ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ 84 ᠳ᠋ᠤᠭᠡᠷ ᠬᠤᠷᠠᠯᠳᠤᠭᠠᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/1/19
      1 ᠳ᠋ᠤᠭᠡᠷ ᠰᠠᠷ᠎ᠠ ᠶᠢᠨ 6 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 84 ᠳ᠋ᠤᠭᠡᠷ ᠤᠳᠠᠭᠠᠨ ᠤ ᠬᠤᠷᠠᠯ ᠬᠤᠷᠠᠯᠳᠤᠵᠤ᠂ ︽ᠲᠠᠪᠤᠨ ᠶᠡᠭᠡ ᠭᠠᠷᠳᠠᠴᠠ︾᠂ ︽ᠠᠷᠪᠠᠨ ᠶᠡᠭᠡ ᠭᠤᠣᠯᠳᠠᠯᠭ᠎ᠠ ᠲᠠᠢ ᠲᠥᠷᠥᠯ ᠵᠦᠢᠯ︾᠂ ᠬᠤᠲᠠ ᠬᠥᠳᠡᠭᠡ ᠶᠢᠨ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠰᠡᠳᠬᠢᠴᠡ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠳ᠋ᠦᠩ ᠱᠧᠩ ᠬᠤᠷᠠᠯ   ᠢ ᠡᠷᠭᠢᠯᠡᠪᠡ᠃      ᠬᠤᠷᠠᠯ ᠠᠴᠠ᠂ ᠰᠢᠶᠠᠨ ᠤ ᠨᠠᠮ ᠤᠨ ᠬᠤᠷᠢᠶ᠎ᠠ ᠶᠢᠨ ᠪᠦᠬᠦᠳᠡ ᠬᠤᠷᠠᠯ ᠵᠢᠴᠢ ᠪᠦᠬᠦ ᠰᠢᠶᠠᠨ ᠤ ᠠᠵᠤ ᠠᠬᠤᠢ ᠶᠢᠨ ᠠᠵᠢᠯ ᠤᠨ ᠬᠤᠷᠠᠯ᠂ ᠰᠢᠶᠠᠨ ᠤ ︽ᠬᠤᠶᠠᠷ ᠬᠤᠷᠠᠯ︾ ᠵᠠᠯᠭᠠᠪᠡᠷ ᠲᠡᠭᠦᠰᠴᠦ᠂ ᠢᠷᠡᠬᠦ ᠵᠢᠯ ᠤᠨ ᠪᠦᠬᠦ ᠰᠢᠶᠠᠨ ᠤ ᠬᠠᠷᠠᠯᠲᠠ ᠡᠭᠦᠷᠭᠡ ᠨᠢᠭᠡᠨᠲᠡ ᠲᠣᠳᠣᠷᠬᠠᠢ ᠪᠣᠯᠪᠠ᠂ ᠡᠯ᠎ᠡ ᠱᠠᠲᠤᠨ ᠤ ᠤᠳᠤᠷᠢᠳᠬᠤ ᠺᠠᠳ᠋ᠷ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠨᠢᠭᠲᠠᠷᠠᠨ ᠪᠦᠯᠬᠦᠮᠳᠡᠵᠦ᠂ ᠪᠦᠬᠦ ᠤᠶᠤᠨ ᠴᠢᠳᠠᠯ ᠢᠶᠠᠨ ᠨᠠᠶᠢᠳᠠᠪᠤᠷᠢᠵᠢᠭᠤᠯᠤᠯᠲᠠ ᠶᠢ ᠠᠳᠬᠤᠬᠤ ᠳᠡᠭᠡᠷ᠎ᠡ ᠲᠠᠯᠪᠢᠵᠤ᠂ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠭᠰᠠᠨ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠳᠤ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠣᠷᠳᠣ ᠬᠤᠭᠤᠴᠠᠭᠠᠨ ᠤ ᠪᠦᠲᠦᠮᠵᠢᠲᠡᠶ ᠳᠠᠭᠠᠭᠠᠴᠢᠯᠠᠨ ᠬᠤᠯᠪᠣᠭᠠᠯᠠᠬᠤ ᠲᠣᠭᠲᠠᠴᠠ ᠳᠤ ᠵᠢᠭᠰᠠᠭᠠᠨ ᠣᠷᠣᠭᠤᠯᠤᠭᠰᠠᠨ ︽ᠲᠠᠪᠤᠨ ᠶᠡᠭᠡ ᠭᠠᠷᠳᠠᠴᠠ︾᠂ ︽ᠠᠷᠪᠠᠨ ᠶᠡᠭᠡ ᠭᠤᠣᠯᠳᠠᠯᠭ᠎ᠠ ᠲᠠᠢ ᠲᠥᠷᠥᠯ ᠵᠦᠢᠯ︾ ᠵᠡᠷᠭᠡ ᠡᠭᠦᠷᠭᠡ ᠪᠣᠯ ᠴᠥᠮ ᠵᠢᠱᠢᠶ᠎ᠡ ᠦᠵᠡᠭᠦᠯᠬᠦ ᠴᠢᠨᠠᠷᠲᠠᠢ᠂ ᠬᠥᠲᠥᠯᠥᠨ ᠳᠠᠭᠠᠭᠤᠯᠬᠤ ᠴᠢᠨᠠᠷᠲᠠᠢ ᠪᠠ ᠥᠷᠢᠰᠦᠯᠳᠦᠭᠡᠨ ᠤ ᠴᠢᠨᠠᠷᠲᠠᠢ ᠠᠵᠢᠯ ᠮᠥᠨ᠂ ᠡᠯ᠎ᠡ ᠳᠠᠭᠠᠭᠠᠴᠢᠯᠠᠨ ᠬᠤᠯᠪᠣᠭᠠᠯᠠᠬᠤ ᠤᠳᠤᠷᠢᠳᠤᠯᠭ᠎ᠠ ᠲᠦᠷᠦᠭᠦᠯᠡᠨ ᠤᠳᠤᠷᠢᠳᠬᠤ ᠦᠢᠯᠡᠳᠦᠯ ᠢᠶᠠᠨ ᠦᠨᠡᠨ ᠬᠦ ᠰᠠᠶᠢᠲᠤᠷ ᠪᠠᠳᠠᠷᠠᠭᠤᠯᠵᠤ᠂ ᠲᠠᠷᠢᠬᠢ ᠲᠣᠯᠣᠭᠠᠢ ᠪᠠᠨ ᠬᠥᠳᠡᠯᠭᠡᠨ ᠰᠡᠳᠬᠢᠴᠡ ᠪᠠ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠨ ᠬᠢᠨᠠᠮᠠᠭᠠᠢ ᠰᠤᠳᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠪᠣᠳᠠᠲᠠᠢ ᠠᠵᠢᠯᠯᠠᠭ᠎ᠠ ᠪᠠᠨ ᠱᠠᠯᠠᠪᠳᠠᠨ ᠬᠡᠷᠡᠭᠵᠢᠭᠦᠯᠬᠦ ᠬᠡᠷᠡᠭᠲᠡᠢ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠭᠦᠷᠭᠡ ᠶᠢ ᠡᠭᠦᠷᠭᠡᠯᠡᠵᠦ ᠪᠠᠶᠢᠭ᠎ᠠ ᠤᠳᠤᠷᠢᠳᠬᠤ ᠺᠠᠳ᠋ᠷᠴᠤᠳ ᠰᠠᠨᠠᠭᠠᠴᠢᠯᠠᠭ᠎ᠠ   ᠠᠴᠠ ᠪᠠᠨ ᠵᠣᠯᠭᠠᠯᠴᠠᠵᠤ᠂ ᠭᠠᠳᠠᠭᠰᠢ ᠭᠠᠷᠴᠤ ᠬᠤᠳᠠᠯᠳᠤᠭᠠᠴᠢᠨ ᠤᠷᠢᠵᠤ᠂ ᠲᠥᠷᠥ ᠶᠢᠨ ᠪᠣᠳᠣᠯᠭ᠎ᠠ ᠶᠢᠨ ᠪᠡᠯᠡ ᠮᠥᠩᠭᠦ ᠶᠢ ᠥᠷᠭᠡᠨ ᠢᠶᠠᠷ ᠲᠡᠮᠡᠴᠡᠨ ᠣᠯᠵᠤ᠂ ᠲᠥᠷᠥᠯ ᠵᠦᠢᠯ ᠢ ᠶᠡᠭᠡ ᠪᠠᠷ ᠣᠷᠣᠭᠤᠯᠤᠨ ᠠᠪᠴᠢᠷᠠᠵᠤ᠂ ᠪᠥᠬᠦ ᠵᠢᠯ ᠤᠨ ᠲᠣᠭᠲᠠᠭᠰᠠᠨ ᠬᠠᠷᠠᠯᠲᠠ ᠶᠢ ᠠᠯᠬᠤᠮ ᠠᠯᠬᠤᠮ ᠢᠶᠠᠷ ᠪᠣᠳᠠᠲᠤ ᠠᠬᠤᠢ ᠪᠣᠯᠭᠠᠨ ᠬᠤᠪᠢᠷᠠᠭᠤᠯᠬᠤ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ᠂ ᠴᠠᠭᠠᠨ ᠰᠠᠷ᠎ᠠ ᠤᠳᠠᠯ ᠦᠭᠡᠢ ᠬᠦᠷᠴᠦ ᠢᠷᠡᠬᠦ ᠭᠡᠵᠦ ᠪᠠᠶᠢᠨ᠎ᠠ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠠᠶᠠᠷ ᠤᠨ ᠡᠳᠦᠷ ᠠᠴᠠ ᠡᠮᠦᠨᠡᠬᠢ ᠲᠣᠬᠤᠨᠢᠭᠤᠯᠤᠯ ᠢ ᠰᠠᠶᠢᠲᠤᠷ ᠥᠷᠨᠢᠭᠦᠯᠵᠦ᠂ ᠪᠠᠶᠠᠷ ᠤᠨ ᠡᠳᠦᠷ ᠤᠨ ᠠᠭᠤᠷ ᠠᠮᠢᠰᠬᠤᠯ ᠢ ᠰᠠᠶᠢᠲᠤᠷ ᠪᠤᠢ ᠪᠣᠯᠭᠠᠵᠤ᠂ ᠨᠡᠶᠢᠭᠡᠮ ᠤᠨ ᠠᠮᠤᠷ ᠲᠦᠪᠰᠢᠨ ᠲᠣᠭᠲᠠᠭᠤᠨ ᠢ ᠪᠦᠬᠦ ᠬᠦᠴᠦᠨ ᠢᠶᠠᠷ ᠢᠶᠠᠨ ᠬᠠᠮᠠᠭᠠᠯᠠᠵᠤ᠂ ᠪᠦᠬᠦ ᠰᠢᠶᠠᠨ ᠤ ᠤᠯᠠᠨ ᠲᠦᠮᠡᠨ ᠤ ᠠᠮᠤᠷ ᠲᠦᠪᠰᠢᠨ ᠥᠯᠵᠡᠢ ᠪᠡᠯᠭᠡ ᠲᠠᠢ ᠪᠠᠷ ᠪᠠᠶᠠᠷ ᠤᠨ ᠡᠳᠦᠷ ᠢᠶᠠᠨ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ᠃ ᠡᠯ᠎ᠡ ᠱᠠᠲᠤᠨ ᠤ ᠤᠳᠤᠷᠢᠳᠬᠤ ᠺᠠᠳ᠋ᠷ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠲᠦᠷᠦᠭᠦᠯᠡᠨ ᠨᠠᠶᠢᠳᠠᠪᠤᠷᠢᠵᠢᠭᠤᠯᠵᠤ᠂ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠲᠥᠪ ᠴᠢᠬᠡᠴᠢ ᠬᠡᠪ ᠰᠤᠷᠲᠠᠯ ᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠤᠨ ᠶᠠᠷᠢᠯᠴᠠᠪᠠ᠃
 
ᠢᠷᠡᠯᠲᠡ᠄ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1