ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯ ᠭᠤᠷᠪᠠᠳᠤᠭᠠᠷ ᠤᠳᠠᠭ᠎ᠠ ᠶᠢᠨ ᠪᠦᠭᠦᠳᠡ ᠬᠤᠷᠠᠯ ᠬᠢᠵᠡᠢ ᠵᠠᠩ ᠶᠠᠨ ᠺᠦᠨ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠪᠠᠷ ᠰᠣᠩᠭᠤᠭᠳᠠᠪᠠ
ᠨᠡᠶᠢᠲᠡᠯᠡᠭᠰᠡᠨ ᠴᠠᠭ᠄
2023/1/17
     1 ᠰᠠᠷ᠎ᠠ ᠶᠢᠨ 15 ᠤ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ  ᠬᠤᠷᠢᠶ᠎ᠠ ᠶᠢᠨ ᠠᠩᠬᠠᠳᠤᠭᠠᠷ ᠬᠤᠷᠠᠯ ᠭᠤᠷᠪᠠᠳᠤᠭᠠᠷ ᠤᠳᠠᠭ᠎ᠠ ᠶᠢᠨ ᠪᠦᠭᠦᠳᠡ ᠬᠤᠷᠠᠯ ᠬᠢᠵᠦ᠂ ᠤᠯᠤᠰ ᠲᠥᠷᠥ ᠶᠢᠨ ᠵᠥᠪᠯᠡᠯᠭᠡᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠲᠡᠷᠢᠭᠦᠯᠡᠭᠴᠢ᠂ ᠳᠡᠳ᠋ ᠲᠡᠷᠢᠭᠦᠯᠡᠭᠴᠢ ᠨᠠᠷᠢᠨ ᠪᠢᠴᠢᠭ ᠤᠨ ᠳᠠᠷᠤᠭ᠎ᠠ ᠪᠣᠯᠣᠨ ᠪᠠᠶᠢᠩᠭᠤ ᠶᠢᠨ ᠭᠡᠰᠢᠭᠦᠨ ᠢ ᠰᠣᠩᠭᠤᠨ ᠭᠠᠷᠭᠠᠪᠠ᠃        ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠵᠠᠩ ᠶᠠᠨ ᠺᠦᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ᠂ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠬᠦᠦᠳᠠᠭᠤᠯᠠ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠴᠡᠴᠡᠭ᠂ ᠸᠧᠢ ᠭᠦᠸᠧ ᠨᠠᠨ᠂ ᠠᠨ ᠷᠦᠨ ᠱᠧᠩ ᠂ ᠵᠠᠩ ᠯᠧᠢ᠂ ᠵᠠᠩ ᠪᠠᠢ ᠴᠧᠩ᠂ ᠶᠠᠩ ᠵᠢᠶᠧ᠂ ᠰᠦᠨ ᠵᠢᠶᠦ᠋ᠨ ᠴᠢᠩ ᠪᠣᠯᠣᠨ ᠨᠠᠷᠢᠨ ᠪᠢᠴᠢᠭ ᠤᠨ ᠳᠠᠷᠤᠭ᠎ᠠ ᠶᠠᠩ ᠯᠢ ᠮᠢᠨ ᠬᠤᠷᠠᠯ ᠳᠤ ᠣᠷᠣᠯᠴᠠᠵᠠᠢ᠃ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠯᠦᠸᠧ ᡁᠢ ᠬᠤ᠋ ᠬᠤᠷᠠᠯ ᠢ ᠡᠷᠬᠢᠯᠡᠵᠡᠢ᠃      ᠲᠣᠰ ᠤᠳᠠᠭ᠎ᠠ ᠶᠢᠨ ᠬᠤᠷᠠᠯ ᠳᠤ ᠣᠷᠣᠯᠴᠠᠬᠤ ᠶᠣᠰᠣᠲᠠᠢ ᠭᠡᠰᠢᠭᠦᠨ 525 ᠬᠥᠮᠥᠨ ᠪᠣᠢ᠂ ᠬᠤᠷᠠᠯ ᠳᠤ ᠪᠣᠳᠠᠲᠠᠢ ᠣᠷᠣᠯᠴᠠᠭᠰᠠᠨ ᠨᠢ 492 ᠬᠥᠮᠥᠨ᠂ ᠬᠠᠮᠢᠶ᠎ᠠ ᠪᠦᠬᠦᠢ ᠲᠣᠭᠲᠠᠭᠠᠯ ᠳᠤ ᠨᠡᠶᠢᠴᠡᠪᠡ᠃        ᠬᠤᠷᠠᠯ ᠠᠴᠠ᠂ ᠤᠯᠤᠰ ᠲᠥᠷᠥ ᠶᠢᠨ ᠵᠥᠪᠯᠡᠯᠭᠡᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯ ᠤᠨ ᠰᠣᠩᠭᠤᠭᠤᠯᠢ ᠶᠢᠨ ᠠᠷᠭ᠎ᠠ ᠶᠢ ᠪᠠᠲᠤᠯᠠᠵᠤ᠂ ᠤᠯᠤᠰ ᠲᠥᠷᠥ ᠶᠢᠨ ᠵᠥᠪᠯᠡᠯᠭᠡᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯ ᠤᠨ ᠰᠣᠩᠭᠤᠭᠤᠯᠢ ᠶᠢᠨ ᠶᠡᠷᠦᠩᠬᠡᠢ ᠪᠢᠯᠧᠲ ᠬᠢᠨᠠᠭᠴᠢ᠂ ᠳᠡᠳ᠋ ᠶᠡᠷᠦᠩᠬᠡᠢ ᠪᠢᠯᠧᠲ ᠬᠢᠨᠠᠭᠴᠢ᠂ ᠪᠢᠯᠧᠲ ᠬᠢᠨᠠᠭᠴᠢ ᠶᠢᠨ ᠨᠡᠷᠡᠰ ᠢ ᠪᠠᠲᠤᠯᠠᠵᠤ᠂ ᠤᠯᠤᠰ ᠲᠥᠷᠥ ᠶᠢᠨ ᠵᠥᠪᠯᠡᠯᠭᠡᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠲᠡᠷᠢᠭᠦᠯᠡᠭᠴᠢ᠂ ᠳᠡᠳ᠋ ᠲᠡᠷᠢᠭᠦᠯᠡᠭᠴᠢ᠂ ᠨᠠᠷᠢᠨ ᠪᠢᠴᠢᠭ ᠤᠨ ᠳᠠᠷᠤᠭ᠎ᠠ ᠪᠣᠯᠣᠨ ᠪᠠᠶᠢᠩᠭᠤ ᠶᠢᠨ ᠭᠡᠰᠢᠭᠦᠨ ᠢ ᠰᠣᠩᠭᠤᠪᠠ᠃      ᠶᠡᠭᠡ ᠬᠤᠷᠠᠯ ᠤᠨ ᠰᠣᠩᠭᠤᠭᠤᠯᠢ ᠶᠢᠨ ᠠᠷᠭ᠎ᠠ ᠪᠣᠯᠣᠨ ᠪᠢᠯᠧᠲ ᠲᠡᠮᠳᠡᠭᠯᠡᠭᠰᠡᠨ ᠦᠷ᠎ᠡ ᠳ᠋ᠦᠩ ᠢ ᠦᠨᠳᠦᠰᠦᠯᠡᠵᠦ᠂ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢᠳ ᠤᠨ ᠬᠤᠷᠠᠯ ᠢᠶᠠᠷ ᠨᠤᠲᠠᠯᠠᠨ ᠵᠥᠪᠰᠢᠶᠡᠷᠡᠭᠦᠯᠬᠦ ᠪᠠᠷ ᠳᠠᠮᠵᠢᠨ᠂ ᠵᠠᠩ ᠶᠠᠨ ᠺᠦᠨ ᠤᠯᠤᠰ ᠲᠥᠷᠥ ᠶᠢᠨ ᠵᠥᠪᠯᠡᠯᠭᠡᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠲᠡᠷᠢᠭᠦᠯᠡᠭᠴᠢ ᠪᠠᠷ ᠰᠣᠩᠭᠤᠭᠳᠠᠵᠤ᠂ ᠯᠦᠸᠧ ᡁᠢ ᠬᠤ᠋᠂ ᠴᠡᠴᠡᠭ᠂ ᠸᠧᠢ ᠭᠦᠸᠧ ᠨᠠᠨ᠂ ᠠᠨ ᠷᠦᠨ ᠱᠧᠩ᠂ ᠵᠠᠩ ᠯᠧᠢ᠂ ᠵᠠᠩ ᠪᠠᠢ ᠴᠧᠩ᠂ ᠶᠠᠩ ᠵᠢᠶᠧ᠂ ᠰᠦᠨ ᠵᠢᠶᠦ᠋ᠨ ᠴᠢᠩ ᠤᠯᠤᠰ ᠲᠥᠷᠥ ᠶᠢᠨ ᠵᠥᠪᠯᠡᠯᠭᠡᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠳᠡᠳ᠋ ᠲᠡᠷᠢᠭᠦᠯᠡᠭᠴᠢ ᠪᠠᠷ ᠰᠣᠩᠭᠤᠭᠳᠠᠵᠤ᠂ ᠶᠠᠩ ᠯᠢ ᠮᠢᠨ ᠤᠯᠤᠰ ᠲᠥᠷᠥ ᠶᠢᠨ ᠵᠥᠪᠯᠡᠯᠭᠡᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠨᠠᠷᠢᠨ ᠪᠢᠴᠢᠭ ᠤᠨ ᠳᠠᠷᠤᠭ᠎ᠠ ᠪᠠᠷ ᠰᠣᠩᠭᠤᠭᠳᠠᠵᠤ᠂ ᠢᠦᠢ ᠴᠠᠩ ᠬᠤᠩ ᠵᠡᠷᠭᠡ 109 ᠭᠡᠰᠢᠭᠦᠨ ᠤᠯᠤᠰ ᠲᠥᠷᠥ ᠶᠢᠨ ᠵᠥᠪᠯᠡᠯᠭᠡᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠢᠶᠠᠷ ᠰᠣᠩᠭᠤᠭᠳᠠᠪᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠤᠯᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1