ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ 2023 ᠣᠨ ᠤ ᠠᠩᠬᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2023/1/20
      1 ᠳ᠋ᠤᠭᠡᠷ ᠰᠠᠷ᠎ᠠ ᠶᠢᠨ 18 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ 2023 ᠣᠨ ᠤ ᠠᠩᠬᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠢᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠠᠷᠠᠳᠴᠢᠯᠠᠯᠳᠦ ᠠᠮᠢᠳᠤᠷᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠬᠡᠬᠤᠲᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠲᠠᠪᠤᠳᠤᠭᠠᠷ ᠪᠥᠬᠦᠳᠡ ᠬᠤᠷᠠᠯ ᠤᠨ ᠠᠯᠪᠠᠨ ᠮᠡᠳᠡᠭᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠲᠠᠬᠤ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠠᠯᠪᠠᠨ ᠮᠡᠳᠡᠭᠡ᠂ ︽ᠨᠠᠮ ᠤᠨ ᠬᠤᠷᠢᠳᠤᠭᠠᠷ ᠶᠡᠭᠡ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠶᠢ ᠪᠡᠶᠡᠯᠡᠭᠦᠯᠬᠦ ᠶᠢᠨ ᠲᠥᠯᠥᠭᠡ ᠪᠦᠯᠬᠦᠮᠳᠡᠨ ᠲᠡᠮᠡᠴᠡᠶ᠎ᠡ︾ ︵︽ᠦᠨᠡᠨ︾2023 ᠣᠨ ᠤ ᠨᠢᠭᠡᠳᠦᠭᠡᠷ ᠬᠤᠭᠤᠴᠠᠭ᠎ᠠ︶᠂ ︽ᠰᠢᠶᠠᠨ ᠤ ᠱᠠᠲᠤᠨ ᠠᠴᠠ ᠳᠡᠭᠡᠭᠰᠢᠬᠢ ᠨᠠᠮ ᠪᠠ ᠲᠦᠷᠦ ᠶᠢᠨ ᠪᠠᠶᠢᠭᠤᠯᠤᠯᠭ᠎ᠠ ᠶᠢᠨ ᠨᠠᠮ ᠤᠨ ᠭᠡᠰᠢᠭᠦᠨ ᠤᠳᠤᠷᠢᠳᠬᠤ ᠺᠠᠳ᠋ᠷ ᠤᠨ ᠠᠷᠠᠳᠴᠢᠯᠠᠯᠳᠦ ᠠᠮᠢᠳᠤᠷᠠᠯ ᠤᠨ ᠬᠤᠷᠠᠯ ᠤᠨ ᠲᠣᠭᠲᠠᠭᠠᠯ ᠤᠳ︾᠂ ︽ᠰᠢᠨ᠎ᠡ ᠪᠠᠶᠢᠳᠠᠯ ᠳᠣᠣᠷᠠᠬᠢ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠲᠤᠬᠠᠢ ᠪᠠᠷᠢᠮᠵᠢᠶ᠎ᠠ ᠨᠤᠭᠤᠳ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠳᠦᠷᠢᠮ︾ ᠢ ᠤᠯᠠᠮᠵᠢᠯᠠᠨ ᠰᠤᠷᠤᠯᠴᠠᠪᠠ᠃2022 ᠣᠨ ᠤ ᠠᠷᠠᠳᠴᠢᠯᠠᠯᠳᠦ ᠠᠮᠢᠳᠤᠷᠠᠯ ᠤᠨ ᠬᠤᠷᠠᠯ ᠤᠨ ᠭᠤᠣᠯ ᠰᠡᠳᠦᠪ ᠤᠨ ᠲᠣᠭᠤᠷᠢᠨ ᠳᠤ ᠭᠦᠨᠵᠡᠭᠡᠢ ᠰᠤᠷᠤᠯᠴᠠᠵᠤ᠂ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠳ᠋ᠦᠩ ᠱᠧᠩ ᠬᠤᠷᠠᠯ   ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃      ᠬᠤᠷᠠᠯ ᠠᠴᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ  ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠠᠳᠴᠢᠯᠠᠯᠳᠦ  ᠠᠮᠢᠳᠤᠷᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠪᠠᠶᠢᠯᠳᠤᠬᠤ ᠪᠣᠳᠣᠯᠭ᠎ᠠ ᠶᠢᠨ ᠰᠡᠳᠬᠢᠬᠦᠢ᠂ ᠲᠡᠦᠬᠡ ᠶᠢᠨ ᠰᠡᠳᠬᠢᠬᠦᠢ᠂ ᠬᠤᠪᠢᠰᠤᠩᠭᠤᠢ ᠰᠡᠳᠬᠢᠬᠦᠢ᠂ ᠰᠢᠰᠲ᠋ᠧᠮᠲᠦ ᠰᠡᠳᠬᠢᠬᠦᠢ᠂ ᠰᠢᠨ᠎ᠡ ᠶᠢ ᠡᠭᠦᠳᠬᠦ ᠰᠡᠳᠬᠢᠬᠦᠢ᠂ ᠬᠠᠤᠯᠢᠵᠢᠯ ᠤᠨ ᠰᠡᠳᠬᠢᠬᠦᠢ᠂ ᠬᠤᠷᠢᠭ᠎ᠠ ᠱᠤᠭᠤᠮ ᠤᠨ ᠰᠡᠳᠬᠢᠬᠦᠢ ᠶᠢᠨ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠭᠤᠣᠯ ᠳᠤᠭᠤᠶᠢᠯᠠᠩ ᠤᠨ ᠪᠦᠷᠢᠯᠳᠦᠭᠦᠨ ︽ᠵᠠᠩᠭᠢᠯᠠᠭ᠎ᠠ ᠶᠢᠨ ᠴᠥᠭᠡᠨ ᠲᠣᠭᠠᠲᠠᠨ︾ ᠤ ᠵᠢᠱᠢᠶ᠎ᠡ ᠦᠵᠡᠭᠦᠯᠬᠦ ᠦᠢᠯᠡᠳᠦᠯ ᠢ ᠪᠠᠳᠠᠷᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠬᠦ ᠲᠠᠯ᠎ᠠ ᠪᠠᠷ ᠰᠠᠶᠢᠲᠤᠷ ᠳᠠᠭᠠᠭᠤᠯᠵᠤ᠂ ᠬᠡᠪ ᠳᠠᠭᠤᠷᠢᠶᠠᠯ ᠪᠣᠯᠵᠤ᠂ ᠴᠠᠭ ᠢᠮᠠᠭᠲᠠ ᠰᠠᠨᠠᠭ᠎ᠠ ᠠᠮᠤᠷ ᠪᠠᠶᠢᠬᠤ ᠬᠠᠷᠢᠭᠤᠴᠠᠯᠭᠠᠲᠤ ᠰᠡᠳᠬᠢᠯᠭᠡ᠂ ᠢᠳᠡᠪᠬᠢᠲᠡᠢ ᠬᠠᠷᠢᠭᠤᠴᠠᠯᠭ᠎ᠠ ᠡᠭᠦᠷᠭᠡᠯᠡᠵᠦ ᠵᠢᠳᠬᠦᠯ ᠴᠢᠷᠮᠠᠶᠢᠯᠭ᠎ᠠ ᠭᠠᠷᠭᠠᠬᠤ ᠴᠤᠭ ᠵᠢᠪᠬᠤᠭ᠎ᠠ ᠪᠠᠷ ᠰᠠᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠰᠠᠶᠢᠨ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ ᠭᠡᠵᠦ ᠵᠢᠭᠠᠨ ᠭᠠᠷᠭᠠᠪᠠ᠃      ᠬᠤᠷᠠᠯ ᠳᠡᠭᠡᠷ᠎ᠡ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ ᠤᠨ ᠪᠦᠷᠢᠯᠳᠦᠭᠦᠨ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠠᠢ᠃
 
ᠢᠷᠡᠯᠲᠡ᠄ ᠲᠤᠭᠳᠠᠬᠤ ᠰᠢᠶᠠᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1