷᠡᠭᠲᠡᠢ᠃ ᠡᠨᠡ ᠬᠦ ᠰᠢᠰᠲ᠋ᠧᠮ ᠢ ᠲᠡᠭᠦᠯᠳᠡᠷᠵᠢᠭᠦᠯᠬᠦ ᠳᠤ᠂ ᠳᠦᠷᠢᠮ ᠢᠶᠠᠷ ᠨᠠᠮ ᠢ ᠵᠠᠰᠠᠬᠤ᠂ ᠳᠦᠷᠢᠮ | ᠲᠣᠭᠲᠠᠭᠠᠯ ᠶᠣᠰᠣᠭᠠᠷ ᠨᠠᠮ ᠢ ᠵᠠᠰᠠᠬᠤ ᠶᠢ ᠪᠠᠷᠢᠮᠲᠠᠯᠠᠵᠤ᠂ ᠨᠠᠮ ᠤᠨ ᠡᠯ᠎ᠡ ᠲᠠᠯ᠎ᠠ ᠶᠢᠨ ᠪᠠᠶᠢᠭᠤᠯᠤᠯᠲᠠ ᠶᠢ ᠣᠷᠭᠠᠨᠢᠭ ᠢᠶᠠᠷ | ᠵᠣᠯᠭᠠᠭᠤᠯᠬᠤ᠂ ᠬᠤᠯᠪᠣᠯᠳᠤᠭᠤᠯᠤᠨ ᠨᠡᠶᠢᠳᠬᠡᠬᠦ᠂ ᠬᠠᠮᠵᠢᠯᠴᠠᠭᠤᠯᠤᠨ ᠵᠣᠬᠢᠴᠠᠭᠤᠯᠬᠤ ᠶᠢ ᠨᠡᠩ ᠲᠤᠪᠤᠶᠢᠯᠭᠠᠵᠦ᠂ | ᠪᠠᠶᠢᠭᠤᠯᠤᠮᠵᠢ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠬᠦ ᠪᠠ ᠬᠠᠤᠯᠢ ᠲᠣᠭᠲᠠᠭᠠᠯ ᠳᠦᠷᠢᠮ ᠢ ᠰᠢᠨᠵᠢᠯᠡᠬᠦ | ᠤᠬᠠᠭᠠᠨᠴᠢ ᠪᠥᠭᠡᠳ ᠪᠦᠲᠦᠮᠵᠢᠲᠡᠢ ᠪᠣᠯᠭᠠᠬᠤ ᠶᠢ ᠨᠡᠩ ᠲᠤᠪᠤᠶᠢᠯᠭᠠᠵᠦ᠂ ᠵᠠᠰᠠᠯᠲᠠ ᠶᠢᠨ ᠣᠶᠢᠯᠠᠭᠠᠭᠳᠠᠬᠤᠨ᠂ | ᠰᠢᠰᠲ᠋ᠧᠮ ᠤᠨ ᠦᠵᠡᠯᠲᠡ᠂ ᠬᠤᠪᠢᠰᠤᠩᠭᠤᠢ ᠰᠡᠳᠬᠢᠬᠦᠢ ᠪᠠᠷ ᠨᠠᠮ ᠢ ᠬᠠᠮᠢᠶᠠᠷᠴᠤ ᠨᠠᠮ ᠢ ᠵᠠᠰᠠᠵᠤ ᠨᠠᠮ ᠢ ᠪᠠᠶᠢᠭᠤᠯᠬᠤ ᠶᠢ | ᠨᠡᠩ ᠲᠤᠪᠤᠶᠢᠯᠭᠠᠬᠤ ᠬᠡᠷᠡᠭᠲᠡᠢ᠃ ᠠᠭᠤᠯᠭ᠎ᠠ ᠶᠢᠨ ᠲᠠᠯ᠎ᠠ ᠪᠠᠷ ᠪᠦᠬᠦᠨ ᠢ ᠬᠠᠮᠤᠷᠬᠤ᠂ ᠪᠥᠬᠦ ᠡᠲᠡᠭᠡᠳ ᠢ ᠬᠠᠮᠤᠷᠬᠤ᠂ | ᠬᠠᠷᠢᠭᠤᠴᠠᠯᠭ᠎ᠠ ᠶᠢᠨ ᠲᠠᠯ᠎ᠠ ᠪᠠᠷ ᠪᠦᠬᠦᠨ ᠢ ᠬᠡᠯᠬᠢᠶᠡᠵᠢᠭᠦᠯᠬᠦ᠂ ᠳᠦᠷᠢᠮ ᠤᠨ ᠲᠠᠯ᠎ᠠ ᠪᠠᠷ ᠪᠦᠬᠦᠨ ᠢ ᠨᠡᠪᠲᠡᠷᠡᠭᠦᠯᠬᠦ ᠶᠢ | ᠪᠠᠷᠢᠮᠲᠠᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠤᠯᠠᠮ ᠴᠢᠨᠠᠭᠰᠢᠳᠠ ᠪᠦᠷᠢᠨᠰᠢᠭᠦᠯᠵᠦ᠂ ᠪᠦᠬᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠡᠯ᠎ᠡ ᠵᠦᠢᠯ ᠤᠨ ᠠᠵᠢᠯ ᠢ ᠴᠠᠭ ᠦᠶᠡᠴᠢ ᠴᠢᠨᠠᠷ ᠢ ᠨᠡᠩ ᠰᠠᠶᠢᠲᠤᠷ ᠢᠯᠡᠷᠡᠭᠦᠯᠵᠦ᠂ | ᠵᠢᠮ᠎ᠡ ᠶᠣᠰᠣᠴᠢ ᠴᠢᠨᠠᠷ ᠢ ᠡᠵᠡᠮᠰᠢᠬᠦ᠂ ᠪᠦᠲᠦᠭᠡᠯᠴᠢ ᠴᠢᠨᠠᠷ ᠢᠶᠠᠷ ᠪᠠᠶᠠᠯᠢᠭ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠵᠠᠢ᠃ | ᠰᠢ ᠶᠢᠨ ᠫᠢᠩ᠂ ᠬᠦᠴᠦᠲᠡᠢ ᠤᠯᠤᠰ ᠲᠥᠷᠥ ᠶᠢᠨ ᠬᠢᠨᠠᠯᠲᠠ ᠲᠠᠯᠪᠢᠯᠲᠠ ᠪᠠᠷ ᠨᠠᠮ ᠤᠨ ᠬᠤᠷᠢᠳᠤᠭᠠᠷ ᠶᠡᠭᠡ | ᠬᠤᠷᠠᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ | ᠪᠠᠲᠤᠯᠠᠬᠤ ᠬᠡᠷᠡᠭᠲᠡᠢ᠃ ᠤᠯᠤᠰ ᠲᠦᠷᠦ ᠶᠢᠨ ᠬᠢᠨᠠᠯᠲᠠ ᠲᠠᠯᠪᠢᠯᠲᠠ ᠪᠣᠯ ᠪᠦᠬᠦ ᠨᠠᠮ ᠤᠨ ᠨᠠᠮ ᠤᠨ ᠲᠥᠪ ᠬᠤᠷᠢᠶᠠᠨ ᠤ | ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠬᠤ ᠶᠢ ᠱᠠᠯᠠᠪᠳᠠᠭᠤᠯᠬᠤ ᠬᠦᠴᠦᠲᠡᠢ ᠠᠷᠭ᠎ᠠ ᠬᠡᠮᠵᠢᠶ᠎ᠡ ᠮᠥᠨ᠂ | ᠪᠣᠳᠠᠲᠠᠶᠢᠵᠢᠭᠤᠯᠬᠤ᠂ ᠣᠨᠣᠪᠴᠢᠲᠠᠢ ᠪᠣᠯᠭᠠᠬᠤ᠂ ᠪᠠᠶᠢᠩᠭᠤᠵᠢᠭᠤᠯᠬᠤ ᠳᠡᠭᠡᠷ᠎ᠡ ᠨᠡᠩ ᠶᠡᠭᠡ ᠬᠦᠴᠦ ᠲᠠᠯᠪᠢᠬᠤ ᠬᠡᠷᠡᠭᠲᠡᠢ᠃ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠰᠠᠯᠠᠭ᠎ᠠ ᠮᠥᠴᠢᠷ᠂ ᠠᠵᠢᠯ ᠲᠦᠷᠦᠯ᠂ ᠬᠦᠷᠢᠶ᠎ᠡ ᠴᠠᠷᠠᠭᠠᠨ ᠤ ᠪᠣᠳᠠᠲᠠᠢ ᠪᠠᠶᠢᠳᠠᠯ ᠲᠠᠢ ᠨᠢᠭᠲᠠ | ᠤᠶᠠᠯᠳᠤᠭᠤᠯᠬᠤ ᠶᠢ ᠠᠬᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠪᠦᠬᠦ ᠲᠠᠯ᠎ᠠ ᠪᠠᠷ ᠲᠤᠭᠤᠰᠢᠯᠠᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠬᠤ᠂ | ᠰᠢᠨ᠎ᠡ ᠬᠥᠭᠵᠢᠯᠲᠡ ᠶᠢᠨ ᠪᠠᠶᠢᠷᠢᠰᠢᠯ ᠢ ᠰᠠᠨᠠᠭᠠᠴᠢᠯᠠᠭ᠎ᠠ ᠠᠴᠠ ᠪᠠᠨ ᠪᠠᠶᠢᠭᠤᠯᠬᠤ ᠵᠡᠷᠭᠡ ᠪᠠᠶᠢᠯᠳᠤᠬᠤ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠭᠰᠠᠨ ᠡᠰᠡᠬᠦ᠂ ᠰᠠᠶᠢᠲᠤᠷ ᠨᠠᠶᠢᠳᠠᠪᠤᠷᠢᠵᠢᠭᠤᠯᠤᠭᠰᠠᠨ ᠡᠰᠡᠬᠦ ᠶᠢ ᠦᠵᠡᠬᠦ ᠬᠡᠷᠡᠭᠲᠡᠢ︔ | ᠨᠠᠮ ᠤᠨ ᠲᠥᠪ ᠬᠤᠷᠢᠶᠠᠨ ᠤ ᠳᠤᠷᠠᠳᠤᠭᠰᠠᠨ ᠭᠤᠣᠯᠳᠠᠯᠭ᠎ᠠ ᠲᠠᠢ ᠡᠭᠦᠷᠭᠡ᠂ ᠭᠤᠣᠯᠳᠠᠯᠭ᠎ᠠ ᠲᠠᠢ ᠠᠷᠭ᠎ᠠ ᠬᠡᠮᠵᠢᠶ᠎ᠡ᠂ | ᠴᠢᠬᠤᠯᠠ ᠲᠦᠷᠦ ᠶᠢᠨ ᠪᠣᠳᠣᠯᠭ᠎ᠠ᠂ ᠴᠢᠬᠤᠯᠠ ᠱᠠᠭᠠᠷᠳᠠᠯᠭ᠎ᠠ ᠶᠢ ᠬᠢᠷᠢ ᠵᠡᠷᠭᠡ ᠲᠤᠭᠤᠰᠢᠯᠠᠭᠤᠯᠤᠭᠰᠠᠨ ᠢ ᠦᠵᠡᠨ᠎ᠡ︔ | ᠲᠤᠰ ᠭᠠᠵᠠᠷ ᠣᠷᠣᠨ ᠲᠤᠰ ᠰᠠᠯᠠᠭ᠎ᠠ ᠮᠥᠴᠢᠷ ᠲᠤᠰ ᠨᠢᠭᠡᠴᠢ ᠳᠤ ᠬᠠᠷᠢᠶᠠᠯᠠᠭᠳᠠᠬᠤ ᠲᠤᠰᠢᠶᠠᠯ ᠬᠠᠷᠢᠭᠤᠴᠠᠯᠭ᠎ᠠ ᠶᠢ | ᠡᠭᠦᠷᠭᠡᠯᠡᠵᠦ ᠪᠠᠶᠢᠬᠤ ᠡᠰᠡᠬᠦ ᠶᠢ ᠦᠵᠡᠨ᠎ᠡ᠃ ᠵᠠᠷᠯᠢᠭᠳᠠᠵᠤ ᠪᠠᠶᠢᠲᠠᠯ᠎ᠠ ᠬᠡᠷᠡᠭᠵᠢᠭᠦᠯᠬᠦ ᠦᠭᠡᠢ᠂ ᠴᠠᠭᠠᠵᠠᠯᠠᠵᠤ ᠪᠠᠶᠢᠲᠠᠯ᠎ᠠ | ᠬᠤᠷᠢᠭᠯᠠᠬᠤ ᠦᠭᠡᠢ᠂ ᠰᠣᠩᠭᠤᠯᠲᠠ ᠬᠢᠬᠦ᠂ ᠥᠭᠡᠷᠡᠲᠦᠭᠦᠯᠦᠨ ᠬᠤᠪᠢᠷᠠᠭᠤᠯᠵᠤ᠂ ᠲᠡᠷᠡ ᠶᠣᠰᠣᠭᠠᠷ ᠨᠢ ᠬᠡᠷᠡᠭᠵᠢᠭᠦᠯᠬᠦ | ᠦᠭᠡᠢ᠂ ᠶᠡᠭᠡ ᠲᠠᠯ᠎ᠠ ᠶᠢ ᠬᠠᠶᠢᠬᠤᠷᠬᠤ ᠦᠭᠡᠢ᠂ ᠰᠠᠯᠠᠭ᠎ᠠ ᠮᠥᠴᠢᠷ ᠪᠠ ᠣᠷᠣᠨ ᠨᠤᠲᠤᠭ ᠤᠨ ᠬᠠᠮᠠᠭᠠᠯᠠᠬᠤ ᠦᠵᠡᠯ ᠢ | ᠶᠠᠪᠤᠭᠤᠯᠬᠤ᠂ ᠲᠡᠷᠡ ᠬᠡᠪ ᠢᠶᠠᠷ ᠨᠢ ᠨᠡᠭᠦᠯᠭᠡᠨ ᠬᠡᠷᠡᠭᠯᠡᠬᠦ᠂ ᠳᠡᠭᠡᠷ᠎ᠡ ᠳᠣᠣᠷᠠᠳᠤ ᠱᠠᠲᠤ ᠪᠠᠷ ᠢᠶᠠᠨ ᠴᠥᠮ ᠪᠦᠳᠦᠭᠦᠯᠢᠭ | ᠪᠠᠶᠢᠬᠤ ᠵᠡᠷᠭᠡ ᠲᠣᠪᠤᠶᠢᠮ᠎ᠠ ᠠᠰᠠᠭᠤᠳᠠᠯ ᠢ ᠴᠠᠭ ᠲᠤᠬᠠᠢ ᠳᠤᠨᠢ ᠣᠨᠣᠪᠴᠢᠲᠠᠢ ᠣᠯᠵᠤ ᠢᠯᠡᠷᠡᠭᠦᠯᠦᠨ᠂ ᠲᠤᠭᠤᠰᠢᠯᠠᠭᠤᠯᠤᠨ | ᠬᠡᠷᠡᠭᠵᠢᠭᠦᠯᠬᠦ ᠳᠤᠮᠳᠠᠬᠢ ᠲᠦᠭᠵᠢᠷᠡᠯ ᠪᠡᠷᠬᠡ ᠠᠰᠠᠭᠤᠳᠠᠯ ᠢ ᠦᠨᠡᠨ ᠬᠦ ᠨᠡᠪᠲᠡᠷᠡᠭᠦᠯᠬᠦ ᠬᠡᠷᠡᠭᠲᠡᠢ᠃ ᠨᠠᠮ ᠤᠨ ᠲᠥᠪ | ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠲᠣᠭᠲᠠᠴᠠ ᠶᠢ | ᠲᠡᠭᠦᠯᠳᠡᠷᠵᠢᠭᠦᠯᠬᠦ ᠶᠢ ᠠᠬᠢᠭᠤᠯᠵᠤ᠂ ᠬᠦᠴᠦᠲᠡᠢ ᠪᠦᠲᠦᠮᠵᠢᠲᠡᠢ ᠡᠳᠦᠷ ᠲᠤᠳᠤᠮ ᠤᠨ ᠬᠢᠨᠠᠯᠲᠠ ᠪᠠᠷ ᠡᠯ᠎ᠡ ᠵᠦᠢᠯ ᠤᠨ | ᠲᠦᠷᠦ ᠶᠢᠨ ᠪᠣᠳᠣᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠢ ᠲᠣᠭᠲᠠᠭᠠᠨ ᠬᠡᠷᠡᠭᠵᠢᠭᠦᠯᠦᠭᠰᠡᠨ ᠨᠢ ᠮᠠᠨ ᠤ | ᠨᠠᠮ ᠤᠨ ᠰᠢᠨ᠎ᠡ ᠴᠠᠭ ᠦᠶ᠎ᠡ ᠶᠢᠨ ᠢᠲᠡᠭᠡᠯ ᠬᠦᠨᠳᠦ ᠲᠠᠢ ᠠᠵᠢᠯᠯᠠᠭ᠎ᠠ ᠪᠣᠯᠣᠨ᠎ᠠ᠂ ᠡᠷᠬᠡᠪᠰᠢ ᠴᠥᠬᠦᠷᠡᠰᠢ ᠦᠭᠡᠢ ᠠᠳᠬᠤᠵᠤ᠂ | ᠤᠷᠲᠤ ᠬᠤᠭᠤᠴᠠᠭ᠎ᠠ ᠪᠠᠷ ᠪᠠᠷᠢᠮᠲᠠᠯᠠᠵᠤ᠂ ᠰᠤᠷᠲᠠᠯ ᠢ ᠦᠨᠡᠨ ᠬᠦ ᠰᠠᠶᠢᠵᠢᠷᠠᠭᠤᠯᠵᠤ᠂ ᠰᠢᠯᠢᠳᠡᠭ ᠨᠠᠮ ᠤᠨ ᠰᠤᠷᠲᠠᠯ ᠢᠶᠠᠷ | ᠨᠡᠶᠢᠭᠡᠮ ᠤᠨ ᠰᠤᠷᠲᠠᠯ ᠠᠷᠠᠳ ᠤᠨ ᠰᠤᠷᠲᠠᠯ ᠢ ᠬᠥᠲᠥᠯᠥᠨ ᠳᠠᠭᠠᠭᠤᠯᠬᠤ ᠬᠡᠷᠡᠭᠲᠡᠢ᠃ ᠵᠢᠷᠭᠠᠨ ᠴᠡᠩᠭᠡᠬᠦ ᠦᠵᠡᠯ᠂ ᠱᠠᠯᠢᠨ | ᠪᠦᠷᠢᠯᠭᠡᠬᠦ ᠰᠤᠷᠲᠠᠯ ᠢ ᠦᠷᠭᠦᠯᠵᠢᠯᠡᠨ ᠵᠠᠯᠠᠷᠠᠭᠤᠯᠤᠨ ᠵᠠᠰᠠᠵᠤ᠂ ᠰᠤᠷᠲᠠᠯ ᠤᠨ ᠪᠠᠶᠢᠭᠤᠯᠤᠯᠲᠠ ᠶᠢᠨ ᠭᠠᠵᠠᠷ ᠣᠷᠣᠨ ᠤ | ᠴᠢᠨᠠᠷᠲᠠᠢ᠂ ᠠᠵᠢᠯ ᠲᠦᠷᠦᠯ ᠤᠨ ᠴᠢᠨᠠᠷᠲᠠᠢ᠂ ᠱᠠᠲᠤ ᠦᠶᠡᠴᠢ ᠴᠢᠨᠠᠷᠲᠠᠢ ᠣᠨᠴᠠᠯᠢᠭ ᠢ ᠡᠵᠡᠮᠳᠡᠨ᠂ ᠨᠡᠶᠢᠳᠡᠮ ᠡᠭᠦᠰᠦᠭᠰᠡᠨ᠂ | ᠲᠠᠬᠢᠨ ᠳᠠᠪᠲᠠᠨ ᠢᠯᠡᠷᠡᠭᠰᠡᠨ ᠠᠰᠠᠭᠤᠳᠠᠯ ᠢ ᠠᠳᠬᠤᠨ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ ᠰᠤᠷᠲᠠᠯ ᠤᠨ | ᠪᠠᠶᠢᠭᠤᠯᠤᠯᠲᠠ ᠶᠢᠨ ᠪᠠᠶᠢᠩᠭᠤᠵᠢᠭᠰᠠᠨ ᠤᠷᠳᠤ ᠬᠤᠭᠤᠴᠠᠭ᠎ᠠ ᠪᠦᠲᠦᠮᠵᠢᠲᠡᠢ ᠪᠣᠯᠬᠤ ᠶᠢ ᠠᠬᠢᠭᠤᠯᠬᠤ ᠬᠡᠷᠡᠭᠲᠡᠢ᠃ | ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠵᠠᠯᠠᠷᠠᠭᠤᠯᠤᠨ ᠵᠠᠰᠠᠬᠤ ᠶᠢ ᠨᠡᠩ ᠲᠣᠪᠤᠶᠢᠮ᠎ᠠ ᠪᠠᠶᠢᠷᠢᠨ ᠳᠤ ᠲᠠᠯᠪᠢᠵᠤ᠂ | ᠰᠤᠷᠲᠠᠯ ᠤᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠡᠭᠦᠷᠭᠡ ᠪᠣᠯᠭᠠᠵᠤ᠂ ᠬᠠᠨᠳᠤᠯᠭᠠᠲᠤ ᠴᠢᠨᠠᠷᠲᠠᠢ ᠠᠷᠭ᠎ᠠ ᠬᠡᠮᠵᠢᠶ᠎ᠡ ᠶᠢ | ᠰᠤᠳᠤᠯᠵᠤ᠂ ᠰᠢᠨᠵᠢᠯᠡᠬᠦ ᠤᠬᠠᠭᠠᠨᠴᠢ ᠪᠠᠷ ᠣᠨᠢᠨ ᠳᠡᠭᠡᠷ᠎ᠡ ᠨᠢ ᠴᠡᠭᠴᠡᠯᠡᠨ ᠵᠠᠰᠠᠵᠤ᠂ ᠬᠠᠲᠠᠭᠤ ᠲᠠᠢ ᠨᠢ ᠬᠠᠯᠳᠠᠵᠤ᠂ | ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠰᠠᠬᠢᠯᠭ᠎ᠠ ᠪᠠᠲᠤ ᠪᠣᠯ ᠨᠠᠮ ᠢ ᠬᠠᠮᠢᠶᠠᠷᠴᠤ ᠨᠠᠮ ᠢ ᠵᠠᠰᠠᠬᠤ ︽ᠴᠡᠭᠡᠷ ᠬᠡᠮᠵᠢᠭᠦᠷᠯᠢᠭ︾ ᠮᠥᠨ᠂ | ᠪᠠᠰᠠ ᠴᠤ ᠨᠠᠮ ᠤᠨ ᠭᠡᠰᠢᠭᠦᠨ᠂ ᠺᠠᠳ᠋ᠷ ᠤᠨ ᠲᠣᠰ ᠪᠡᠶ᠎ᠡ ᠶᠢᠨ ᠦᠶ᠋ᠯᠡ ᠠᠵᠢᠯᠯᠠᠭ᠎ᠠ ᠪᠠᠨ ᠬᠢᠵᠠᠭᠠᠷᠯᠠᠬᠤ ᠪᠠᠷᠢᠮᠵᠢᠶ᠎ᠠ ᠪᠠ | ᠵᠢᠷᠤᠮᠯᠠᠯ ᠮᠥᠨ᠃ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠨᠡᠩ ᠲᠣᠪᠤᠶᠢᠮ᠎ᠠ ᠪᠠᠶᠢᠷᠢᠨ ᠳᠤ ᠲᠠᠯᠪᠢᠵᠤ᠂ ᠨᠠᠮ ᠤᠨ | ᠳᠦᠷᠢᠮ ᠲᠣᠭᠲᠠᠭᠠᠯ ᠲᠣᠭᠲᠠᠭᠠᠬᠤ᠂ ᠨᠠᠮ ᠤᠨ ᠰᠠᠬᠢᠯᠭ᠎ᠠ ᠪᠠᠲᠤ ᠶᠢᠨ ᠬᠥᠮᠦᠵᠢᠯ ᠬᠢᠬᠦ᠂ ᠰᠠᠬᠢᠯᠭ᠎ᠠ ᠪᠠᠲᠤ ᠶᠢᠨ | ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠦᠬᠦ ᠶᠠᠪᠤᠴᠠ ᠳᠤ ᠴᠥᠮ ᠴᠢᠩᠭ᠎ᠠ ᠪᠠᠶᠢᠬᠤ ᠱᠠᠭᠠᠷᠳᠠᠯᠭ᠎ᠠ ᠶᠢ | ᠲᠤᠭᠤᠰᠢᠯᠠᠭᠤᠯᠵᠤ᠂ ᠲᠡᠮᠦᠷ ᠮᠡᠲᠦ ᠰᠠᠬᠢᠯᠭ᠎ᠠ ᠪᠠᠲᠤ ᠶᠢ ︽ᠬᠤᠷᠴᠠ ᠰᠢᠳᠦ ᠪᠣᠯᠭᠠᠬᠤ︾᠂ ᠡᠷᠬᠡ ᠰᠦᠷ ᠢ ᠨᠢ | ᠮᠠᠨᠳᠤᠭᠤᠯᠬᠤ ᠮᠥᠷᠲᠡᠭᠡᠨ ᠪᠠᠰᠠ ᠺᠠᠳ᠋ᠷᠴᠤᠳ ᠢ ᠴᠢᠬᠤᠯᠠᠴᠢᠯᠠᠵᠤ᠂ ᠰᠡᠷᠡᠮᠵᠢᠯᠡᠭᠦᠯᠵᠦ᠂ ᠤᠬᠠᠭᠠᠷᠠᠭᠤᠯᠵᠤ᠂ ᠪᠦᠬᠦ ᠨᠠᠮ ᠢ | ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠳᠡᠭᠡᠳᠦ ᠬᠡᠮᠵᠢᠶᠡᠨ ᠤ ᠤᠬᠠᠮᠰᠠᠷ ᠲᠠᠢ ᠪᠣᠯᠭᠠᠬᠤ ᠬᠡᠷᠡᠭᠲᠡᠢ᠃ | ᠡᠪ ᠬᠠᠮᠲᠤ ᠨᠠᠮ ᠤᠨ ᠭᠡᠰᠢᠭᠦᠨ ᠨᠢᠭᠡ ᠪᠦᠷᠢ ᠢᠯᠠᠩᠭᠤᠶ᠎ᠠ ᠤᠳᠤᠷᠢᠳᠬᠤ ᠺᠠᠳ᠋ᠷᠴᠤᠳ ᠴᠥᠮ ᠨᠠᠮ ᠤᠨ ᠳᠦᠷᠢᠮ ᠤᠨ | ᠤᠬᠠᠮᠰᠠᠷ ᠢ ᠪᠠᠲᠤ ᠪᠤᠢ ᠪᠣᠯᠭᠠᠵᠤ᠂ ᠨᠡᠩ ᠤᠬᠠᠮᠰᠠᠷ ᠠᠴᠠ ᠪᠠᠨ ᠨᠠᠮ ᠤᠨ ᠳᠦᠷᠢᠮ ᠢ ᠰᠤᠷᠤᠯᠴᠠᠨ᠂ ᠨᠠᠮ ᠤᠨ ᠳᠦᠷᠢᠮ ᠢ | ᠵᠢᠷᠤᠮᠯᠠᠵᠤ᠂ ᠨᠠᠮ ᠤᠨ ᠳᠦᠷᠢᠮ ᠢ ᠲᠤᠭᠤᠰᠢᠯᠠᠭᠤᠯᠤᠨ᠂ ᠨᠠᠮ ᠤᠨ ᠳᠦᠷᠢᠮ ᠢ ᠬᠠᠮᠠᠭᠠᠯᠠᠵᠤ᠂ ᠨᠠᠮ ᠤᠨ ᠳᠦᠷᠢᠮ ᠨᠠᠮ ᠤᠨ | ᠲᠣᠭᠲᠠᠭᠠᠯ ᠨᠠᠮ ᠤᠨ ᠰᠠᠬᠢᠯᠭ᠎ᠠ ᠪᠠᠲᠤ ᠪᠠᠷ ᠥᠪᠡᠷ ᠤᠨ ᠦᠭᠡ ᠶᠠᠷᠢᠶ᠎ᠠ ᠦᠢᠯᠡ ᠠᠵᠢᠯᠯᠠᠭ᠎ᠠ ᠪᠠᠨ ᠬᠦᠯᠢᠶᠡᠰᠦᠯᠡᠨ᠂ | ᠰᠠᠬᠢᠯᠭ᠎ᠠ ᠪᠠᠲᠤ ᠶᠢᠨ ᠤᠬᠠᠮᠰᠠᠷ᠂ ᠶᠣᠰᠣ ᠳᠦᠷᠢᠮ ᠤᠨ ᠤᠬᠠᠮᠰᠠᠷ ᠢᠶᠠᠨ ᠴᠢᠩᠭᠠᠳᠬᠠᠵᠤ᠂ ᠬᠢᠨᠠᠯᠲᠠ ᠪᠠ ᠬᠢᠵᠠᠭᠠᠷᠯᠠᠯ ᠢ | ᠬᠦᠯᠢᠶᠡᠬᠦ ᠣᠷᠴᠢᠨ ᠨᠥᠬᠦᠴᠡᠯ ᠤᠨ ᠳᠤᠮᠳᠠ ᠠᠵᠢᠯᠯᠠᠵᠤ ᠠᠮᠢᠳᠤᠷᠠᠬᠤ ᠳᠠᠳᠬᠠᠯ ᠲᠠᠢ ᠪᠣᠯᠬᠤ ᠬᠡᠷᠡᠭᠲᠡᠢ ᠭᠡᠵᠦ ᠵᠢᠭᠠᠵᠤ | ᠭᠠᠷᠭᠠᠪᠠ᠃ | ᠰᠢ ᠶᠢᠨ ᠫᠢᠩ᠂ ᠢᠯᠵᠠᠷᠠᠯ ᠢ ᠡᠰᠡᠷᠭᠦᠴᠡᠬᠦ ᠲᠡᠮᠡᠴᠡᠯ ᠤᠨ ᠪᠠᠶᠢᠳᠠᠯ ᠮᠥᠨ ᠬᠦ ᠬᠦᠨᠳᠦ ᠬᠡᠴᠡᠭᠦᠦ ᠨᠠᠷᠢᠨ | ᠪᠤᠳᠤᠯᠢᠶᠠᠨᠲᠠᠢ ᠪᠠᠶᠢᠨ᠎ᠠ᠂ ᠨᠡᠮᠡᠭᠳᠡᠯ ᠢ ᠬᠤᠷᠢᠭᠯᠠᠬᠤ᠂ ᠦᠯᠡᠳᠡᠭᠳᠡᠯ ᠢ ᠠᠷᠢᠯᠭᠠᠬᠤ ᠡᠭᠦᠷᠭᠡ ᠮᠥᠨ ᠬᠦ ᠪᠡᠷᠬᠡ ᠬᠠᠲᠠᠭᠤᠵᠢᠯᠲᠠᠢ | ᠪᠠᠶᠢᠨ᠎ᠠ᠃ ᠡᠷᠬᠡᠪᠰᠢ ᠦᠡᠭᠭᠡᠨ ᠲᠠᠯ᠎ᠠ ᠪᠠ ᠦᠨᠳᠦᠰᠦᠨ ᠠᠴᠠ ᠨᠢ ᠵᠡᠷᠭᠡ ᠪᠠᠷ ᠵᠠᠰᠠᠬᠤ᠂ ᠰᠢᠰᠲ᠋ᠧᠮ ᠲᠠᠢ ᠵᠠᠰᠠᠬᠤ ᠶᠢ | ᠭᠦᠨᠵᠡᠭᠡᠶᠢᠷᠡᠭᠦᠯᠵᠦ᠂ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠣᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ | ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠬᠤ ᠬᠡᠷᠡᠭᠲᠡᠢ᠃ ᠢᠯᠵᠠᠷᠠᠬᠤ ᠠᠴᠠ ᠵᠢᠷᠦᠬᠡᠰᠢᠶᠡᠬᠦ ᠲᠠᠯ᠎ᠠ ᠪᠠᠷ ᠦᠷᠭᠦᠯᠵᠢᠯᠡᠨ | ᠳᠠᠷᠤᠯᠲᠠ ᠥᠭᠴᠦ᠂ ᠣᠭᠲᠣ ᠠᠭᠤᠴᠢᠯᠠᠬᠤ ᠦᠭᠡᠢ᠂ ᠵᠢᠷᠦᠬᠡᠰᠢᠶᠡᠯ ᠢ ᠬᠤᠪᠢᠷᠠᠭᠤᠯᠬᠤ ᠦᠭᠡᠢ᠂ ᠥᠨᠳᠥᠷ ᠳᠠᠷᠤᠯᠲᠠᠲᠤ | ᠵᠠᠯᠬᠠᠭᠠᠨ ᠰᠢᠢᠳᠬᠡᠬᠦ ᠬᠦᠴᠦᠨ ᠢ ᠢᠮᠠᠭᠲᠠ ᠪᠠᠲᠤᠯᠠᠵᠤ᠂ ᠰᠠᠨᠠᠭ᠎ᠠ ᠪᠠᠨ ᠬᠤᠷᠢᠶᠠᠬᠤ ᠦᠭᠡᠢ ᠭᠠᠷ ᠢᠶᠠᠨ ᠲᠠᠲᠠᠬᠤ ᠦᠭᠡᠢ᠂ | ᠵᠣᠷᠢᠭ ᠢᠶᠠᠷ ᠢᠶᠠᠨ ᠠᠭᠠᠰᠢᠯᠡᠭ᠌ᠰᠠᠳ ᠢ ᠡᠷᠡᠰ ᠵᠠᠯᠬᠠᠭᠠᠨ ᠰᠢᠢᠳᠭᠡᠵᠦ᠂ ᠤᠯᠤᠰ ᠲᠦᠷᠦ ᠶᠢᠨ ᠠᠰᠠᠭᠤᠳᠠᠯ ᠪᠣᠯᠣᠨ ᠠᠵᠤ | ᠠᠬᠤᠢ ᠶᠢᠨ ᠠᠰᠠᠭᠤᠳᠠᠯ ᠰᠣᠯᠪᠢᠴᠠᠭᠰᠠᠨ ᠢᠯᠵᠠᠷᠠᠯ ᠢ ᠡᠷᠡᠰ ᠪᠠᠶᠢᠴᠠᠭᠠᠨ ᠰᠢᠢᠳᠪᠦᠷᠢᠯᠡᠵᠦ᠂ ᠤᠳᠤᠷᠢᠳᠬᠤ ᠺᠠᠳ᠋ᠷ ᠠᠰᠢᠭ | ᠲᠤᠰᠠ ᠶᠢᠨ ᠪᠦᠯᠦᠭᠯᠡᠯ ᠪᠣᠯᠣᠨ ᠡᠷᠬᠡ ᠰᠦᠷᠲᠦ ᠪᠦᠯᠬᠦᠮ ᠤᠨ ᠲᠥᠯᠥᠭᠡᠯᠡᠭᠴᠢ᠂ ᠣᠷᠣᠯᠠᠭᠴᠢ ᠪᠣᠯᠬᠤ ᠶᠢ ᠡᠷᠡᠰ | ᠰᠡᠷᠭᠡᠶᠢᠯᠡᠵᠦ᠂ ᠵᠠᠰᠠᠭ ᠤᠨ ᠣᠷᠳᠣᠨ ᠪᠠ ᠬᠤᠳᠠᠯᠳᠤᠭᠠᠴᠢᠨ ᠰᠥᠯᠪᠡᠭᠡᠯᠳᠦᠬᠦ᠂ ᠬᠥᠷᠥᠩᠭᠡ ᠤᠯᠤᠰ ᠲᠦᠷᠦ ᠶᠢᠨ | ᠬᠦᠷᠢᠶᠡᠨ ᠳᠤ ᠨᠡᠪᠴᠢᠬᠦ ᠵᠡᠷᠭᠡ ᠤᠯᠤᠰ ᠲᠦᠷᠦ ᠶᠢᠨ ᠠᠮᠢ ᠠᠬᠤᠢ ᠪᠣᠯᠣᠨ ᠠᠵᠤ ᠠᠬᠤᠢ ᠶᠢᠨ ᠬᠥᠭᠵᠢᠯᠲᠡ ᠶᠢᠨ ᠣᠷᠴᠢᠨ | ᠨᠥᠬᠦᠴᠡᠯ ᠢ ᠡᠪᠳᠡᠬᠦ ᠶᠢ ᠡᠷᠡᠰ ᠰᠡᠷᠭᠡᠶᠢᠯᠡᠬᠦ ᠬᠡᠷᠡᠭᠲᠡᠢ᠃ ᠨᠡᠯᠢᠶᠡᠳ ᠲᠣᠪᠤᠶᠢᠮ᠎ᠠ ᠪᠠᠶᠢᠭ᠎ᠠ ᠠᠵᠢᠯ ᠲᠦᠷᠦᠯ ᠤᠨ ᠴᠢᠨᠠᠷᠲᠠᠢ᠂ | ᠰᠢᠰᠲ᠋ᠧᠮ ᠤᠨ ᠴᠢᠨᠠᠷᠲᠠᠢ᠂ ᠣᠷᠣᠨ ᠪᠦᠰᠡ ᠶᠢᠨ ᠴᠢᠨᠠᠷᠲᠠᠢ ᠢᠯᠵᠠᠷᠠᠯ ᠤᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ | ᠬᠡᠷᠡᠭᠲᠡᠢ᠃ ᠢᠯᠵᠠᠷᠠᠵᠤ ᠦᠯᠦ ᠪᠣᠯᠬᠤ ᠲᠠᠯ᠎ᠠ ᠪᠠᠷ ᠭᠦᠨᠵᠡᠭᠡᠶᠢᠷᠡᠭᠦᠯᠦᠨ ᠥᠷᠭᠡᠳᠬᠡᠵᠦ᠂ ᠢᠯᠵᠠᠷᠠᠯ ᠢ ᠡᠰᠡᠷᠭᠦᠴᠡᠬᠦ | ᠪᠣᠭᠤᠮᠲᠠ ᠶᠢ ᠤᠷᠤᠭᠰᠢ ᠠᠬᠢᠭᠤᠯᠤᠨ᠂ ᠡᠬᠢ ᠡᠭᠦᠰᠦᠯ ᠠᠴᠠ ᠨᠢ ᠵᠠᠰᠠᠬᠤ ᠶᠢ ᠭᠦᠨᠵᠡᠭᠡᠶᠢᠷᠡᠭᠦᠯᠵᠦ᠂ ᠭᠤᠣᠯᠳᠠᠯᠭ᠎ᠠ ᠲᠠᠢ | ᠬᠦᠷᠢᠶᠡᠨ ᠳᠠᠬᠢ ᠬᠢᠨᠠᠯᠲᠠ ᠲᠠᠯᠪᠢᠬᠤ ᠲᠣᠭᠲᠠᠴᠠ ᠶᠢᠨ ᠥᠭᠡᠷᠡᠴᠢᠯᠡᠯᠲᠡ ᠪᠠ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠨ᠂ | ᠢᠯᠵᠠᠷᠠᠯ ᠤᠨ ᠡᠭᠦᠰᠦᠨ ᠳᠡᠯᠭᠡᠷᠡᠬᠦ ᠶᠢ ᠰᠡᠷᠭᠡᠶᠢᠯᠡᠨ ᠵᠠᠰᠠᠬᠤ ᠪᠠᠶᠢᠭᠤᠯᠤᠮᠵᠢ ᠲᠣᠭᠲᠠᠴᠠ ᠶᠢ ᠪᠦᠷᠢᠨᠰᠢᠭᠦᠯᠬᠦ ᠬᠡᠷᠡᠭᠲᠡᠢ᠃ | ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠪᠠᠬᠢᠵᠢᠭᠦᠯᠦᠨ ᠳᠡᠭᠡᠭᠰᠢᠯᠡᠭᠦᠯᠵᠦ᠂ ᠦᠨᠳᠦᠰᠦᠨ ᠠᠴᠠ ᠨᠢ ᠴᠡᠭᠴᠡᠯᠡᠨ ᠵᠠᠰᠠᠬᠤ᠂ | ᠦᠨᠳᠦᠰᠦ ᠶᠢ ᠪᠠᠬᠢᠵᠢᠭᠦᠯᠦᠨ ᠰᠠᠭᠤᠷᠢ ᠶᠢ ᠪᠠᠲᠤᠳᠬᠠᠬᠤ ᠶᠢ ᠨᠡᠩ ᠴᠢᠬᠤᠯᠠᠴᠢᠯᠠᠵᠤ᠂ ᠰᠢᠨ᠎ᠡ ᠴᠠᠭ ᠦᠶ᠎ᠡ ᠶᠢᠨ ᠠᠷᠢᠭᠤᠨ | ᠴᠢᠬᠡᠴᠢ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠵᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ᠂ ᠪᠦᠯᠬᠦᠮᠳᠡᠨ | ᠲᠡᠮᠡᠴᠡᠬᠦ ᠴᠠᠭ ᠦᠶ᠎ᠡ ᠶᠢᠨ ᠰᠢᠨ᠎ᠡ ᠰᠤᠷᠲᠠᠯ ᠢ ᠪᠤᠶᠢᠵᠢᠭᠤᠯᠬᠤ ᠬᠡᠷᠡᠭᠲᠡᠢ᠃ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ | ᠪᠣᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠪᠦᠲᠦᠮᠵᠢᠲᠡᠢ ᠨᠠᠪᠲᠠᠷᠡᠭᠦᠯᠵᠦ᠂ ᠡᠨᠡ ᠭᠤᠷᠪᠠᠨ ᠲᠠᠯ᠎ᠠ ᠪᠠᠷ | ᠵᠡᠷᠭᠡ ᠪᠠᠷ ᠬᠦᠴᠦᠯᠡᠵᠦ᠂ ᠢᠵᠢᠯ ᠴᠢᠭᠯᠡᠯ ᠢᠶᠠᠷ ᠬᠦᠴᠦᠯᠡᠵᠦ᠂ ᠶᠡᠷᠦᠩᠬᠡᠶᠢᠯᠡᠨ ᠬᠦᠴᠦᠯᠡᠵᠦ᠂ ᠢᠯᠵᠠᠷᠠᠬᠤ ᠠᠴᠠ | ᠵᠢᠷᠦᠬᠡᠰᠢᠶᠡᠬᠦ ᠰᠦᠷᠳᠡᠭᠦᠯᠬᠦ ᠬᠦᠴᠦᠨ᠂ ᠢᠯᠵᠠᠷᠠᠵᠤ ᠪᠣᠯᠬᠤ ᠦᠭᠡᠢ ᠪᠠᠶᠢᠬᠤ ᠬᠦᠯᠢᠶᠡᠰᠦᠯᠡᠬᠦ ᠬᠦᠴᠦᠨ᠂ ᠢᠯᠵᠠᠷᠠᠬᠤ ᠶᠢ | ᠪᠤᠳᠤᠬᠤ ᠦᠭᠡᠢ ᠪᠠᠶᠢᠬᠤ ᠤᠷᠢᠶᠠᠯᠠᠬᠤ ᠬᠦᠴᠦᠨ ᠢ ᠤᠶᠠᠯᠳᠤᠭᠤᠯᠬᠤ ᠬᠡᠷᠡᠭᠲᠡᠢ᠃ ᠬᠡᠭᠡᠯᠢ ᠲᠦᠯᠬᠢᠬᠦ ᠶᠢ ᠵᠠᠯᠬᠠᠭᠠᠨ | ᠰᠢᠢᠳᠬᠡᠬᠦ ᠬᠠᠤᠯᠢ ᠲᠣᠭᠲᠠᠭᠠᠯ ᠢ ᠴᠢᠨᠠᠭᠰᠢᠳᠠ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠡᠭᠡᠯᠢ ᠲᠦᠯᠬᠢᠭᠴᠢ ᠶᠢ ᠬᠤᠯᠪᠤᠭᠠᠯᠠᠨ | ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠲᠡᠳᠡᠭᠡᠷ ︽ᠠᠷᠤ ᠲᠦᠰᠢᠭ︾ ᠲᠠᠢ ︽ᠤᠯᠤᠰ | ᠲᠦᠷᠦ ᠶᠢᠨ ᠮᠡᠬᠡᠯᠡᠭᠴᠢ︾ ᠳᠤ ᠴᠢᠩᠭ᠎ᠠ ᠴᠣᠬᠢᠯᠲᠠ ᠥᠭᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠨᠠᠮ ᠠᠴᠠ ᠨᠢᠭᠡᠳᠦᠯᠲᠡᠢ ᠤᠳᠤᠷᠢᠳᠤᠭᠰᠠᠨ᠂ ᠪᠥᠬᠦ ᠲᠠᠯ᠎ᠠ ᠶᠢ ᠬᠠᠮᠤᠷᠤᠭᠰᠠᠨ᠂ ᠡᠷᠬᠡ ᠰᠦᠷ ᠲᠠᠢ | ᠥᠨᠳᠥᠷ ᠪᠦᠲᠦᠮᠵᠢᠲᠡᠶ ᠬᠢᠨᠠᠯᠲᠠ ᠲᠠᠯᠪᠢᠬᠤ ᠰᠢᠰᠲ᠋ᠧᠮ ᠢ ᠪᠦᠷᠢᠨᠰᠢᠭᠦᠯᠬᠦ ᠪᠣᠯ ᠤᠯᠤᠰ ᠤᠨ ᠵᠠᠰᠠᠯᠲᠠ ᠶᠢᠨ ᠰᠢᠰᠲ᠋ᠧᠮ ᠪᠣᠯᠣᠨ | ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠪᠡᠶᠡᠯᠡᠭᠦᠯᠬᠦ ᠴᠢᠬᠤᠯᠠ ᠪᠡᠯᠭᠡ ᠲᠡᠮᠳᠡᠭ ᠮᠥᠨ᠃ ᠨᠠᠮ ᠤᠨ ᠬᠤᠷᠢᠶ᠎ᠠ ︵ | ᠨᠠᠮ ᠤᠨ ᠤᠳᠤᠷᠢᠳᠬᠤ ᠳᠤᠭᠤᠶᠢᠯᠠᠩ︶ ᠭᠤᠣᠯᠯᠠᠨ ᠤᠳᠤᠷᠢᠳᠬᠤ ᠦᠢᠯᠡᠳᠦᠯ ᠢᠶᠠᠨ ᠪᠠᠳᠠᠷᠠᠭᠤᠯᠵᠤ᠂ ᠡᠯ᠎ᠡ ᠲᠦᠷᠦᠯ ᠤᠨ | ᠬᠢᠨᠠᠯᠲᠠ ᠲᠠᠯᠪᠢᠬᠤ ᠬᠦᠴᠦᠨ ᠢ ᠨᠡᠶᠢᠳᠬᠡᠬᠦ᠂ ᠲᠡᠰ ᠳᠠᠷᠠᠭᠠᠯᠠᠯ ᠢ ᠵᠣᠬᠢᠴᠠᠭᠤᠯᠬᠤ᠂ ᠠᠵᠢᠯ ᠢ ᠠᠭᠤᠰᠤᠯᠴᠠᠭᠤᠯᠬᠤ ᠶᠢ | ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠪᠠᠶᠢᠭᠤᠯᠤᠮᠵᠢ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠲᠤᠰᠬᠠᠢ ᠬᠠᠷᠢᠭᠤᠴᠠᠯᠭ᠎ᠠ ᠶᠢᠨ ᠬᠢᠨᠠᠯᠲᠠ | ᠲᠠᠯᠪᠢᠬᠤ ᠶᠢ ᠪᠣᠳᠠᠲᠠᠢ ᠬᠢᠵᠦ᠂ ᠬᠢᠨᠠᠯᠲᠠ ᠲᠠᠯᠪᠢᠬᠤ ᠲᠠᠪᠴᠠᠩ ᠢ ᠪᠠᠶᠢᠭᠤᠯᠵᠤ᠂ ᠬᠢᠨᠠᠯᠲᠠ ᠲᠠᠯᠪᠢᠬᠤ ᠲᠣᠣᠷ ᠢ ᠨᠢᠭᠲᠠ | ᠰᠦᠯᠵᠢᠵᠦ᠂ ᠨᠠᠮ ᠤᠨ ᠬᠤᠷᠢᠶ᠎ᠠ ᠶᠢ ᠬᠠᠮᠵᠢᠨ ᠬᠢᠨᠠᠯᠲᠠ ᠲᠠᠯᠪᠢᠬᠤ ᠰᠢᠰᠲ᠋ᠧᠮ ᠤᠨ ᠥᠨᠳᠥᠷ ᠪᠦᠲᠦᠮᠵᠢᠲᠡᠢ ᠡᠷᠭᠢᠯᠲᠡ ᠶᠢ | ᠠᠬᠢᠭᠤᠯᠬᠤ ᠬᠡᠷᠡᠭᠲᠡᠢ᠃ ᠲᠣᠭᠤᠷᠢᠨ ᠪᠠᠶᠢᠴᠠᠭᠠᠬᠤ ᠬᠤᠷᠴᠠ ᠰᠡᠯᠡᠮ᠎ᠡ ᠶᠢ ᠨᠡᠩ ᠢᠷ ᠲᠠᠢ ᠪᠣᠯᠭᠠᠵᠤ᠂ ᠵᠣᠷᠢᠭᠲᠠᠢ ᠪᠠᠷ | ᠠᠰᠠᠭᠤᠳᠠᠯ ᠳᠤ ᠰᠢᠭᠤᠳ ᠬᠠᠨᠳᠤᠭᠤᠯᠵᠤ᠂ ᠬᠤᠷᠴᠠ ᠰᠡᠯᠡᠮ᠎ᠡ ᠶᠢ ᠢᠮᠠᠭᠲᠠ ᠥᠨᠳᠥᠷ ᠲᠤ ᠡᠯᠭᠦᠨ᠂ ᠵᠢᠷᠦᠬᠡᠰᠢᠶᠡᠭᠦᠯᠦᠨ | ᠰᠦᠷᠳᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠪᠣᠯ ᠪᠦᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠶᠢ ᠠᠬᠢᠭᠤᠯᠬᠤ ᠴᠢᠬᠤᠯᠠ ᠬᠦᠴᠦᠨ ᠮᠥᠨ᠂ ᠡᠭᠦᠷᠭᠡ ᠥᠩᠭᠡ ᠭᠡᠷᠡᠯᠲᠡᠢ᠂ ᠬᠠᠷᠢᠭᠤᠴᠠᠯᠭ᠎ᠠ ᠬᠦᠨᠳᠦ ᠶᠡᠭᠡ | ᠶᠤᠮ᠂ ᠡᠷᠬᠡᠪᠰᠢ ᠨᠠᠮ ᠳᠠᠭᠠᠨ ᠦᠨᠡᠨᠴᠢ ᠰᠢᠳᠤᠷᠭᠤ ᠪᠠᠶᠢᠵᠤ᠂ ᠬᠦᠨᠳᠦ ᠡᠭᠦᠷᠭᠡ ᠶᠢ ᠵᠣᠷᠢᠭᠲᠠᠢ ᠡᠭᠦᠷᠭᠡᠯᠡᠵᠦ᠂ ᠬᠠᠲᠠᠭᠤ | ᠳᠠᠶᠢᠯᠠᠯᠳᠤᠭᠠᠨ ᠬᠢᠵᠦ᠂ ᠴᠢᠳᠠᠮᠠᠭᠠᠢ ᠪᠠᠷ ᠲᠡᠮᠡᠴᠡᠵᠦ᠂ ᠪᠣᠭᠤᠮᠲᠠ ᠰᠢᠪᠲᠤᠯᠬᠤ ᠳᠠᠶᠢᠯᠠᠯᠳᠤᠭᠠᠨ ᠤᠳᠠᠭᠠᠨ ᠳᠠᠭᠠᠭᠠᠮᠠᠭᠠᠢ | ᠳᠠᠶᠢᠯᠠᠯᠳᠤᠭᠠᠨ ᠤ ᠳᠤᠮᠳᠠ ᠢᠮᠠᠭᠲᠠ ᠡᠮᠦᠨ᠎ᠡ ᠨᠢ ᠭᠠᠪᠰᠢᠭᠠᠶᠢᠯᠠᠬᠤ ᠬᠡᠷᠡᠭᠲᠡᠢ᠃ ᠨᠠᠮᠴᠢ ᠴᠢᠨᠠᠷ ᠢᠶᠠᠷ ᠬᠥᠮᠥᠨ ᠪᠣᠯᠵᠤ ᠠᠵᠢᠯ | ᠬᠢᠬᠦ ᠶᠢ ᠪᠠᠷᠢᠮᠲᠠᠯᠠᠵᠤ᠂ ᠠᠭᠤᠤ ᠶᠡᠭᠡ ᠨᠠᠮ ᠪᠠᠶᠢᠭᠤᠯᠤᠭᠰᠠᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠵᠣᠷᠢᠭᠲᠠᠢ ᠪᠠᠷ ᠥᠪᠡᠷ | ᠪᠡᠶ᠎ᠡ ᠶᠢᠨ ᠬᠤᠪᠢᠰᠬᠠᠯ ᠬᠢᠵᠦ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ | ᠲᠡᠮᠡᠴᠡᠯ ᠤᠨ ᠡᠮᠦᠨ᠎ᠡ ᠹᠷᠣᠨᠲ ᠲᠤ ᠵᠠᠩ ᠰᠤᠷᠲᠠᠯ ᠢᠶᠠᠨ ᠳᠠᠪᠲᠠᠨ ᠪᠣᠯᠪᠠᠰᠤᠷᠠᠭᠤᠯᠵᠤ᠂ ᠭᠤᠣᠯᠳᠠᠯᠭ᠎ᠠ ᠶᠢᠨ ᠲᠣᠭᠤᠷᠢᠨ ᠳᠤ | ᠶᠡᠭᠡ ᠲᠠᠯ᠎ᠠ ᠳᠤ ᠦᠢᠯᠡᠴᠢᠯᠡᠬᠦ ᠳᠤᠮᠳᠠ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠡᠯ᠎ᠡ ᠵᠦᠢᠯ ᠤᠨ | ᠠᠶᠤᠯ ᠲᠦᠭᠰᠢᠭᠦᠷᠢ ᠥᠷᠢᠰᠦᠯᠳᠦᠭᠡᠨ ᠤ ᠳᠤᠮᠳᠠ ᠪᠠᠲᠤ ᠴᠢᠩᠭ᠎ᠠ ᠬᠠᠯᠬᠠᠪᠴᠢ ᠶᠢ ᠴᠣᠭᠴᠠᠯᠠᠬᠤ ᠬᠡᠷᠡᠭᠲᠡᠢ᠃ | ᠬᠠᠤᠯᠢᠵᠢᠯ ᠤᠨ ᠤᠬᠠᠮᠰᠠᠷ᠂ ᠳᠡᠰ ᠳᠠᠷᠠᠭᠠᠯᠠᠯ ᠤᠨ ᠤᠬᠠᠮᠰᠠᠷ᠂ ᠭᠡᠷᠡᠴᠢ ᠪᠠᠷᠢᠮᠲᠠ ᠶᠢᠨ ᠤᠬᠠᠮᠰᠠᠷ ᠢᠶᠠᠨ ᠴᠢᠩᠭᠠᠳᠬᠠᠵᠤ᠂ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠵᠢᠷᠤᠮᠵᠢᠭᠰᠠᠨ᠂ ᠬᠠᠤᠯᠢᠵᠢᠭᠰᠠᠨ᠂ ᠵᠢᠩᠬᠢᠨᠢᠴᠢᠯᠡᠭᠰᠡᠨ | ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠳᠣᠲᠣᠭᠠᠳᠤ ᠡᠵᠡᠮᠳᠡᠯ ᠤᠨ ᠲᠣᠭᠲᠠᠴᠠ ᠶᠢ | ᠲᠡᠭᠦᠯᠳᠡᠷᠵᠢᠭᠦᠯᠵᠦ᠂ ᠡᠯ᠎ᠡ ᠲᠠᠯ᠎ᠠ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠰᠠᠬᠢᠯᠭ᠎ᠠ ᠪᠠᠲᠤ ᠪᠠᠶᠢᠴᠠᠭᠠᠬᠤ | ᠬᠢᠨᠠᠨ ᠪᠠᠶᠢᠴᠠᠭᠠᠬᠤ ᠺᠠᠳ᠋ᠷ ᠢ ᠴᠢᠩᠭ᠎ᠠ ᠬᠠᠮᠢᠶᠠᠷᠴᠤ᠂ ᠰᠢᠰᠲ᠋ᠧᠮ ᠤᠨ ᠳᠣᠲᠣᠷᠠᠬᠢ ᠢᠯᠵᠠᠷᠠᠮᠠᠯ ᠡᠲᠡᠭᠡᠳ ᠢ ᠴᠢᠩᠭ᠎ᠠ | ᠵᠠᠯᠬᠠᠭᠠᠨ ᠰᠢᠢᠳᠭᠡᠵᠦ᠂ ︽ᠳᠡᠷᠭᠡᠳᠡᠬᠢ ᠠᠰᠠᠭᠤᠳᠠᠯ ᠢᠶᠠᠨ ᠣᠯᠵᠤ ᠬᠠᠷᠠᠬᠤ ᠦᠭᠡᠢ︾ ᠪᠠᠶᠢᠳᠠᠯ ᠢ ᠡᠷᠡᠰ ᠰᠡᠷᠭᠡᠶᠢᠯᠡᠨ | ᠵᠠᠰᠠᠬᠤ ᠬᠡᠷᠡᠭᠲᠡᠢ᠃ ᠤᠳᠠᠯ ᠦᠭᠡᠢ ᠪᠦᠬᠦ ᠨᠠᠮ ᠤᠨ ᠬᠡᠪᠴᠢᠶᠡᠨ ᠳᠤ ᠥᠷᠨᠢᠭᠦᠯᠬᠦ ᠭᠤᠣᠯ ᠰᠡᠳᠦᠪᠲᠦ ᠬᠥᠮᠦᠵᠢᠯ ᠲᠠᠢ | ᠤᠶᠠᠯᠳᠤᠭᠤᠯᠵᠤ᠂ ᠦᠵᠡᠯ ᠰᠠᠨᠠᠭ᠎ᠠ ᠪᠠᠨ ᠴᠡᠪᠡᠷᠰᠢᠭᠦᠯᠬᠦ᠂ ᠵᠣᠬᠢᠶᠠᠨ ᠪᠠᠶᠢᠭᠤᠯᠤᠯᠲᠠ ᠪᠠᠨ ᠴᠡᠪᠡᠷᠰᠢᠭᠦᠯᠬᠦ ᠶᠢ ᠲᠣᠪᠤᠶᠢᠮ᠎ᠠ | ᠠᠰᠠᠭᠤᠳᠠᠯ ᠪᠣᠯᠭᠠᠨ ᠠᠳᠬᠤᠵᠤ᠂ ᠤᠯᠤᠰ ᠲᠦᠷᠦ ᠶᠢᠨ ᠬᠥᠮᠦᠵᠢᠯ᠂ ᠨᠠᠮᠴᠢ ᠴᠢᠨᠠᠷ ᠤᠨ ᠬᠥᠮᠦᠵᠢᠯ ᠢ ᠦᠨᠡᠨ ᠬᠦ | ᠴᠢᠩᠭᠠᠳᠬᠠᠵᠤ᠂ ᠬᠠᠤᠯᠢ ᠰᠠᠬᠢᠯᠭ᠎ᠠ ᠶᠢ ᠴᠢᠩᠳᠠᠯᠠᠵᠤ᠂ ᠤᠯᠠᠨ ᠢ ᠲᠦᠢᠪᠡᠭᠡᠭᠴᠢ ᠶᠢ ᠡᠷᠡᠰ ᠴᠡᠪᠡᠷᠯᠡᠵᠦ᠂ ᠲᠡᠮᠦᠷ ᠮᠡᠲᠦ | ᠰᠠᠬᠢᠯᠭ᠎ᠠ ᠪᠠᠲᠤ ᠪᠠᠷ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠪᠣᠯᠣᠳ ᠴᠡᠷᠢᠭ ᠢ | ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠯᠢ ᠰᠢ ᠬᠤᠷᠠᠯ ᠢ ᠡᠷᠬᠢᠯᠡᠬᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠲᠣᠮᠣ ᠨᠠᠮ ᠳᠤ | ᠣᠨᠴᠠ ᠪᠠᠶᠢᠳᠠᠭ ᠬᠦᠴᠢᠷ ᠠᠰᠠᠭᠤᠳᠠᠯ ᠤᠨ ᠪᠦᠷᠢᠯᠳᠦᠭᠰᠡᠨ ᠰᠢᠯᠲᠠᠭᠠᠨ᠂ ᠭᠤᠣᠯ ᠢᠯᠡᠷᠡᠯ ᠪᠣᠯᠣᠨ ᠰᠢᠢᠳᠪᠦᠷᠢᠯᠡᠬᠦ ᠵᠠᠮ ᠢ | ᠭᠦᠨᠵᠡᠭᠡᠢ ᠵᠠᠳᠠᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠪᠦᠷᠢᠨᠰᠢᠭᠦᠯᠬᠦ ᠬᠠᠷᠠᠯᠲᠠ ᠡᠭᠦᠷᠭᠡ᠂ | ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠪᠦᠬᠦ ᠲᠠᠯ᠎ᠠ ᠪᠠᠷ ᠨᠠᠮ ᠢ ᠴᠢᠩᠭ᠎ᠠ | ᠵᠠᠰᠠᠬᠤ ᠶᠢ ᠭᠤᠶᠢᠪᠢᠰᠢ ᠦᠭᠡᠢ ᠭᠦᠨᠵᠡᠭᠡᠢ ᠠᠬᠢᠭᠤᠯᠬᠤ ᠲᠤᠬᠠᠢ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠵᠡᠢ᠃ | ᠶᠠᠷᠢᠶ᠎ᠠ ᠨᠢ ᠥᠨᠳᠥᠷ ᠲᠤ ᠵᠣᠭᠰᠣᠨ ᠠᠯᠤᠰ ᠢ ᠪᠠᠷᠠᠯᠠᠵᠦ᠂ ᠦᠵᠡᠯ ᠰᠠᠨᠠᠭ᠎ᠠ ᠨᠢ ᠭᠦᠨ ᠭᠦᠨᠵᠡᠭᠡᠢ᠂ ᠠᠭᠤᠯᠬᠤᠨ ᠨᠢ | ᠪᠠᠶᠠᠯᠢᠭ᠂ ᠥᠭᠦᠯᠡᠯᠲᠡ ᠨᠢ ᠨᠠᠷᠢᠨ ᠲᠣᠳᠣᠷᠬᠠᠢ᠂ ᠮᠠᠰᠢ ᠴᠢᠩᠭ᠎ᠠ ᠤᠯᠤᠰ ᠲᠥᠷᠥᠴᠢ ᠴᠢᠨᠠᠷ᠂ ᠵᠢᠯᠤᠭᠤᠳᠬᠤ ᠴᠢᠨᠠᠷ᠂ | ᠬᠠᠨᠳᠤᠯᠭᠠᠲᠤ ᠴᠢᠨᠠᠷ ᠲᠠᠢ ᠪᠠᠶᠢᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠬᠤ ᠦᠨᠳᠦᠰᠦᠨ | ᠵᠢᠷᠤᠮᠯᠠᠯ᠂ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ | ᠰᠠᠶᠢᠲᠠᠢ ᠬᠥᠭᠵᠢᠯᠲᠡ ᠶᠢᠨ ᠦᠨᠳᠦᠰᠦᠨ ᠵᠢᠯᠣᠭᠤᠳᠤᠯᠭ᠎ᠠ ᠪᠣᠯᠣᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠬᠤᠶᠠᠷ ᠢ ᠲᠣᠭᠲᠠᠭᠠᠭᠰᠠᠨ︾ ᠤ | ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾ ᠢᠶᠠᠨ ᠴᠢᠨᠠᠭᠰᠢᠳᠠ | ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠰᠢᠨ᠎ᠡ | ᠴᠠᠭ ᠦᠶ᠎ᠡ ᠰᠢᠨ᠎ᠡ ᠠᠶᠠᠨ ᠳᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠴᠠᠭ ᠢᠮᠠᠭᠲᠠ ᠵᠣᠭᠰᠣᠯ ᠦᠭᠡᠢ ᠠᠬᠢᠭᠤᠯᠵᠤ᠂ | ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ ᠭᠦᠨᠵᠡᠭᠡᠢ ᠠᠬᠢᠭᠤᠯᠵᠤ᠂ | ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢ ᠰᠠᠶᠢᠲᠤᠷ ᠡᠬᠢᠯᠡᠭᠦᠯᠬᠦ ᠳᠤ | ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠥᠪ ᠤᠨ ᠱᠦᠵᠢ ᠨᠠᠷ ᠤᠨ | ᠭᠠᠵᠠᠷ ᠤᠨ ᠱᠦᠵᠢ᠂ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠡᠰᠢᠭᠦᠨ ᠪᠣᠯᠬᠤ ᠨᠠᠮ ᠪᠣᠯᠣᠨ ᠲᠦᠷᠦ ᠶᠢᠨ | ᠪᠤᠰᠤᠳ ᠤᠳᠤᠷᠢᠳᠬᠤ ᠨᠥᠬᠦᠳ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠭᠡᠰᠢᠭᠦᠳ ᠬᠤᠷᠠᠯ ᠳᠤ | ᠣᠷᠣᠯᠴᠠᠪᠠ᠃ | ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠡᠰᠢᠭᠦᠨ᠂ ᠲᠥᠪ ᠪᠠ ᠲᠦᠷᠦ ᠶᠢᠨ ᠪᠠᠶᠢᠭᠤᠯᠭ᠎ᠠ ᠶᠢᠨ ᠡᠯ᠎ᠡ | ᠰᠠᠯᠠᠭ᠎ᠠ ᠮᠥᠴᠢᠷ᠂ ᠡᠯ᠎ᠡ ᠠᠷᠠᠳ ᠤᠨ ᠪᠦᠯᠬᠦᠮ ᠤᠨ ᠭᠤᠣᠯ ᠬᠠᠷᠢᠭᠤᠴᠠᠯᠭᠠᠲᠠᠨ ᠨᠥᠬᠦᠳ᠂ ᠴᠡᠷᠢᠭ ᠠᠩᠭᠢ ᠶᠢᠨ | ᠬᠤᠯᠪᠣᠭᠳᠠᠯ ᠪᠦᠬᠦᠢ ᠨᠢᠭᠡᠴᠢ ᠶᠢᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃ ᠬᠤᠷᠠᠯ ᠨᠢ ᠲᠧᠯᠸᠢᠰ | ᠤᠲᠠᠰᠤ ᠬᠤᠷᠠᠯ ᠤᠨ ᠬᠡᠯᠪᠡᠷᠢ ᠪᠠᠷ ᠶᠠᠪᠤᠭᠳᠠᠵᠤ᠂ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ | ᠬᠤᠲᠠ ᠪᠣᠯᠣᠨ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠵᠢᠴᠢ ᠴᠡᠷᠢᠭ ᠠᠩᠭᠢ ᠶᠢᠨ | ᠬᠤᠯᠪᠣᠭᠳᠠᠯ ᠪᠦᠬᠦᠢ ᠨᠢᠭᠡᠴᠢ ᠳᠤ ᠬᠤᠪᠢᠶᠠᠷᠢ ᠬᠤᠷᠠᠯ ᠤᠨ ᠲᠠᠯᠠᠪᠠᠢ ᠲᠣᠬᠢᠷᠠᠭᠤᠯᠪᠠ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ | ᠪᠠᠶᠢᠴᠠᠭᠠᠬᠤ ᠬᠤᠷᠢᠶᠠᠨ ᠤ ᠬᠤᠶᠠᠳᠤᠭᠠᠷ ᠪᠦᠭᠦᠳᠡ ᠬᠤᠷᠠᠯ 1 ᠰᠠᠷ᠎ᠠ ᠶᠢᠨ 9 ᠤ ᠡᠳᠦᠷ ᠪᠡᠭᠡᠵᠢᠩ ᠳᠤ ᠡᠬᠢᠯᠡᠪᠡ᠃ | ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠢ ᠡᠷᠬᠢᠯᠡᠪᠡ᠃ 9 ᠤ ᠦᠳᠡ ᠶᠢᠨ | ᠬᠤᠶᠢᠨ᠎ᠠ ᠯᠢ ᠰᠢ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ︽ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨ᠎ᠡ | ᠠᠶᠠᠨ ᠳᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠤᠶᠢᠪᠢᠰᠢ ᠦᠭᠡᠢ ᠠᠬᠢᠭᠤᠯᠤᠶ᠎ᠠ︾ ᠭᠡᠬᠦ ᠰᠡᠳᠦᠪ ᠢᠶᠠᠷ | ᠠᠵᠢᠯ ᠤᠨ ᠮᠡᠳᠡᠭᠦᠯᠦᠯᠲᠡ ᠬᠢᠪᠡ᠃ |