ᠪᠦᠬᠦ ᠰᠢᠶᠠᠨ ᠤ 2022 ᠣᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/1/2
      12 ᠳ᠋ᠤᠭᠠᠷ ᠰᠠᠷ᠎ᠠ ᠶᠢᠨ 30  ᠤ ᠡᠳᠦᠷ᠂ ᠪᠦᠬᠦ ᠰᠢᠶᠠᠨ ᠤ 2022 ᠣᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠤᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠵᠢᠴᠢ ᠲᠥᠪ᠂ ᠥᠪᠡᠷᠲᠡᠭᠡᠨ ᠵᠠᠰᠠᠬᠤ ᠣᠷᠣᠨ ᠪᠣᠯᠣᠨ ᠬᠥᠬᠡᠬᠤᠲᠠ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠰᠢᠶᠠᠨ ᠤ 2022 ᠣᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠡᠷᠢᠭᠦᠨ ᠤ ᠨᠢᠭᠡᠴᠡ ᠠᠵᠤ ᠠᠬᠤᠶᠢᠯᠠᠯ ᠪᠣᠯᠣᠨ ᠬᠤᠪᠢ ᠬᠥᠮᠥᠨ ᠢ ᠬᠥᠬᠢᠭᠦᠯᠦᠨ ᠰᠠᠶᠢᠰᠢᠶᠠᠵᠤ᠂ 2023 ᠣᠨ ᠤ ᠨᠢᠭᠡᠳᠦᠭᠡᠷ ᠤᠯᠠᠷᠢᠯ ᠤᠨ ᠪᠦᠬᠦ ᠰᠢᠶᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃      ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠵᠠᠩ ᠢᠦᠢ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃      ᠬᠤᠷᠠᠯ ᠠᠴᠠ ᠴᠢᠬᠤᠯᠠᠴᠢᠯᠠᠭᠰᠠᠨ ᠨᠢ᠂ ᠣᠳᠣᠬᠠᠨ ᠳᠤ ᠶᠠᠭ ᠡᠪᠦᠯ ᠤᠨ ᠤᠯᠠᠷᠢᠯ ᠪᠣᠯᠵᠤ᠂ ᠡᠯ᠎ᠡ ᠲᠥᠷᠥᠯ ᠤᠨ ᠠᠵᠤ ᠠᠬᠤᠶᠢᠯᠠᠯ ᠦᠢᠯᠡᠳᠪᠦᠷᠢᠯᠡᠯ ᠤᠨ ᠣᠷᠭᠢᠯ ᠦᠶ᠎ᠡ ᠳᠤ ᠣᠷᠣᠵᠤ᠂ ᠳᠤᠯᠠᠭᠠᠯᠠᠭ᠎ᠠ᠂ ᠬᠡᠢ ᠬᠠᠩᠭᠠᠬᠤ᠂ ᠭᠠᠯ ᠴᠠᠬᠢᠯᠭᠠᠨ ᠬᠡᠷᠡᠭᠯᠡᠬᠦ ᠬᠡᠷᠡᠭᠴᠡᠭᠡ ᠶᠡᠭᠡ ᠪᠠᠷ ᠨᠡᠮᠡᠭᠳᠡᠵᠦ ᠪᠠᠶᠢᠨ᠎ᠠ᠂ ᠡᠭᠦᠨ ᠤ ᠳᠡᠭᠡᠷ᠎ᠡ ᠤᠳᠠᠯ ᠦᠭᠡᠢ ᠰᠢᠨ᠎ᠡ ᠵᠢᠯ᠂ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭ᠎ᠠ ᠶᠢ ᠤᠭᠲᠤᠬᠤ ᠪᠣᠯᠬᠤᠷ ᠬᠥᠮᠥᠨ ᠤ ᠤᠷᠤᠰᠬᠠᠯ ᠡᠳ᠋ ᠪᠠᠷᠠᠭᠠᠨ ᠤ ᠭᠦᠢᠯᠭᠡᠭᠡᠨ ᠤ ᠲᠡᠷᠭᠡ ᠬᠥᠰᠬᠡ ᠣᠯᠠᠰᠢᠷᠠᠵᠤ᠂ ᠵᠢᠭᠤᠯᠴᠢᠯᠠᠯ ᠤᠨ ᠬᠥᠮᠥᠨ ᠤ ᠲᠤᠭ᠎ᠠ ᠨᠡᠮᠡᠭᠳᠡᠵᠦ᠂ ᠡᠯ᠎ᠡ ᠲᠥᠷᠥᠯ ᠤᠨ ᠠᠳᠡᠯ ᠬᠡᠷᠡᠭ ᠠᠮᠠᠷᠬᠠᠨ ᠭᠠᠷᠬᠤ᠂ ᠣᠯᠠᠨ ᠭᠠᠷᠬᠤ ᠬᠤᠭᠤᠴᠠᠭ᠎ᠠ ᠪᠣᠯᠵᠤ ᠪᠠᠶᠢᠨ᠎ᠠ᠃ ᠡᠯ᠎ᠡ ᠪᠠᠯᠭᠠᠰᠤ᠂ ᠡᠯ᠎ᠡ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠡᠷᠬᠡᠪᠰᠢ ᠣᠶᠢᠷ᠎ᠠ ᠶᠢᠨ ᠬᠤᠭᠤᠴᠠᠭᠠᠨ ᠳᠤ ᠪᠦᠬᠦ ᠤᠯᠤᠰ ᠤᠨ ᠡᠯ᠎ᠡ ᠭᠠᠵᠠᠷ ᠲᠤ ᠡᠭᠦᠰᠦᠭᠰᠡᠨ ᠠᠶᠤᠯᠭᠦᠢ ᠦᠢᠯᠡᠳᠪᠦᠷᠢᠯᠡᠯ ᠤᠨ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠬᠠᠷᠢᠭᠤᠴᠠᠯᠭ᠎ᠠ ᠶᠢ ᠦᠨᠡᠨᠬᠦ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ︽ᠪᠥᠬᠦᠳᠡ ᠶᠢ ᠬᠠᠮᠤᠷᠬᠤ᠂ ᠣᠭᠲᠣᠬᠠᠨ ᠴᠤ ᠬᠦᠯᠢᠴᠡᠬᠦ ᠦᠭᠡᠢ᠂ ᠬᠠᠤᠯᠢ ᠶᠢ ᠴᠢᠩᠭ᠎ᠠ ᠬᠡᠷᠡᠭᠵᠢᠭᠦᠯᠬᠦ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ︾ ᠶᠡᠷᠦᠩᠬᠡᠢ ᠱᠠᠭᠠᠷᠳᠠᠯᠭ᠎ᠠ ᠶᠣᠰᠣᠭᠠᠷ᠂ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠳᠠᠷᠤᠢ ᠲᠦᠷᠭᠡᠨ ᠵᠣᠬᠢᠶᠠᠨ ᠪᠠᠶᠢᠭᠤᠯᠤᠨ ᠥᠷᠨᠢᠭᠦᠯᠵᠦ᠂ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠠᠵᠢᠯ ᠲᠥᠷᠥᠯ ᠪᠣᠯᠣᠨ ᠡᠯ᠎ᠡ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠳᠤ ᠪᠥᠬᠦ ᠲᠠᠯ᠎ᠠ ᠶᠢᠨ ᠪᠠᠶᠢᠴᠠᠭᠠᠯᠲᠠ ᠬᠢᠵᠦ᠂ ᠡᠯ᠎ᠡ ᠲᠥᠷᠥᠯ ᠤᠨ ᠡ᠊ᠨᠳᠡᠯ ᠤᠨ ᠲᠠᠯᠳᠠ ᠭᠡᠮ ᠢ ᠦᠨᠡᠨ ᠬᠦ ᠵᠢᠭᠰᠠᠭᠠᠨ ᠪᠠᠶᠢᠴᠠᠭᠠᠵᠤ ᠵᠠᠰᠠᠬᠤ ᠬᠡᠷᠡᠭᠲᠡᠢ᠃ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠠᠳᠡᠯ᠂ ᠪᠠᠴᠢᠮ ᠬᠡᠷᠡᠭ ᠪᠤᠶᠤ ᠴᠢᠬᠤᠯᠠ ᠶᠡᠭᠡ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠪᠦᠲᠦᠮᠵᠢᠲᠡᠶ ᠰᠢᠢᠳᠪᠦᠷᠢᠯᠡᠬᠦ ᠶᠢ ᠦᠨᠡᠨᠬᠦ ᠪᠠᠲᠤᠯᠠᠬᠤ ᠬᠡᠷᠡᠭᠲᠡᠢ᠃ ᠪᠣᠷᠣᠭᠠᠨ ᠴᠠᠰᠤ ᠮᠥᠰᠥᠲᠦᠯ ᠤᠨ ᠭᠠᠮᠰᠢᠭ ᠵᠡᠷᠭᠡ ᠭᠠᠮᠰᠢᠭᠲᠤ ᠴᠠᠭ ᠠᠭᠤᠷ᠂ ᠬᠦᠨᠳᠦ ᠪᠤᠬᠢᠷᠳᠤᠯᠲᠤ ᠴᠠᠭ ᠠᠭᠤᠷ ᠵᠢᠴᠢ ᠭᠠᠮᠰᠢᠭ ᠡᠭᠦᠰᠬᠡᠵᠦ ᠮᠡᠳᠡᠬᠦ ᠠᠶᠤᠯᠲᠤ ᠬᠦᠴᠦᠨ ᠵᠦᠢᠯ ᠢ ᠨᠢᠭᠲᠠ ᠠᠩᠬᠠᠷᠴᠤ᠂ ᠪᠠᠶᠢᠭᠠᠯᠢ ᠶᠢᠨ ᠭᠠᠮᠰᠢᠭ ᠠᠴᠠ ᠪᠣᠯᠤᠭᠰᠠᠨ ᠡ᠊ᠨᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ ᠃ ᠪᠦᠬᠦ ᠬᠦᠴᠦᠨ ᠢᠶᠠᠷ ᠢᠶᠠᠨ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠨᠠᠷᠢᠨ ᠠᠳᠬᠤᠵᠤ᠂ ᠪᠣᠳᠠᠲᠠᠢ ᠠᠳᠬᠤᠵᠤ᠂ ᠴᠢᠩᠭ᠎ᠠ ᠠᠳᠬᠤᠵᠤ᠂ ᠮᠠᠨ ᠤ ᠰᠢᠶᠠᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠵᠤ᠂ 2023 ᠣᠨ ᠤ ᠪᠦᠬᠦ ᠰᠢᠶᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠰᠠᠶᠢᠨ ᠡᠬᠢᠯᠡᠯᠲᠡ ᠲᠠᠢ ᠪᠣᠯᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1