1 ᠳ᠋ᠤᠭᠡᠷ ᠰᠠᠷ᠎ᠠ ᠶᠢᠨ 18 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ | ᠤᠳᠤᠷᠢᠳᠬᠤ ᠪᠠᠭ 2022 ᠣᠨ ᠤ ᠠᠷᠠᠳᠴᠢᠯᠠᠯᠳᠦ ᠠᠮᠢᠳᠤᠷᠠᠯ ᠤᠨ ᠬᠤᠷᠠᠯ ᠬᠤᠷᠠᠯᠳᠤᠭᠤᠯᠵᠤ᠂ ᠭᠤᠣᠯ | ᠰᠡᠳᠦᠪ ᠲᠠᠢ ᠨᠢᠭᠲᠠ ᠤᠶᠠᠯᠳᠤᠭᠤᠯᠵᠤ᠂ ᠪᠣᠳᠠᠲᠠᠢ ᠲᠠᠢ ᠤᠶᠠᠯᠳᠤᠭᠤᠯᠵᠤ᠂ ᠭᠦᠨᠵᠡᠭᠡᠢ ᠪᠠᠶᠢᠴᠠᠭᠠᠨ ᠳᠡᠯᠭᠡᠵᠦ᠂ | ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠨᠠᠷᠢᠨ ᠬᠢᠨᠠᠮᠠᠭᠠᠢ ᠥᠷᠨᠢᠭᠦᠯᠪᠡ᠃ ᠰᠢᠶᠠᠨ ᠤ ᠨᠠᠮ ᠤᠨ ᠬᠤᠷᠢᠶᠠᠨ ᠤ | ᠱᠦᠵᠢ ᠸᠠᠩ ᠳ᠋ᠦᠩ ᠱᠧᠩ ᠬᠤᠷᠠᠯ ᠢ ᠡᠷᠭᠢᠯᠡᠵᠦ᠂ ᠬᠤᠲᠠ ᠶᠢᠨ ᠨᠠᠮ ᠤᠨ ᠬᠤᠷᠢᠶᠠᠨ ᠤ ᠭᠤᠷᠪᠠᠳᠤᠭᠠᠷ ᠰᠢᠪᠠᠳᠠᠨ | ᠵᠢᠯᠤᠭᠤᠳᠬᠤ ᠳᠤᠭᠤᠶᠢᠯᠠᠩ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃ | ᠰᠢᠶᠠᠨ ᠤ ᠨᠠᠮ ᠤᠨ ᠬᠤᠷᠢᠶ᠎ᠠ ᠡᠨᠡ ᠤᠳᠠᠭ᠎ᠠ ᠶᠢᠨ ᠠᠷᠠᠳᠴᠢᠯᠠᠯᠳᠦ ᠠᠮᠢᠳᠤᠷᠠᠯ ᠤᠨ ᠬᠤᠷᠠᠯ ᠢ ᠰᠠᠶᠢᠲᠤᠷ | ᠬᠤᠷᠠᠯᠳᠤᠭᠤᠯᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠪᠡ᠃ ᠬᠤᠷᠠᠯ ᠠᠴᠠ ᠡᠮᠦᠨ᠎ᠡ ᠲᠤᠰᠬᠠᠶᠢᠯᠠᠨ | ᠲᠥᠰᠥᠯ ᠲᠣᠭᠲᠠᠭᠠᠵᠤ᠂ ᠭᠦᠨᠵᠡᠭᠡᠢ ᠰᠤᠷᠤᠯᠴᠠᠨ ᠰᠤᠳᠤᠯᠤᠨ ᠶᠠᠷᠢᠯᠴᠠᠵᠤ᠂ ᠥᠷᠭᠡᠨ ᠢᠶᠠᠷ ᠰᠠᠨᠠᠯ ᠰᠠᠨᠠᠭᠤᠯᠭ᠎ᠠ | ᠬᠤᠷᠢᠶᠠᠵᠤ᠂ ᠨᠠᠷᠢᠨ ᠬᠢᠨᠠᠮᠠᠭᠠᠢ ᠰᠡᠳᠬᠢᠯ ᠤᠨ ᠦᠭᠡ ᠪᠠᠨ ᠶᠠᠷᠢᠯᠴᠠᠵᠤ᠂ ᠬᠠᠷᠢᠴᠠᠭᠤᠯᠤᠨ ᠪᠠᠶᠢᠴᠠᠭᠠᠭᠰᠠᠨ | ᠮᠠᠲ᠋ᠧᠷᠢᠶᠠᠯ ᠢ ᠨᠠᠷᠢᠨ ᠨᠢᠮᠪᠠᠢ ᠲᠤᠭᠤᠷᠪᠢᠵᠤ᠂ ᠭᠦᠢᠴᠡᠳ ᠪᠡᠯᠡᠳᠬᠡᠯ ᠬᠢᠵᠡᠢ᠃ | ᠬᠤᠷᠠᠯ ᠠᠴᠠ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ ᠤᠨ | ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠯᠳᠦ ᠠᠮᠢᠳᠤᠷᠠᠯ ᠤᠨ | ᠬᠤᠷᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠪᠣᠯᠣᠨ ᠲᠤᠰ ᠤᠳᠠᠭ᠎ᠠ ᠶᠢᠨ | ᠠᠷᠠᠳᠴᠢᠯᠠᠯᠳᠦ ᠠᠮᠢᠳᠤᠷᠠᠯ ᠤᠨ ᠬᠤᠷᠠᠯ ᠤᠨ ᠰᠠᠨᠠᠯ ᠬᠤᠷᠢᠶᠠᠭᠰᠠᠨ ᠪᠠᠶᠢᠳᠠᠯ ᠢ ᠵᠠᠷᠯᠠᠨ ᠮᠡᠳᠡᠭᠳᠡᠪᠡ᠃ ᠸᠠᠩ ᠳ᠋ᠦᠩ | ᠱᠧᠩ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠢ ᠲᠥᠯᠥᠭᠡᠯᠡᠨ | ᠬᠠᠷᠢᠴᠠᠭᠤᠯᠤᠨ ᠪᠠᠶᠢᠴᠠᠭᠠᠬᠤ ᠶᠢᠨ ᠬᠠᠮᠲᠤ ᠲᠦᠷᠦᠭᠦᠯᠡᠨ ᠬᠤᠪᠢ ᠬᠥᠮᠥᠨ ᠤ ᠬᠠᠷᠢᠴᠠᠭᠤᠯᠤᠨ ᠪᠠᠶᠢᠴᠠᠭᠠᠵᠤ᠂ | ᠪᠤᠰᠤᠳ ᠪᠠᠶᠢᠩᠭᠤ ᠶᠢᠨ ᠬᠤᠷᠢᠶᠠᠨ ᠤ ᠨᠥᠬᠦᠳ ᠨᠢᠭᠡᠳ ᠨᠢᠭᠡ ᠪᠠᠷ ᠬᠤᠪᠢ ᠬᠥᠮᠥᠨ ᠤ ᠬᠠᠷᠢᠴᠠᠭᠤᠯᠤᠨ | ᠪᠠᠶᠢᠴᠠᠭᠠᠪᠠ᠃ ᠪᠠᠶᠢᠩᠭᠤ ᠶᠢᠨ ᠭᠡᠰᠢᠭᠦᠨ ᠨᠢᠭᠡᠪᠦᠷᠢ ᠶᠠᠷᠢᠶ᠎ᠠ ᠲᠠᠯᠪᠢᠭᠰᠠᠨ ᠤ ᠲᠠᠷᠠᠭ᠎ᠠ᠂ ᠪᠤᠰᠤᠳ ᠨᠥᠬᠦᠳ ᠲᠡᠰ | ᠳᠠᠷᠠᠭᠠᠯᠠᠯ ᠢᠶᠠᠷ ᠢᠶᠠᠨ ᠰᠢᠭᠦᠮᠵᠢᠯᠡᠭᠰᠡᠨ ᠰᠠᠨᠠᠯ ᠢᠶᠠᠨ ᠳᠤᠷᠠᠳᠪᠠ᠃ | ᠸᠠᠩ ᠳ᠋ᠦᠩ ᠱᠧᠩ ᠳ᠋ᠦᠩᠨᠡᠯᠲᠡ ᠶᠢᠨ ᠶᠠᠷᠢᠶ᠎ᠠ ᠲᠠᠯᠪᠢᠬᠤ ᠳᠠᠭᠠᠨ᠂ ︽ᠬᠤᠶᠠᠷ ᠢ ᠲᠤᠭᠳᠠᠭᠠᠭᠰᠠᠨ︾ ᠢ ᠴᠢᠩ | ᠰᠡᠳᠬᠢᠯ ᠠᠴᠠ ᠪᠠᠨ ᠬᠦᠷᠢᠶᠡᠯᠡᠵᠦ᠂ ︽ᠬᠤᠶᠠᠷ ᠢ ᠬᠦᠷᠢᠶᠡᠯᠡᠬᠦ︾ ᠶᠢ ᠦᠨᠡᠨᠴᠢ ᠰᠢᠳᠤᠷᠭᠤ ᠪᠠᠷ | ᠦᠢᠯᠡᠳᠦᠯᠭᠡᠵᠢᠭᠦᠯᠵᠦ᠂ ᠨᠠᠮ ᠳᠠᠭᠠᠨ ᠬᠠᠷᠢᠴᠠᠯᠠᠰᠢ ᠦᠭᠡᠢ ᠦᠨᠡᠨᠴᠢ ᠰᠢᠳᠤᠷᠭᠤ ᠪᠠᠶᠢᠬᠤ ᠤᠯᠤᠰ ᠲᠦᠷᠦ ᠶᠢᠨ ᠬᠡᠪ | ᠰᠤᠷᠲᠠᠯ ᠢ ᠡᠷᠡᠰ ᠪᠠᠲᠤ ᠪᠤᠢ ᠪᠣᠯᠭᠠᠬᠤ ᠬᠡᠷᠡᠭᠲᠡᠢ᠃ ᠭᠤᠣᠯᠯᠠᠭᠴᠢ ᠲᠠᠢ ᠨᠢᠭᠡᠳᠦᠯᠲᠡᠢ ᠪᠠᠶᠢᠬᠤ ᠤᠯᠤᠰ ᠲᠥᠷᠥ ᠶᠢᠨ | ᠵᠣᠭᠰᠣᠯᠲᠠ ᠪᠠᠨ ᠤᠯᠠᠮ ᠨᠢᠭᠡ ᠠᠯᠬᠤᠮ ᠪᠠᠲᠤᠳᠬᠠᠵᠤ᠂ ᠠᠯᠢᠪᠠ ᠠᠵᠢᠯ ᠢ ᠴᠥᠮ ᠤᠯᠤᠰ ᠲᠦᠷᠦ ᠶᠢᠨ | ᠲᠠᠯ᠎ᠠ ᠠᠴᠠ ᠪᠣᠳᠣᠯᠬᠢᠯᠠᠬᠤ᠂ ᠶᠡᠭᠡ ᠲᠠᠯ᠎ᠠ ᠶᠢᠨ ᠳᠣᠣᠷ᠎ᠠ ᠠᠵᠢᠯᠯᠠᠬᠤ ᠶᠢ ᠪᠠᠷᠢᠮᠲᠠᠯᠠᠵᠤ᠂ ᠢᠮᠠᠭᠲᠠ ᠭᠤᠣᠯᠯᠠᠭᠴᠢ ᠳᠤ | ᠦᠨᠡᠨᠴᠢ ᠰᠢᠳᠤᠷᠭᠤ᠂ ᠭᠤᠣᠯᠯᠠᠭᠴᠢ ᠶᠢ ᠢᠲᠡᠭᠡᠬᠦ᠂ ᠭᠤᠣᠯᠯᠠᠭᠴᠢ ᠶᠢ ᠰᠠᠯᠤᠯ ᠦᠭᠡᠢ ᠲᠠᠭᠠᠬᠤ᠂ ᠭᠤᠣᠯᠯᠠᠭᠴᠢ ᠶᠢ | ᠬᠠᠮᠠᠭᠠᠯᠠᠬᠤ ᠶᠢ ᠪᠠᠷᠢᠮᠲᠠᠯᠠᠵᠤ᠂ ᠶᠠᠮᠠᠷᠪᠠ ᠴᠠᠭ ᠦᠶ᠎ᠡ ᠶᠠᠮᠠᠷᠪᠠ ᠪᠠᠶᠢᠳᠠᠯ ᠳᠣᠣᠷ᠎ᠠ ᠴᠥᠮ ᠨᠠᠮ ᠤᠨ ᠲᠥᠪ | ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠶᠢ ᠪᠠᠷᠢᠮᠲᠠᠯᠠᠵᠤ᠂ ᠨᠠᠮ ᠤᠨ ᠲᠥᠪ ᠬᠤᠷᠢᠶ᠎ᠠ ᠶᠠᠭᠠᠬᠢᠵᠤ | ᠱᠠᠭᠠᠷᠳᠠᠭᠰᠠᠨ ᠪᠣᠯ ᠲᠡᠭᠡᠵᠦ ᠬᠢᠬᠦ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠭᠤᠣᠯᠯᠠᠭᠴᠢ ᠶᠢ ᠰᠠᠯᠤᠯ ᠦᠭᠡᠢ | ᠳᠠᠭᠠᠬᠤ ᠤᠯᠤᠰ ᠲᠥᠷᠥ ᠶᠢᠨ ᠴᠢᠳᠠᠪᠤᠷᠢ ᠪᠠᠨ ᠤᠯᠠᠮ ᠨᠢᠭᠡ ᠠᠯᠬᠤᠮ ᠳᠠᠪᠲᠠᠨ ᠪᠣᠯᠪᠠᠰᠤᠷᠠᠭᠤᠯᠵᠤ᠂ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠭᠦᠨᠵᠡᠭᠡᠢ | ᠰᠤᠷᠤᠯᠴᠠᠬᠤ᠂ ᠨᠠᠷᠢᠨ ᠣᠶᠢᠯᠠᠭᠠᠬᠤ᠂ ᠦᠨᠡᠨᠴᠢ ᠰᠢᠳᠤᠷᠭᠤ ᠪᠠᠷ ᠬᠡᠷᠡᠭᠵᠢᠭᠦᠯᠬᠦ ᠳᠡᠭᠡᠷ᠎ᠡ ᠬᠦᠴᠦ ᠲᠠᠯᠪᠢᠵᠤ᠂ | ᠭᠤᠣᠯᠯᠠᠭᠴᠢ ᠪᠠᠨ ᠬᠠᠮᠠᠭᠠᠯᠠᠬᠤ ᠤᠯᠤᠰ ᠲᠥᠷᠥ ᠶᠢᠨ ᠡᠭᠦᠷᠭᠡᠯᠡᠯ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ | ᠶᠠᠮᠠᠷ ᠠᠰᠠᠭᠤᠳᠠᠯ ᠢ ᠪᠣᠳᠣᠯᠬᠢᠯᠠᠭᠰᠠᠨ ᠴᠤ᠂ ᠶᠠᠮᠠᠷ ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠴᠤ᠂ ᠡᠩ | ᠲᠡᠷᠢᠭᠦᠨ ᠳᠤ ︽ᠬᠤᠶᠠᠷ ᠬᠠᠯᠬᠠᠪᠴᠢ︾ ︽ᠬᠤᠶᠠᠷ ᠰᠠᠭᠤᠷᠢᠨ︾ ︽ᠨᠢᠭᠡ ᠪᠠᠬᠢᠯᠡᠯᠲᠡ︾ ᠶᠢᠨ ᠪᠠᠶᠢᠯᠳᠤᠬᠤ | ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠣᠯᠣᠨ ︽ᠨᠢᠭᠡ ᠰᠢᠨ᠎ᠡ ᠵᠠᠮ︾ ᠤᠨ ᠬᠥᠭᠵᠢᠯᠲᠡ ᠶᠢᠨ ᠠᠷᠭ᠎ᠠ ᠵᠠᠮ ᠢ | ᠬᠠᠷᠭᠤᠭᠤᠯᠵᠤ᠂ ᠠᠯᠢᠪᠠ ᠬᠥᠭᠵᠢᠯᠲᠡ ᠶᠢᠨ ᠰᠡᠳᠬᠢᠴᠡ ᠶᠢ ᠡᠭᠦᠨ ᠢᠶᠠᠷ ᠲᠥᠯᠥᠪᠵᠢᠭᠦᠯᠵᠦ᠂ ᠠᠯᠢᠪᠠ | ᠬᠥᠭᠵᠢᠯᠲᠡ ᠶᠢᠨ ᠠᠷᠭ᠎ᠠ ᠬᠡᠮᠵᠢᠶ᠎ᠡ ᠶᠢ ᠡᠭᠦᠨ ᠢᠶᠠᠷ ᠲᠣᠭᠲᠠᠭᠠᠵᠤ᠂ ᠠᠯᠢᠪᠠ ᠬᠥᠭᠵᠢᠯᠲᠡ ᠶᠢᠨ ᠦᠷ᠎ᠡ ᠪᠦᠲᠦᠮᠵᠢ ᠶᠢ | ᠡᠭᠦᠨ ᠢᠶᠠᠷ ᠰᠢᠯᠭᠠᠬᠤ ᠶᠢ ᠢᠮᠠᠭᠲᠠ ᠪᠠᠷᠢᠮᠲᠠᠯᠠᠵᠤ᠂ ᠪᠣᠳᠠᠲᠠᠢ ᠠᠵᠢᠯᠯᠠᠵᠤ ᠪᠣᠳᠠᠲᠠᠢ ᠠᠮᠵᠢᠯᠲᠠ ᠪᠦᠲᠦᠮᠵᠢ ᠶᠢᠨ | ᠳᠤᠮᠳᠠ ︽ᠬᠤᠶᠠᠷ ᠢ ᠬᠦᠷᠢᠶᠡᠯᠡᠬᠦ︾ ᠶᠢ ᠦᠨᠡᠨᠬᠦ ᠦᠢᠯᠡᠳᠦᠯᠭᠡᠵᠢᠭᠦᠯᠵᠦ᠂ ᠨᠠᠮ ᠳᠠᠭᠠᠨ ᠦᠨᠡᠨᠴᠢ ᠰᠢᠳᠤᠷᠭᠤ | ᠪᠠᠶᠢᠬᠤ ᠪᠠᠨ ᠲᠣᠳᠣᠷᠬᠠᠶᠢᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠸᠠᠩ ᠳ᠋ᠦᠩ ᠱᠧᠩ ᠴᠢᠬᠤᠯᠠᠴᠢᠯᠠᠭᠰᠠᠨ ᠨᠢ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ | ᠴᠡᠭᠡᠵᠢᠯᠡᠵᠦ᠂ ᠪᠣᠳᠠᠲᠠᠢ ᠠᠵᠢᠯᠯᠠᠵᠤ ᠯᠠᠪᠳᠠᠭᠤᠨ ᠪᠠᠲᠤᠲᠠᠢ ᠤᠷᠤᠭᠰᠢᠯᠠᠵᠤ᠂ ᠲᠣᠭᠲᠠᠬᠤ ᠰᠢᠶᠠᠨ ᠤ ᠠᠵᠤ ᠠᠬᠤᠢ | ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠰᠢ ᠶᠢᠨ ᠫᠢᠩ | ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠡᠷᠡᠰ | ᠲᠤᠤᠱᠯᠠᠭᠤᠯᠵᠤ᠂ ᠬᠤᠲᠠ ᠶᠢᠨ ᠨᠠᠮ ᠤᠨ ᠬᠤᠷᠢᠶ᠎ᠠ ᠶᠢᠨ ︽ᠲᠠᠪᠤᠨ ᠴᠢᠳᠠᠪᠤᠷᠢ ᠶᠢᠨ ᠲᠠᠰ︾ ᠢ ᠳᠡᠭᠡᠭᠰᠢᠯᠡᠭᠦᠯᠬᠦ | ᠲᠤᠬᠠᠢ ᠴᠢᠬᠤᠯᠠ ᠪᠠᠶᠢᠷᠢᠯᠠᠭᠤᠯᠤᠯᠲᠠ ᠶᠢ ᠡᠷᠡᠰ ᠨᠠᠶᠢᠳᠠᠪᠤᠷᠢᠵᠢᠭᠤᠯᠤᠨ᠂ ᠤᠬᠠᠮᠰᠠᠷ ᠠᠴᠠ ᠪᠠᠨ ᠪᠥᠬᠦ ᠣᠷᠣᠨ᠂ | ᠪᠥᠬᠦ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠬᠦ ᠪᠠ ᠪᠠᠲᠤᠯᠠᠬᠤ | ᠡᠭᠦᠳᠡᠨ ᠠᠴᠠ᠂ ᠣᠶᠤᠨ ᠴᠢᠳᠠᠯ ᠢᠶᠠᠨ ᠲᠥᠪᠯᠡᠷᠡᠭᠦᠯᠦᠨ ︽ᠲᠠᠪᠤᠨ ᠶᠡᠭᠡ ᠭᠠᠷᠳᠠᠴᠠ︾ ᠶᠢᠨ ᠲᠣᠭᠤᠷᠢᠨ ᠳᠤ | ᠠᠵᠢᠯ ᠢᠶᠠᠨ ᠥᠷᠨᠢᠭᠦᠯᠬᠦ ᠬᠡᠷᠡᠭᠲᠡᠢ ᠭᠡᠵᠡᠢ᠃ | ᠸᠠᠩ ᠳ᠋ᠦᠩ ᠱᠧᠩ ᠴᠢᠬᠤᠯᠠᠴᠢᠯᠠᠭᠰᠠᠨ ᠨᠢ᠂ ᠰᠤᠷᠲᠠᠯ ᠰᠠᠬᠢᠯᠭ᠎ᠠ ᠪᠠᠲᠤ ᠶᠢ ᠴᠢᠩᠭᠠᠳᠬᠠᠵᠤ᠂ | ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠡᠯ᠎ᠡ ᠵᠦᠢᠯ ᠤᠨ ᠠᠵᠢᠯ ᠤᠨ | ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ᠃ ᠪᠦᠬᠦ | ᠰᠢᠶᠠᠨ ᠢᠶᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠦᠴᠦ ᠪᠠᠨ ᠬᠠᠮᠲᠤᠳᠬᠠᠨ ᠠᠵᠤ | ᠦᠢᠯᠡᠳᠪᠦᠷᠢ ᠶᠢᠨ ᠰᠠᠭᠤᠷᠢ ᠰᠠᠶᠢᠨ᠂ ᠲᠠᠷᠢᠶᠠᠯᠠᠩ ᠤᠨ ᠨᠥᠬᠦᠴᠡᠯ ᠰᠢᠯᠢᠳᠡᠭ᠂ ᠰᠣᠶᠣᠯ ᠵᠢᠭᠤᠯᠴᠢᠯᠠᠯ ᠤᠨ ᠡᠬᠢ | ᠪᠠᠶᠠᠯᠢᠭ ᠡᠯᠪᠡᠭ ᠳᠡᠯᠪᠡᠭ ᠬᠠᠷᠢᠴᠠᠭᠤᠯᠤᠭᠰᠠᠨ ᠳᠠᠪᠠᠭᠤᠯᠢᠭ ᠢ ᠤᠯᠠᠮ ᠨᠢᠭᠡ ᠠᠯᠬᠤᠮ ᠪᠠᠳᠠᠷᠠᠭᠤᠯᠵᠤ᠂ ︽ | ᠬᠠᠷᠢᠭᠤᠴᠠᠯᠭ᠎ᠠ ᠡᠭᠦᠷᠭᠡᠯᠡᠬᠦ᠂ ᠴᠢᠳᠠᠮᠠᠭᠠᠢ ᠪᠠᠷ ᠠᠵᠢᠯᠯᠠᠬᠤ᠂ ᠤᠴᠢᠷ ᠶᠠᠪᠤᠳᠠᠯ ᠢ ᠪᠦᠲᠦᠭᠡᠵᠦ ᠴᠢᠳᠠᠬᠤ︾ | ᠲᠤᠭᠳᠠᠬᠤ ᠰᠢᠶᠠᠨ ᠤ ᠺᠠᠳ᠋ᠷ ᠤᠨ ᠲᠦᠷᠦᠯ ᠲᠡᠮᠳᠡᠭ ᠢ ᠤᠯᠠᠮ ᠴᠢᠨᠠᠭᠰᠢᠳᠠ ᠪᠤᠢ ᠪᠣᠯᠭᠠᠵᠤ᠂ ︽ᠺᠠᠳ᠋ᠷ ᠵᠣᠷᠢᠭᠲᠠᠢ ᠪᠠᠷ | ᠠᠵᠢᠯᠯᠠᠬᠤ᠂ ᠣᠷᠣᠨ ᠨᠤᠲᠤᠭ ᠵᠣᠷᠢᠭᠲᠠᠢ ᠪᠠᠷ ᠠᠵᠢᠯᠯᠠᠬᠤ ᠠᠵᠤ ᠠᠬᠤᠶᠢᠯᠠᠯ ᠵᠣᠷᠢᠭᠲᠠᠢ ᠪᠠᠷ ᠠᠵᠢᠯᠯᠠᠬᠤ᠂ ᠤᠯᠠᠨ | ᠲᠦᠮᠡᠨ ᠵᠣᠷᠢᠭᠲᠠᠢ ᠪᠠᠷ ᠡᠭᠦᠳᠦᠨ ᠪᠦᠲᠦᠭᠡᠬᠦ︾ ᠲᠡᠮᠡᠴᠡᠯ ᠤᠨ ᠵᠣᠷᠢᠭ ᠢ ᠤᠯᠠᠮ ᠴᠢᠨᠠᠭᠰᠢᠳᠠ ᠬᠥᠭᠵᠢᠭᠡᠵᠦ᠂ | ᠰᠢᠢᠳᠪᠦᠷᠢᠯᠡᠬᠦ ᠰᠡᠳᠬᠢᠬᠦᠢ ᠪᠠᠷ ᠬᠥᠭᠵᠢᠯᠲᠡ ᠶᠢᠨ ᠪᠣᠭᠤᠮᠢ ᠶᠢ ᠲᠠᠶᠢᠯᠵᠤ᠂ ᠰᠤᠷᠲᠠᠯ ᠤᠨ ᠪᠠᠶᠢᠭᠤᠯᠤᠯᠲᠠ ᠶᠢᠨ ᠦᠷ᠎ᠡ | ᠪᠦᠲᠦᠮᠵᠢ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠨᠠᠮ ᠢ ᠬᠠᠮᠢᠶᠠᠷᠴᠤ ᠨᠠᠮ ᠢ ᠵᠠᠰᠠᠬᠤ | ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠦᠵᠡᠯ ᠰᠠᠨᠠᠭᠠᠨ ᠤ ᠬᠥᠮᠦᠵᠢᠯ᠂ ᠬᠢᠨᠠᠯᠲᠠ | ᠬᠠᠮᠢᠶᠠᠷᠤᠯᠲᠠ᠂ ᠬᠠᠤᠯᠢ ᠲᠣᠭᠲᠠᠭᠠᠯ ᠳᠦᠷᠢᠮ ᠵᠡᠷᠭᠡ ᠤᠯᠠᠨ ᠲᠠᠯ᠎ᠠ ᠠᠴᠠ ᠭᠠᠷᠳᠠᠵᠤ᠂ ᠭᠤᠣᠯ ᠴᠣᠭᠴᠠ ᠶᠢᠨ | ᠬᠠᠷᠢᠭᠤᠴᠠᠯᠭ᠎ᠠ ᠪᠣᠯᠣᠨ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠴᠢᠩᠭ᠎ᠠ ᠠᠴᠠ ᠴᠢᠩᠭ᠎ᠠ ᠨᠠᠶᠢᠳᠠᠪᠤᠷᠢᠵᠢᠭᠤᠯᠵᠤ᠂ | ᠰᠡᠷᠡᠮᠵᠢᠯᠡᠭᠦᠯᠬᠦ ᠬᠥᠮᠦᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠵᠤ᠂ | ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠪᠦᠬᠦ ᠬᠦᠴᠦᠨ ᠢᠶᠠᠷ ᠢᠶᠠᠨ | ᠪᠤᠢ ᠪᠣᠯᠭᠠᠬᠤ ᠬᠡᠷᠡᠭᠲᠡᠢ᠃ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠨᠠᠷᠢᠨ ᠬᠢᠨᠠᠮᠠᠭᠠᠢ ᠰᠠᠶᠢᠲᠤᠷ ᠠᠳᠬᠤᠵᠤ᠂ | ᠲᠤᠰ ᠪᠡᠶ᠎ᠡ ᠶᠢᠨ ᠪᠠᠶᠢᠴᠠᠭᠠᠨ ᠳᠡᠯᠭᠡᠭᠰᠡᠨ ᠠᠰᠠᠭᠤᠳᠠᠯ᠂ ᠬᠤᠷᠠᠯ ᠠᠴᠠ ᠡᠮᠦᠨ᠎ᠡ ᠬᠤᠷᠢᠶᠠᠭᠰᠠᠨ ᠰᠠᠨᠠᠯ ᠰᠠᠨᠠᠭᠤᠯᠭ᠎ᠠ᠂ | ᠬᠤᠷᠠᠯ ᠳᠡᠭᠡᠷ᠎ᠡ ᠬᠠᠷᠢᠯᠴᠠᠨ ᠰᠢᠭᠦᠮᠵᠢᠯᠡᠭᠰᠡᠨ ᠰᠠᠨᠠᠯ ᠳᠤ ᠴᠢᠭᠯᠡᠭᠦᠯᠦᠨ᠂ ᠠᠰᠠᠭᠤᠳᠠᠯ ᠤᠨ ᠨᠠᠷᠢᠨ ᠲᠠᠩᠰᠠ ᠶᠢ ᠤᠯᠠᠮ | ᠨᠢᠭᠡ ᠠᠯᠬᠤᠮ ᠨᠠᠷᠢᠯᠢᠭᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ | ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠡᠯ᠎ᠡ ᠲᠠᠯ᠎ᠠ ᠶᠢᠨ ᠬᠢᠨ ᠤ ᠬᠢᠨᠠᠯᠲᠠ ᠶᠢ | ᠦᠨᠡᠨᠴᠢ ᠪᠠᠷ ᠬᠦᠯᠢᠶᠡᠵᠦ᠂ ᠨᠢᠭᠡᠳ ᠨᠢᠭᠡ ᠪᠠᠷ ᠨᠠᠷᠢᠨ ᠬᠢᠨᠠᠮᠠᠭᠠᠢ ᠴᠡᠭᠴᠡᠯᠡᠨ ᠰᠠᠶᠢᠵᠢᠷᠠᠭᠤᠯᠵᠤ᠂ ᠤᠯᠠᠨ | ᠲᠦᠮᠡᠨ ᠳᠤ ᠣᠪᠣᠷ ᠪᠠ ᠡᠷᠡᠰ ᠵᠣᠷᠢᠭ ᠢ ᠨᠢ ᠲᠠᠨᠢᠭᠤᠯᠵᠤ᠂ ᠠᠵᠢᠯᠯᠠᠭ᠎ᠠ ᠪᠠ ᠬᠤᠪᠢᠷᠠᠯᠲᠠ ᠶᠢ ᠨᠢ ᠲᠠᠨᠢᠭᠤᠯᠬᠤ | ᠬᠡᠷᠡᠭᠲᠡᠢ ᠭᠡᠪᠡ᠃ | ᠬᠤᠲᠠ ᠶᠢᠨ ᠨᠠᠮ ᠤᠨ ᠬᠤᠷᠢᠶᠠᠨ ᠤ ᠭᠤᠷᠪᠠᠳᠤᠭᠠᠷ ᠰᠢᠪᠠᠳᠠᠨ ᠵᠢᠯᠤᠭᠤᠳᠬᠤ ᠳᠤᠭᠤᠶᠢᠯᠠᠩ ᠤᠨ ᠳᠠᠷᠤᠭ᠎ᠠ᠂ | ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠤᠶᠠᠳᠤᠭᠠᠷ ᠬᠢᠨᠠᠯᠲᠠ | ᠲᠠᠯᠪᠢᠵᠤ ᠪᠠᠶᠢᠴᠠᠭᠠᠬᠤ ᠲᠠᠰᠤᠭ ᠤᠨ ᠡᠷᠬᠢᠯᠡᠭᠴᠢ ᠦᠨᠡᠯᠡᠯᠲᠡ ᠶᠢᠨ ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ᠂ | ᠲᠣᠰ ᠤᠳᠠᠭᠠᠨ ᠤ ᠠᠷᠠᠳᠴᠢᠯᠠᠯᠳᠦ ᠠᠮᠢᠳᠤᠷᠠᠯ ᠤᠨ ᠬᠤᠷᠠᠯ ᠤᠨ ᠭᠤᠣᠯ ᠰᠡᠳᠦᠪ ᠨᠢ ᠲᠣᠳᠣᠷᠬᠠᠢ᠂ ᠵᠢᠷᠤᠮ ᠨᠢ | ᠵᠢᠷᠤᠮᠵᠢᠭᠤᠨ᠂ ᠵᠣᠬᠢᠶᠠᠨ ᠪᠠᠶᠢᠭᠤᠯᠤᠯᠲᠠ ᠨᠢ ᠨᠠᠷᠢᠨ ᠨᠢᠭᠲᠠ᠂ ᠤᠳᠤᠷᠢᠳᠬᠤ ᠪᠠᠭ ᠤᠨ ᠪᠦᠷᠢᠯᠳᠦᠭᠦᠨ ᠤ ᠣᠪᠣᠷ | ᠨᠢ ᠲᠥᠪ᠂ ᠳᠤᠲᠠᠭᠳᠠᠯ ᠢᠶᠠᠨ ᠵᠣᠷᠢᠭᠲᠠᠢ ᠪᠠᠷ ᠢᠯᠡᠴᠢᠯᠡᠵᠦ᠂ ᠥᠪᠡᠷ ᠤᠨ ᠰᠢᠭᠦᠮᠵᠢᠯᠡᠯ ᠨᠢ ᠰᠢᠭᠤᠳ ᠰᠢᠯᠤᠭᠤᠬᠠᠨ | ᠪᠠᠶᠢᠵᠤ᠂ ᠤᠭ ᠦᠨᠳᠦᠰᠦ ᠶᠢ ᠨᠢ ᠡᠷᠢᠵᠦ ᠵᠠᠳᠠᠯᠤᠯᠲᠠ ᠨᠢ ᠭᠦᠨᠵᠡᠭᠡᠢ ᠪᠠᠶᠢᠵᠤ᠂ ᠬᠠᠷᠢᠯᠴᠠᠨ ᠰᠢᠭᠦᠮᠵᠢᠯᠡᠬᠦ ᠣᠪᠣᠷ | ᠨᠢ ᠦᠨᠡᠨᠴᠢ ᠰᠢᠳᠤᠷᠭᠤ ᠪᠠᠶᠢᠵᠤ᠂ ᠴᠡᠭᠴᠡᠯᠡᠨ ᠥᠭᠡᠷᠡᠴᠢᠯᠡᠬᠦ ᠠᠷᠭ᠎ᠠ ᠬᠡᠮᠵᠢᠶ᠎ᠡ ᠨᠢ ᠦᠨᠡᠨ ᠪᠣᠳᠠᠲᠠᠢ ᠪᠠᠶᠢᠨ᠎ᠠ᠃ | ᠲᠤᠭᠳᠠᠬᠤ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠬᠢᠨ | ᠰᠤᠷᠤᠯᠴᠠᠬᠤ ᠪᠠᠷ ᠭᠤᠣᠯᠳᠠᠯᠭ᠎ᠠ ᠪᠣᠯᠭᠠᠵᠤ ᠦᠵᠡᠯ ᠰᠠᠨᠠᠭ᠎ᠠ ᠲᠠᠨᠢᠯᠲᠠ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ | ᠪᠣᠳᠠᠲᠠᠢ ᠶᠢ ᠡᠷᠬᠢᠮᠯᠡᠨ ᠦᠷ᠎ᠡ ᠪᠦᠲᠦᠮᠵᠢᠲᠡᠢ ᠪᠠᠶᠢᠯᠭᠠᠬᠤ ᠪᠠᠷ ᠴᠢᠷᠮᠠᠶᠢᠵᠤ᠂ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠦᠷ᠎ᠡ ᠪᠦᠲᠦᠭᠡᠯ ᠢ ᠬᠤᠪᠢᠷᠠᠭᠤᠯᠬᠤ ᠶᠢ ᠴᠢᠬᠤᠯᠠᠴᠢᠯᠠᠵᠤ᠂ | ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠠᠷᠠᠳᠴᠢᠯᠠᠯᠳᠦ ᠠᠮᠢᠳᠤᠷᠠᠯ ᠤᠨ ᠬᠤᠷᠠᠯ ᠤᠨ ᠦᠷ᠎ᠡ | ᠪᠦᠲᠦᠭᠡᠯ ᠢ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠬᠦᠴᠦᠷᠬᠡᠭ ᠶᠡᠭᠡ ᠬᠥᠳᠡᠯᠭᠡᠭᠦ ᠬᠦᠴᠦᠨ ᠪᠣᠯᠭᠠᠨ ᠬᠤᠪᠢᠷᠠᠭᠤᠯᠵᠤ᠂ ᠠᠷᠠᠳ ᠤᠨ ᠠᠮᠢᠳᠤᠷᠠᠯ ᠢ ᠪᠠᠲᠤᠯᠠᠨ | ᠰᠠᠶᠢᠵᠢᠷᠠᠭᠤᠯᠬᠤ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠯ᠎ᠡ ᠲᠦᠷᠦᠯ ᠤᠨ ᠠᠶᠤᠯ ᠲᠦᠭᠰᠢᠭᠦᠷᠢ | ᠥᠷᠢᠰᠦᠯᠳᠦᠭᠡᠨ ᠢ ᠪᠦᠲᠦᠮᠵᠢᠲᠡᠢ ᠰᠡᠷᠭᠡᠶᠢᠯᠡᠨ ᠰᠢᠢᠳᠪᠦᠷᠢᠯᠡᠬᠦ ᠬᠡᠷᠡᠭᠲᠡᠢ ᠭᠡᠵᠡᠢ᠃ | ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ | ᠰᠦᠨ ᠰᠢᠶᠦ᠋ᠨ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠸᠠᠩ ᠮᠢᠩ ᠬᠤᠷᠠᠯ ᠳᠤ ᠰᠤᠯᠠ | ᠣᠷᠣᠯᠴᠠᠪᠠ᠃ | |