ᠲᠣᠭᠲᠠᠬᠤ ᠰᠢᠶᠠᠨ ᠤ ᠰᠢᠨ᠎ᠡ ᠶᠢᠩᠽᠢ ᠪᠠᠯᠭᠠᠰᠦ ︽ᠪᠢᠷ ᠪᠡᠬᠡᠰ ᠢᠶᠠᠷ ᠬᠠᠭᠤᠴᠢᠨ ᠵᠢᠯ ᠢᠶᠠᠨ ᠦᠳᠡᠵᠦ ᠪᠢᠴᠢᠭ ᠤᠨ ᠬᠦᠵᠢ ᠪᠠᠷ ᠴᠠᠭᠠᠨ ᠰᠠᠷ᠎ᠠ ᠪᠠᠨ ᠤᠭᠳᠤᠶ᠎ᠠ︾ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2023/1/20
      ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠵᠤ᠂ ᠴᠠᠭᠠᠨ ᠰᠠᠷ᠎ᠠ ᠶᠢ ᠤᠭᠲᠤᠬᠤ ᠭᠦᠨ ᠵᠤᠵᠠᠭᠠᠨ ᠰᠣᠶᠣᠯ ᠤᠨ ᠠᠭᠤᠷ ᠠᠮᠢᠰᠬᠤᠯ ᠢ ᠪᠤᠢ ᠪᠣᠯᠭᠠᠬᠤ ᠶᠢᠨ ᠲᠥᠯᠥᠭᠡ᠂ 1 ᠰᠠᠷ᠎ᠠ ᠶᠢᠨ 18  ᠤ ᠡᠳᠦᠷ᠂ ᠲᠣᠭᠲᠠᠬᠤ ᠰᠢᠶᠠᠨ ᠤ ᠰᠢᠨ᠎ᠡ ᠶᠢᠩᠽᠢ ᠪᠠᠯᠭᠠᠰᠦ ᠰᠢᠶᠠᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ  ᠲᠠᠢ ᠬᠤᠯᠪᠤᠭᠠᠯᠠᠨ ︽ᠪᠢᠷ ᠪᠡᠬᠡᠰ ᠢᠶᠠᠷ ᠬᠠᠭᠤᠴᠢᠨ ᠵᠢᠯ ᠢᠶᠠᠨ ᠦᠳᠡᠵᠦ ᠪᠢᠴᠢᠭ ᠤᠨ ᠬᠦᠵᠢ ᠪᠠᠷ ᠴᠠᠭᠠᠨ ᠰᠠᠷ᠎ᠠ ᠪᠠᠨ ᠤᠭᠳᠤᠶ᠎ᠠ︾ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠭᠤᠣᠯ ᠰᠡᠳᠦᠪᠲᠦ ᠠᠵᠢᠯᠯᠠᠭ᠎ᠠ ᠥᠷᠨᠢᠭᠦᠯᠵᠡᠢ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠶ ᠳᠤ ᠬᠤᠣᠰ ᠤᠶᠠᠩᠭ᠎ᠠ ᠪᠣᠯᠣᠨ ᠪᠤᠶᠠᠨ ᠬᠡᠰᠢᠭ ᠤᠨ ᠦᠰᠦᠭ ᠢ ᠪᠢᠴᠢᠵᠦ ᠬᠦᠷᠭᠡᠪᠡ᠂ ᠥᠷᠭᠡᠨ ᠣᠯᠠᠨ ᠲᠣᠰᠬᠤᠨ ᠤ ᠠᠷᠠᠳ ᠢ ᠢᠳᠡᠪᠬᠢᠲᠡᠢ ᠣᠷᠣᠯᠴᠠᠭᠤᠯᠵᠤ᠂ ᠲᠡᠷᠡᠴᠢᠯᠡᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠶ ᠪᠣᠯᠭᠠᠬᠤ᠂ ᠳᠤᠮᠳᠠᠳᠤ   ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠢ ᠪᠠᠶᠢᠭᠤᠯᠬᠤ ᠵᠡᠷᠭᠡ ᠠᠭᠤᠯᠭ᠎ᠠ ᠶᠢ ᠬᠤᠣᠰ ᠤᠶᠠᠩᠭ᠎ᠠ ᠳᠤ ᠠᠭᠤᠰᠬᠠᠨ ᠣᠷᠣᠭᠤᠯᠵᠠᠢ᠃ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠠᠮᠢᠳᠤ ᠴᠣᠪᠣᠭᠤᠯᠢᠭ᠂ ᠰᠣᠨᠢᠷᠬᠠᠯᠳᠤ ᠴᠢᠨᠠᠷ ᠢᠶᠠᠷ ᠴᠢᠩᠭ᠎ᠠ ᠤᠯᠠᠮᠵᠢᠯᠠᠯᠲᠤ ᠰᠣᠶᠣᠯ ᠪᠠ ᠣᠨᠢᠰᠤᠭ᠎ᠠ ᠲᠠᠭᠠᠬᠤ ᠠᠵᠢᠯᠯᠠᠭ᠎ᠠ ᠶᠢᠨ ᠳᠤᠮᠳᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠭᠤᠯᠵᠤ᠂ ︽ᠭᠤᠷᠪᠠᠨ ᠰᠠᠯᠵᠤ ᠴᠢᠳᠠᠬᠤ ᠦᠭᠡᠢ︾᠂ ︽ᠲᠠᠪᠤᠨ ᠮᠡᠳᠡᠷᠡᠯᠲᠡ︾ ᠶᠢᠨ ᠣᠶᠢᠯᠠᠭᠠᠭᠳᠠᠬᠤᠨ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠬᠤ ᠶᠢ ᠲᠦᠯᠬᠢᠨ  ᠠᠬᠢᠭᠤᠯᠪᠠ᠃ ᠡᠭᠦᠨ ᠤ ᠵᠡᠷᠭᠡᠪᠡᠷ᠂ ᠰᠢᠨ᠎ᠡ ᠶᠢᠩᠽᠢ ᠪᠠᠯᠭᠠᠰᠤ ᠪᠠᠰᠠ ᠬᠦᠴᠢᠷᠳᠡᠯᠲᠡᠢ ᠤᠯᠠᠨ ᠲᠦᠮᠡᠨ ᠢ  ᠲᠤᠬᠤᠨᠢᠭᠤᠯᠵᠦ ᠴᠠᠭᠠᠨ ᠰᠠᠷ᠎ᠠ ᠶᠢᠨ ᠢᠷᠦᠭᠡᠯ ᠬᠦᠷᠭᠡᠬᠦ ᠠᠵᠢᠯᠯᠠᠭ᠎ᠠ ᠥᠷᠨᠢᠭᠦᠯᠵᠦ  ᠂ ᠤᠯᠠᠨ ᠲᠦᠮᠡᠨ ᠳᠤ ᠨᠠᠮ ᠪᠣᠯᠣᠨ ᠤᠯᠤᠰ ᠤᠨ ᠬᠠᠶᠢᠷ᠎ᠠ ᠬᠠᠯᠠᠮᠵᠢ ᠶᠢ ᠬᠦᠷᠭᠡᠪᠡ᠃ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠰᠣᠯᠢᠯᠴᠠᠭᠠᠨ ᠤ ᠲᠠᠪᠴᠠᠩ ᠢ ᠪᠠᠶᠢᠭᠤᠯᠵᠤ᠂ ᠦᠨᠳᠦᠰᠦᠲᠡᠨ ᠨᠦᠭᠦᠳ ᠤᠨ ᠬᠠᠮᠲᠤ ᠪᠠᠷ ᠪᠦᠯᠬᠦᠮᠳᠡᠨ ᠲᠡᠮᠡᠴᠡᠬᠦ᠂ ᠬᠠᠮᠲᠤ ᠪᠠᠷ ᠴᠡᠴᠡᠭᠯᠡᠨ ᠬᠥᠭᠵᠢᠬᠦ ᠭᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠪᠠ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1