ᠮᠠᠨ ᠤ ᠰᠢᠶᠠᠨ ᠴᠠᠭᠠᠨ ᠰᠠᠷ᠎ᠠ ᠠᠴᠠ ᠡᠮᠤᠨᠡᠬᠢ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2023/1/20
      ᠴᠠᠭᠠᠨ ᠰᠠᠷ᠎ᠠ ᠤᠳᠠᠯ ᠦᠭᠡᠢ ᠬᠦᠷᠴᠦ ᠢᠷᠡᠬᠦ ᠭᠡᠵᠦ ᠪᠠᠶᠢᠨ᠎ᠠ᠂ ᠣᠶᠢᠷ᠎ᠠ ᠶᠢᠨ ᠡᠳᠦᠷ ᠤᠳ ᠲᠤ ᠸᠠᠩ ᠳ᠋ᠦᠩ ᠱᠧᠩ᠂ ᠭᠤᠣ ᠵᠧᠩ᠂ ᠰᠦᠨ ᠰᠢᠶᠦ᠋ᠨ᠂ ᠸᠠᠩ ᠮᠢᠩ ᠵᠡᠷᠭᠡ ᠰᠢᠶᠠᠨ ᠤ ᠤᠳᠤᠷᠢᠳᠤᠯᠭ᠎ᠠ ᠨᠠᠷ ᠢᠶᠠᠷ ᠪᠦᠷᠢᠯᠳᠦᠭᠰᠡᠨ ᠠᠷᠪᠠᠨ ᠲᠠᠪᠤᠨ ᠲᠣᠬᠤᠨᠢᠭᠤᠯᠬᠤ ᠳᠤᠭᠤᠶᠢᠯᠠᠩ ᠨᠢ ᠪᠠᠶᠠᠷ ᠤᠨ ᠡᠳᠦᠷ ᠤᠨ ᠬᠤᠭᠤᠴᠠᠭᠠᠨ ᠳᠤ ᠨᠢᠭᠡᠳᠦᠭᠡᠷ ᠹᠷᠣᠨᠲ ᠢ ᠪᠠᠲᠤ ᠰᠠᠬᠢᠵᠤ ᠪᠠᠶᠢᠭ᠎ᠠ ᠺᠠᠳ᠋ᠷ ᠠᠵᠢᠯᠲᠠᠨ ᠠᠵᠢᠯᠴᠢᠨ᠂ ᠭᠠᠵᠠᠷ ᠤᠨ ᠳᠡᠰ ᠤᠨ ᠠᠵᠢᠯ   ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷ᠂ ᠬᠦᠴᠢᠷᠳᠡᠯ ᠲᠠᠢ ᠬᠠᠮᠲᠤᠯᠢᠭ᠂ ᠠᠬᠠᠮᠠᠳ ᠨᠠᠮ ᠤᠨ ᠭᠡᠰᠢᠭᠦᠳ ᠢ ᠡᠷᠭᠢᠨ ᠦᠵᠡᠵᠦ ᠲᠣᠬᠤᠨᠢᠭᠤᠯᠵᠤ᠂ ᠲᠡᠳᠡᠨ ᠳᠤ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠬᠦᠷᠭᠡᠭᠰᠡᠨ ᠪᠥᠭᠡᠳ ᠴᠠᠭᠠᠨ ᠰᠠᠷ᠎ᠠ ᠶᠢᠨ ᠰᠠᠶᠢᠨ ᠰᠠᠶᠢᠬᠠᠨ ᠵᠦᠩᠨᠡᠯ ᠳᠡᠪᠰᠢᠭᠦᠯᠵᠡᠢ᠃      ᠠᠵᠤ ᠠᠬᠤᠶᠢᠯᠠᠯ ᠳᠤ ᠬᠦᠷᠬᠦ ᠪᠦᠷᠢ ᠲᠣᠬᠤᠨᠢᠭᠤᠯᠬᠤ ᠳᠤᠭᠤᠶᠢᠯᠠᠩ ᠤᠨ ᠬᠢᠨ ᠴᠥᠮ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠳᠣᠲᠣᠨᠣ ᠪᠠᠷ ᠶᠠᠷᠢᠯᠴᠠᠵᠤ᠂ ᠠᠵᠤ ᠠᠬᠤᠶᠢᠯᠠᠯ ᠤᠨ ᠡᠵᠡᠩᠨᠡᠯᠲᠡ ᠶᠢᠨ ᠪᠠᠶᠢᠳᠠᠯ ᠪᠣᠯᠣᠨ ᠣᠷᠣᠰᠢᠵᠤ ᠪᠠᠶᠢᠭ᠎ᠠ ᠬᠦᠴᠢᠷᠳᠡᠯ ᠢ ᠨᠠᠷᠢᠨ ᠣᠶᠢᠯᠠᠭᠠᠵᠤ᠂ ᠲᠡᠳᠡᠨ ᠤ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠬᠤ ᠶᠢᠨ ᠬᠠᠮᠲᠤ ᠲᠡᠳᠡᠨ ᠳᠤ ᠴᠠᠭᠠᠨ ᠰᠠᠷ᠎ᠠ ᠶᠢᠨ ᠵᠥᠩᠨᠡᠯ ᠪᠣᠯᠣᠨ ᠲᠣᠬᠤᠨᠢᠭᠤᠯᠬᠤ ᠪᠣᠳᠠᠰ ᠬᠦᠷᠭᠡᠵᠦ᠂ ᠲᠡᠳᠡᠨ ᠤ ᠰᠢᠨ᠎ᠡ ᠵᠢᠯ ᠤᠨ ᠰᠢᠨ᠎ᠡ ᠬᠦᠰᠡᠯ ᠡᠷᠡᠮᠡᠯᠵᠡᠯ᠂ ᠶᠠᠪᠤᠳᠠᠯ ᠪᠦᠬᠦᠨ ᠤ ᠤᠷᠤᠭᠰᠢᠳᠠᠢ ᠪᠠᠶᠢᠬᠤ ᠶᠢ ᠬᠦᠰᠡᠨ ᠵᠥᠩᠨᠡᠪᠡ᠃ ᠡᠭᠦᠨ ᠤ ᠬᠠᠮᠲᠤ᠂ ᠰᠢᠨ᠎ᠡ ᠨᠢᠭᠡ ᠵᠢᠯ ᠳᠤ ᠡᠯ᠎ᠡ ᠠᠵᠤ ᠠᠬᠤᠶᠢᠯᠠᠯ ᠤᠨ ᠬᠢᠨ ᠢᠲᠡᠭᠡᠯ ᠵᠣᠷᠢᠭ ᠢᠶᠠᠨ ᠪᠠᠲᠤᠳᠬᠠᠵᠤ᠂ ᠡᠷᠴᠢ ᠵᠣᠷᠢᠭ ᠢᠶᠠᠨ ᠬᠥᠪᠴᠢᠯᠡᠵᠦ᠂ ᠵᠣᠷᠢᠭᠲᠠᠢ ᠪᠠᠷ ᠰᠢᠨ᠎ᠡ ᠶᠢ ᠡᠭᠦᠳᠴᠦ᠂ ᠲᠤᠰ ᠪᠡᠶ᠎ᠡ ᠶᠢᠨ ᠳᠠᠪᠠᠭᠤᠯᠢᠭ ᠲᠠᠢ ᠪᠠᠨ ᠤᠶᠠᠯᠳᠤᠭᠤᠯᠵᠤ᠂ ᠬᠥᠭᠵᠢᠯᠲᠡ ᠶᠢᠨ ᠶᠡᠭᠡ ᠬᠠᠨᠳᠤᠰᠢ ᠶᠢ ᠣᠨᠣᠪᠴᠢᠲᠠᠢ ᠡᠵᠡᠮᠳᠡᠵᠦ᠂ ᠦᠷᠭᠦᠯᠵᠢᠯᠡᠨ ᠰᠢᠯᠢᠳᠡᠭᠵᠢᠭᠦᠯᠦᠨ ᠬᠦᠴᠦᠷᠬᠡᠭᠵᠢᠭᠦᠯᠵᠦ᠂ ᠲᠣᠭᠲᠠᠬᠤ ᠰᠢᠶᠠᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠦᠷᠭᠦᠯᠵᠢᠯᠡᠨ ᠨᠡᠩ ᠶᠡᠭᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠪᠡ᠃      ᠲᠣᠬᠤᠨᠢᠭᠤᠯᠬᠤ ᠳᠤᠭᠤᠶᠢᠯᠠᠩ ᠤᠨ ᠬᠢᠨ ᠢᠯᠡᠷᠬᠡᠶᠢᠯᠡᠬᠦ ᠳᠡᠭᠡᠨ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠠᠵᠤ ᠠᠬᠤᠶᠢᠯᠠᠯ ᠳᠤ ᠨᠠᠩ ᠴᠢᠨᠠᠷ ᠰᠠᠶᠢᠲᠠᠢ᠂ ᠥᠨᠳᠥᠷ ᠪᠦᠲᠦᠮᠵᠢᠲᠡᠶ ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ ᠤᠨ ᠬᠥᠭᠵᠢᠯᠲᠡ᠂ ᠰᠢᠨ᠎ᠡ ᠶᠢ ᠡᠭᠦᠳᠬᠦ ᠦᠢᠯᠡᠴᠢᠯᠡᠭᠡ ᠶᠢ ᠪᠥᠬᠦ ᠬᠦᠴᠦᠨ ᠢᠶᠠᠷ ᠢᠶᠠᠨ ᠳᠡᠮᠵᠢᠵᠦ᠂ ᠬᠦᠴᠢᠷᠳᠡᠯ   ᠢ ᠰᠢᠢᠳᠪᠦᠷᠢᠯᠡᠨ ᠠᠰᠠᠭᠤᠳᠠᠯ ᠢ ᠰᠢᠢᠳᠪᠦᠷᠢᠯᠡᠵᠦ᠂ ᠨᠠᠩ ᠴᠢᠨᠠᠷ ᠰᠠᠶᠢᠲᠠᠢ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠪᠣᠶ ᠪᠣᠯᠭᠠᠵᠤ᠂ ᠠᠵᠤ ᠠᠬᠤᠶᠢᠯᠠᠯ ᠢ ᠰᠠᠨᠠᠭ᠎ᠠ ᠠᠮᠤᠷ ᠪᠡᠯᠡ ᠣᠷᠣᠭᠤᠯᠵᠤ᠂ ᠰᠠᠨᠠᠭ᠎ᠠ ᠠᠮᠤᠷ ᠬᠥᠭᠵᠢᠭᠦᠯᠦᠨ᠎ᠡ ᠭᠡᠵᠡᠢ᠃      ᠪᠠᠶᠠᠷ ᠤᠨ ᠡᠳᠦᠷ ᠤᠨ ᠬᠤᠭᠤᠴᠠᠭᠠᠨ ᠳᠤ ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠭ᠎ᠠ ᠨᠢᠭᠡᠳᠦᠭᠡᠷ ᠹᠷᠣᠨᠲ ᠤᠨ ᠺᠠᠳ᠋ᠷ ᠠᠵᠢᠯᠲᠠᠨ ᠢ ᠲᠣᠬᠤᠨᠢᠭᠤᠯᠬᠤ ᠳᠠᠭᠠᠨ᠂ ᠲᠣᠬᠤᠨᠢᠭᠤᠯᠬᠤ ᠳᠤᠭᠤᠶᠢᠯᠠᠩ ᠤᠨ ᠬᠢᠨ ᠲᠡᠳᠡᠨ ᠲᠠᠢ ᠳᠣᠲᠣᠨᠣ ᠪᠠᠷ ᠶᠠᠷᠢᠯᠴᠠᠵᠤ᠂ ᠬᠤᠯᠪᠣᠭᠳᠠᠯ ᠪᠦᠬᠦᠢ ᠠᠵᠢᠯ ᠤᠨ ᠪᠠᠶᠢᠳᠠᠯ ᠢ ᠨᠠᠷᠢᠨ ᠣᠶᠢᠯᠠᠭᠠᠵᠤ᠂ ᠲᠡᠳᠡᠨ ᠤ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠶᠢ ᠭᠦᠢᠴᠡᠳ ᠨᠤᠲᠠᠯᠠᠵᠤ᠂ ᠲᠡᠳᠡᠨ ᠤ ᠪᠠᠶᠠᠷ ᠤᠨ ᠡᠳᠦᠷ ᠤᠨ ᠬᠤᠭᠤᠴᠠᠭᠠᠨ ᠳᠤ ᠪᠠᠭ᠎ᠠ ᠭᠡᠷ ᠢᠶᠠᠨ ᠬᠠᠶᠠᠵᠤ ᠤᠯᠠᠨ ᠢ ᠬᠠᠷᠠᠭᠠᠯᠵᠠᠵᠤ᠂ ᠪᠦᠬᠦ ᠰᠢᠶᠠᠨ ᠤ ᠠᠷᠠᠳ ᠲᠦᠮᠡᠨ ᠤ ᠦᠢᠯᠡᠳᠪᠦᠷᠢᠯᠡᠯ ᠠᠮᠢᠳᠤᠷᠠᠯ ᠢ ᠪᠠᠲᠤᠯᠠᠬᠤ ᠳᠤ ᠬᠤᠪᠢ ᠨᠡᠮᠡᠷᠢ ᠦᠵᠡᠭᠦᠯᠦᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠡᠭᠦᠨ ᠤ ᠬᠠᠮᠲᠤ᠂ ᠪᠦᠬᠦ ᠵᠢᠵᠢᠭᠦᠷᠯᠡᠭᠴᠢ ᠴᠠᠭᠠᠨ ᠰᠠᠷ᠎ᠠ ᠶᠢᠨ ᠬᠤᠭᠤᠴᠠᠭᠠᠨ ᠳᠤ ᠰᠢᠯᠢᠳᠡᠭ ᠰᠤᠷᠲᠠᠯ ᠢᠶᠠᠨ ᠦᠷᠭᠦᠯᠵᠢᠯᠡᠨ ᠪᠠᠳᠠᠷᠠᠭᠤᠯᠵᠤ᠂ ᠠᠵᠢᠯ ᠤᠨ ᠪᠠᠶᠢᠷᠢ ᠪᠠᠨ ᠪᠠᠲᠤ ᠰᠠᠬᠢᠵᠤ᠂ ᠡᠭᠦᠷᠭᠡ ᠲᠤᠰᠢᠶᠠᠯ ᠢᠶᠠᠨ ᠦᠨᠡᠨᠴᠢ ᠪᠠᠷ ᠭᠦᠢᠴᠡᠳᠬᠡᠵᠦ᠂ ᠵᠢᠵᠢᠭᠦᠷᠯᠡᠨ ᠰᠠᠬᠢᠬᠤ ᠠᠵᠢᠯ ᠢᠶᠠᠨ ᠴᠢᠩᠭᠠᠳᠬᠠᠵᠤ᠂ ᠨᠡᠶᠢᠭᠡᠮ ᠤᠨ ᠲᠣᠭᠲᠠᠭᠤᠨ ᠢ ᠬᠠᠮᠠᠭᠠᠯᠠᠬᠤ᠂ ᠠᠶᠤᠯᠭᠦᠢ ᠦᠢᠯᠡᠳᠪᠦᠷᠢᠯᠡᠯ ᠵᠡᠷᠭᠡ ᠡᠯ᠎ᠡ ᠵᠦᠢᠯ ᠤᠨ ᠠᠵᠢᠯ ᠢ ᠪᠣᠳᠠᠲᠠᠢ ᠪᠥᠭᠡᠳ ᠨᠠᠷᠢᠯᠢᠭ ᠠᠳᠬᠤᠵᠤ᠂ ᠤᠯᠠᠨ ᠲᠦᠮᠡᠨ ᠤ ᠠᠮᠤᠷ ᠲᠦᠪᠰᠢᠨ ᠢ ᠰᠠᠶᠢᠲᠤᠷ ᠰᠠᠬᠢᠨ ᠬᠠᠮᠠᠭᠠᠯᠠᠵᠤ᠂ ᠪᠦᠬᠦ ᠰᠢᠶᠠᠨ ᠤ ᠠᠷᠠᠳ ᠲᠦᠮᠡᠨ ᠢ ᠠᠮᠤᠷ ᠠᠮᠤᠭᠤᠯᠠᠩ᠂ ᠥᠯᠵᠡᠢ ᠪᠡᠯᠭᠡ ᠲᠠᠢ᠂ ᠪᠠᠶᠠᠷ ᠪᠠᠶᠠᠰᠬᠤᠯᠠᠩ ᠲᠠᠢ ᠴᠠᠭᠠᠨ ᠰᠠᠷ᠎ᠠ ᠶᠢ ᠥᠩᠭᠡᠷᠡᠭᠦᠯᠬᠦ ᠶᠢ ᠬᠦᠰᠡᠵᠦ ᠪᠠᠶᠢᠨ᠎ᠠ᠃ ᠺᠠᠳ᠋ᠷ ᠠᠵᠢᠯᠲᠠᠳ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠣᠪᠣᠷ ᠢᠶᠠᠷ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠵᠦ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠵᠤ᠂ ᠪᠦᠬᠦ ᠰᠢᠶᠠᠨ ᠤ ᠠᠷᠠᠳ ᠲᠦᠮᠡᠨ ᠤ ᠠᠮᠤᠷ ᠠᠮᠤᠭᠤᠯᠠᠩ᠂ ᠥᠯᠵᠡᠢ ᠪᠡᠯᠭᠡ ᠲᠠᠢ ᠴᠠᠭᠠᠨ ᠰᠠᠷ᠎ᠠ ᠶᠢ ᠥᠩᠭᠡᠷᠡᠭᠦᠯᠬᠦ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠨ᠎ᠡ ᠭᠡᠵᠦ ᠢᠯᠡᠳᠬᠡᠵᠡᠭᠡᠪᠡ᠃      ᠭᠠᠵᠠᠷ ᠤᠨ ᠲᠡᠰ ᠤᠨ ᠠᠵᠢᠯ ᠠᠴᠠ ᠪᠠᠨ ᠠᠮᠠᠷᠠᠭᠰᠠᠨ ᠠᠵᠢᠯ ᠠᠴᠠ ᠪᠠᠨ ᠠᠮᠠᠷᠠᠭᠰᠠᠨ ᠺᠠᠳ᠋ᠷ᠂ ᠬᠦᠴᠢᠷᠳᠡᠯᠲᠡᠢ ᠬᠥᠮᠥᠰ᠂ ᠠᠬᠠᠮᠠᠳ ᠨᠠᠮ ᠤᠨ ᠭᠡᠰᠢᠭᠦᠨ ᠢ ᠲᠣᠬᠤᠨᠢᠭᠤᠯᠬᠤ ᠦᠶ᠎ᠡ ᠳᠤ᠂ ᠲᠣᠬᠤᠨᠢᠭᠤᠯᠬᠤ ᠳᠤᠭᠤᠶᠢᠯᠠᠩ ᠤᠨ ᠬᠢᠨ ᠳᠡᠳᠡᠨ ᠲᠠᠢ ᠵᠣᠭᠤᠭᠳᠠᠵᠤ᠂ ᠳᠡᠳᠡᠨ ᠤ ᠡᠷᠡᠭᠦᠯ ᠮᠡᠨᠳᠦ ᠶᠢᠨ ᠪᠠᠶᠢᠳᠠᠯ ᠪᠣᠯᠣᠨ ᠠᠮᠢᠳᠤᠷᠠᠯ ᠤᠨ ᠪᠠᠶᠢᠳᠠᠯ ᠢ ᠬᠠᠯᠠᠮᠵᠢᠯᠠᠨ ᠠᠰᠠᠭᠤᠵᠤ᠂ ᠳᠡᠳᠡᠨ ᠤ ᠣᠳᠣᠬᠠᠨ ᠳᠤ ᠣᠷᠣᠰᠢᠵᠤ ᠪᠠᠶᠢᠭ᠎ᠠ ᠬᠦᠴᠢᠷᠳᠡᠯ ᠪᠣᠯᠣᠨ ᠠᠰᠠᠭᠤᠳᠠᠯ ᠢ ᠣᠶᠢᠯᠠᠭᠠᠬᠤ ᠶᠢᠨ ᠬᠠᠮᠲᠤ ᠳᠡᠳᠡᠨ ᠳᠤ ᠲᠣᠬᠤᠨᠢᠭᠤᠯᠬᠤ ᠮᠥᠩᠭᠦ ᠪᠣᠯᠣᠨ ᠲᠣᠬᠤᠨᠢᠭᠤᠯᠬᠤ ᠪᠣᠳᠠᠰ ᠬᠦᠷᠭᠡᠪᠡ᠃ ᠡᠭᠦᠨ ᠤ ᠵᠡᠷᠭᠡᠪᠡᠷ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠳᠤ ᠬᠠᠷᠠᠭᠠᠯᠵᠠᠯ ᠦᠵᠡᠭᠦᠯᠬᠦ ᠲᠦᠷᠦ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠬᠠᠮᠠᠳ ᠪᠠᠶᠢᠯᠳᠤᠭᠴᠢ ᠠᠬᠠᠮᠠᠳ ᠨᠥᠬᠦᠳ ᠢ ᠦᠵᠡᠯ ᠰᠠᠨᠠᠭᠠᠨ ᠤ ᠲᠠᠯ᠎ᠠ ᠪᠠᠷ ᠢᠯᠡᠭᠦᠬᠡᠨ ᠬᠠᠯᠠᠮᠵᠢᠯᠠᠵᠤ᠂ ᠠᠮᠢᠳᠤᠷᠠᠯ ᠤᠨ ᠲᠠᠯ᠎ᠠ ᠪᠠᠷ ᠢᠯᠡᠭᠦᠬᠡᠨ ᠬᠠᠷᠠᠭᠠᠯᠵᠠᠵᠤ᠂ ᠤᠶᠤᠨ ᠰᠠᠨᠠᠭᠠᠨ ᠤ ᠲᠠᠯ᠎ᠠ ᠪᠠᠷ ᠢᠯᠡᠭᠦᠬᠡᠨ ᠬᠠᠯᠠᠮᠵᠢᠯᠠᠵᠤ᠂ ᠲᠡᠳᠡᠨ ᠤ ᠬᠠᠯᠠᠭᠤᠨ ᠬᠦᠢᠲᠡᠨ ᠢ ᠴᠠᠭ ᠢᠮᠠᠭᠲᠠ ᠰᠡᠳᠬᠢᠯ ᠳᠡᠭᠡᠨ ᠪᠤᠳᠤᠵᠤ᠂ ᠨᠠᠮ ᠪᠣᠯᠣᠨ ᠵᠠᠰᠠᠭ ᠤᠨ ᠣᠷᠳᠣᠨ ᠤ ᠬᠠᠯᠠᠮᠵᠢᠯᠠᠯ ᠢ ᠦᠨᠡᠨᠬᠦ ᠲᠡᠳᠡᠨ ᠳᠤ ᠬᠦᠷᠭᠡᠵᠦ ᠥᠭᠬᠦ ᠬᠡᠷᠡᠭᠲᠡᠢ ᠭᠡᠵᠦ ᠵᠠᠬᠢᠪᠠ᠃  ᠳᠠᠷᠤᠤ ᠬᠢᠴᠢᠶᠡᠩᠭᠦᠢ ᠪᠠᠷ ᠠᠬᠠᠮᠠᠳ ᠺᠠᠳ᠋ᠷᠴᠤᠳ ᠠᠴᠠ ᠰᠤᠷᠤᠯᠴᠠᠵᠤ᠂ ᠢᠷᠠᠭᠤ ᠠᠯᠳᠠᠷᠲᠤ ᠤᠯᠠᠮᠵᠢᠯᠠᠯ ᠢᠶᠠᠨ ᠪᠠᠳᠠᠷᠠᠭᠤᠯᠵᠤ᠂ ᠡᠷᠬᠢᠮ ᠨᠠᠨᠳᠢᠨ ᠲᠤᠷᠰᠢᠯᠭ᠎ᠠ ᠶᠢ ᠰᠢᠩᠭᠡᠬᠡᠨ ᠠᠪᠴᠤ᠂ ᠲᠣᠭᠲᠠᠬᠤ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠴᠢᠨᠠᠭᠰᠢᠳᠠ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠬᠦᠴᠢᠷᠳᠡᠯ ᠲᠠᠢ ᠠᠵᠢᠯᠲᠠᠨ ᠠᠵᠢᠯᠴᠢᠨ ᠢ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠦᠴᠢᠷᠳᠡᠯ ᠲᠠᠢ ᠠᠵᠢᠯᠲᠠᠨ ᠠᠵᠢᠯᠴᠢᠨ ᠤ ᠬᠠᠯᠠᠭᠤᠨ ᠬᠦᠢᠲᠡᠨ ᠢ ᠰᠡᠳᠬᠢᠯ ᠳᠡᠭᠡᠨ ᠪᠤᠳᠤᠵᠤ᠂ ᠲᠡᠳᠡᠨ ᠢ ᠦᠨᠡᠨ ᠬᠦ ᠬᠠᠪᠰᠤᠷᠴᠤ ᠪᠠᠶᠢᠭᠠᠳ ᠪᠣᠳᠠᠲᠠᠢ ᠬᠦᠴᠢᠷᠳᠡᠯ ᠢ ᠨᠢ ᠰᠢᠢᠳᠪᠦᠷᠢᠯᠡᠵᠦ ᠦᠭᠭᠦᠨ᠎ᠡ᠃ ᠬᠠᠶᠢᠷ᠎ᠠ ᠰᠡᠳᠬᠢᠯᠭᠡ ᠲᠠᠢ ᠪᠠᠷ ᠦᠨᠳᠦᠰᠦᠨ ᠱᠠᠲᠤᠨ ᠳᠤ  ᠪᠠᠭᠤᠵᠦ᠂ ᠬᠦᠴᠢᠷ ᠠᠰᠠᠭᠤᠳᠠᠯ ᠢ ᠰᠢᠢᠳᠪᠦᠷᠢᠯᠡᠨ᠂ ᠪᠣᠳᠠᠲᠠᠢ ᠶᠠᠪᠤᠳᠠᠯ ᠬᠢᠵᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠬᠦᠴᠢᠷᠳᠡᠯᠲᠡᠢ ᠤᠯᠠᠨ ᠲᠦᠮᠡᠨ ᠪᠣᠯᠣᠨ ᠬᠦᠴᠢᠷᠳᠡᠯᠲᠡᠢ ᠠᠵᠢᠯᠲᠠᠨ ᠠᠵᠢᠯᠴᠢᠨ ᠢ ᠨᠡᠩ ᠢᠯᠡᠭᠦᠦ ᠬᠠᠯᠠᠮᠵᠢᠯᠠᠨ ᠳᠡᠮᠵᠢᠵᠦ᠂ ᠠᠷᠭ᠎ᠠ ᠪᠦᠬᠦᠨ ᠢ ᠰᠦᠪᠡᠭᠴᠢᠯᠡᠨ ᠲᠡᠳᠡᠨ ᠢ ᠬᠠᠪᠰᠤᠷᠤᠨ ᠬᠦᠴᠢᠷ ᠵᠣᠪᠠᠭᠤᠷᠢ ᠶᠢ ᠨᠢ ᠰᠢᠢᠳᠪᠦᠷᠢᠯᠡᠵᠦ᠂ ᠲᠡᠳᠡᠨ ᠢ ᠬᠠᠪᠰᠤᠷᠤᠨ ᠬᠦᠴᠢᠷ ᠢ ᠨᠢ ᠲᠤᠭᠤᠯᠵᠤ᠂ ᠬᠦᠴᠢᠷᠳᠡᠯ ᠠᠴᠠ ᠨᠢ ᠠᠩᠭᠢᠵᠢᠷᠠᠭᠤᠯᠵᠤ᠂ ᠲᠡᠳᠡᠨ ᠢ ᠪᠠᠶᠠᠷ ᠪᠠᠶᠠᠰᠬᠤᠯᠠᠩ ᠲᠠᠢ ᠥᠯᠵᠡᠢ ᠪᠡᠯᠭᠡ ᠲᠠᠢ ᠴᠠᠭᠠᠨ ᠰᠠᠷ᠎ᠠ ᠶᠢ ᠥᠩᠭᠡᠷᠡᠭᠦᠯᠬᠦ ᠶᠢ ᠪᠡᠯᠭᠡᠳᠡᠪᠡ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1