ᠴᠠᠭᠠᠨ ᠰᠠᠷ᠎ᠠ ᠶᠢᠨ ᠬᠤᠭᠤᠴᠠᠭᠠᠨ ᠳᠤ ᠴᠠᠭ ᠨᠡᠮᠡᠵᠦ ᠠᠵᠢᠯᠯᠠᠪᠠᠯ  ᠴᠠᠯᠢᠩ ᠢ ᠢᠩᠭᠢᠵᠦ ᠪᠣᠳᠣᠨ᠎ᠠ
ᠨᠡᠶᠢᠲᠡᠯᠡᠭᠰᠡᠨ ᠴᠠᠭ᠄
2023/1/19
       ︽ᠬᠥᠳᠡᠯᠮᠦᠷᠢ ᠶᠢᠨ ᠬᠠᠤᠯᠢ︾ ᠶᠢᠨ ᠳᠥᠴᠢᠨ ᠳᠥᠷᠪᠡᠳᠦᠭᠡᠷ ᠵᠦᠢᠯ ᠳᠤ᠂ ᠳᠣᠣᠷ᠎ᠠ ᠵᠢᠭᠰᠠᠭᠠᠭᠰᠠᠨ ᠪᠠᠶᠢᠳᠠᠯ ᠤᠳ ᠤᠨ ᠨᠢᠭᠡ ᠨᠢ ᠪᠠᠶᠢᠪᠠᠯ᠂ ᠬᠥᠮᠦᠨ ᠬᠡᠷᠡᠭᠯᠡᠬᠦ ᠨᠢᠭᠡᠴᠢ ᠳᠣᠣᠷ᠎ᠠ ᠵᠢᠭᠰᠠᠭᠠᠭᠰᠠᠨ  ᠪᠠᠷᠢᠮᠵᠢᠶ᠎ᠠ  ᠶᠣᠰᠣᠭᠠᠷ ᠬᠥᠳᠡᠯᠮᠦᠷᠢᠴᠢᠨ ᠤ ᠬᠡᠪ ᠤᠨ ᠠᠵᠢᠯᠯᠠᠬᠤ ᠴᠠᠭ ᠤᠨ ᠴᠠᠯᠢᠩ ᠠᠴᠠ ᠢᠯᠡᠬᠦᠤ ᠴᠠᠯᠢᠩ ᠬᠥᠯᠥᠰᠥ ᠣᠯᠭᠤᠬᠤ ᠬᠡᠷᠡᠭᠲᠡᠢ᠄ ᠬᠥᠳᠡᠯᠮᠦᠷᠢᠴᠢᠨ ᠤ ᠠᠵᠢᠯᠯᠠᠬᠤ ᠴᠠᠭ ᠢ ᠤᠷᠲᠤᠳᠬᠠᠬᠤ ᠪᠠᠷ ᠲᠤᠬᠢᠷᠡᠭᠤᠯᠦᠬᠰᠡᠠ ᠪᠠᠶᠢᠪᠠᠯ᠂ ᠴᠠᠯᠢᠩ ᠤᠨ ᠬᠢᠨᠢ 150 % ᠠᠴᠠ ᠳᠣᠣᠷ᠎ᠠ ᠤᠢᠭᠡᠢ ᠴᠠᠯᠢᠩ ᠬᠥᠯᠥᠰᠥ ᠣᠯᠭᠤᠨ᠎ᠠ︔ ᠠᠮᠠᠷᠠᠯᠲᠠ ᠶᠢᠨ  ᠡᠳᠦᠷ ᠬᠥᠳᠡᠯᠮᠦᠷᠢᠴᠢᠳ ᠢ ᠠᠵᠢᠯᠯᠠᠭᠤᠯᠬᠤ ᠪᠠᠷ ᠲᠤᠬᠢᠷᠡᠭᠤᠯᠦᠬᠰᠡᠠ ᠪᠥᠭᠡᠳ ᠨᠥᠬᠦᠪᠥᠷᠢ ᠠᠮᠠᠷᠠᠯᠲᠠ ᠲᠤᠬᠢᠷᠡᠭᠤᠯᠵᠦ ᠴᠢᠳᠠᠬᠤ ᠤᠢᠭᠡᠢ ᠪᠠᠶᠢᠪᠠᠯ ᠴᠠᠯᠢᠩ ᠤᠨ ᠬᠢᠨᠢ 200 % ᠠᠴᠠ ᠳᠣᠣᠷ᠎ᠠ ᠤᠢᠭᠡᠢ ᠴᠠᠯᠢᠩ  ᠬᠥᠯᠥᠰᠥ ᠣᠯᠭᠤᠨ᠎ᠠ︔ ᠬᠠᠤᠯᠢ ᠪᠠᠷ ᠲᠣᠭᠲᠠᠭᠠᠭᠰᠠᠨ ᠠᠮᠠᠷᠠᠯᠲᠠ ᠶᠢᠨ ᠡᠳᠦᠷ ᠬᠥᠳᠡᠯᠮᠦᠷᠢᠴᠢᠳ ᠢ ᠠᠵᠢᠯᠯᠠᠭᠤᠯᠬᠤ ᠪᠠᠷ ᠲᠤᠬᠢᠷᠡᠭᠤᠯᠦᠬᠰᠡᠠ ᠪᠠᠶᠢᠪᠠᠯ ᠴᠠᠯᠢᠩ ᠤᠨ ᠬᠢᠨᠢ 300 % ᠠᠴᠠ ᠳᠣᠣᠷ᠎ᠠ ᠤᠢᠭᠡᠢ ᠴᠠᠯᠢᠩ ᠬᠥᠯᠥᠰᠥ ᠣᠯᠭᠤᠨ᠎ᠠ᠃              ᠡᠨᠡ ᠵᠢᠯ ᠤᠨ 1 ᠳ᠋ᠤᠭᠠᠷ ᠰᠠᠷ᠎ᠠ ᠶᠢᠨ 21 ᠤ ᠡᠳᠦᠷ ᠠᠴᠠ 1 ᠳ᠋ᠤᠭᠠᠷ ᠰᠠᠷ᠎ᠠ ᠶᠢᠨ 27 ᠤ ᠡᠳᠦᠷ ᠪᠣᠯᠲᠠᠯ᠎ᠠ ᠨᠡᠶᠢᠲᠡ 7 ᠡᠳᠦᠷ ᠠᠮᠠᠷᠠᠨ᠎ᠠ᠂ ᠡᠭᠦᠨ ᠳᠤ 1 ᠳ᠋ᠤᠭᠠᠷ ᠰᠠᠷ᠎ᠠ ᠶᠢᠨ 22 ᠤᠨ ᠡᠳᠦᠷ ᠠᠴᠠ 24 ᠤ  ᠡᠳᠦᠷ ︵ᠪᠢᠯᠢᠭ ᠤᠨ ᠤᠯᠠᠷᠢᠯ ᠤᠨ ᠰᠢᠨ᠎ᠡ ᠶᠢᠨ ᠨᠢᠭᠡᠨ ᠠᠴᠠ ᠰᠢᠨ᠎ᠡ ᠶᠢᠨ ᠭᠤᠷᠪᠠᠨ︶ ᠪᠣᠯ ᠬᠠᠤᠯᠢ ᠪᠠᠷ  ᠲᠣᠭᠲᠠᠭᠠᠭᠰᠠᠨ ᠠᠮᠠᠷᠠᠯᠲᠠ ᠶᠢᠨ ᠡᠳᠦᠷ  ᠪᠣᠯᠤᠨ᠎ᠠ᠃ ᠡᠶᠢᠮᠦ ᠠᠴᠠ ᠬᠥᠮᠦᠨ ᠬᠡᠷᠡᠭᠯᠡᠬᠦ ᠨᠢᠭᠡᠴᠢ ᠬᠥᠳᠡᠯᠮᠦᠷᠢᠴᠢᠨ ᠢ1 ᠳ᠋ᠤᠭᠠᠷ ᠰᠠᠷ᠎ᠠ ᠶᠢᠨ 22 ᠤᠨ ᠡᠳᠦᠷ ᠠᠴᠠ 24 ᠤ ᠡᠳᠦᠷ ᠪᠣᠯᠲᠠᠯ᠎ᠠ ᠠᠵᠢᠯᠯᠠᠭᠤᠯᠬᠤ ᠳᠤ ᠭᠦᠷᠪᠡᠯ᠂ ᠲᠣᠰ ᠬᠥᠮᠦᠨ ᠤ ᠡᠳᠦᠷ ᠪᠤᠶᠤ ᠴᠠᠭ ᠢᠶᠠᠷ ᠴᠠᠭ ᠨᠡᠮᠡᠵᠦ ᠠᠵᠢᠯᠯᠠᠭᠰᠠᠨ ᠴᠠᠯᠢᠩ ᠠᠴᠠ ᠳᠤᠤᠷ᠎ᠠ ᠥᠬᠡᠶ ᠲᠤᠭ᠎ᠠ ᠪᠠᠷ ᠰᠠᠭᠤᠷᠢ ᠲᠣᠭᠠᠨ ᠤ 300 % ᠪᠠᠷ ᠴᠠᠭ ᠨᠡᠮᠡᠵᠦ ᠠᠵᠢᠯᠯᠠᠭᠰᠠᠨ ᠴᠠᠯᠢᠩ ᠥᠭᠬᠦ ᠬᠡᠷᠡᠭᠲᠡᠶ᠂ ᠰᠣᠯᠢᠵᠤ ᠠᠮᠠᠷᠠᠬᠤ ᠪᠠᠷ ᠲᠤᠯᠭᠠᠨ ᠬᠠᠰᠤᠵᠤ ᠪᠣᠯᠬᠤ ᠥᠬᠡᠶ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1