ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 85 ᠳ᠋ᠤᠭᠠᠷ ᠬᠤᠷᠠᠯᠳᠤᠭᠠᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/1/20
      1 ᠳ᠋ᠤᠭᠡᠷ ᠰᠠᠷ᠎ᠠ ᠶᠢᠨ 10 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 85 ᠳ᠋ᠤᠭᠠᠷ ᠬᠤᠷᠠᠯᠳᠤᠭᠠᠨ ᠬᠤᠷᠠᠯᠳᠤᠵᠤ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠳ᠋ᠦᠩ ᠱᠧᠩ ᠬᠤᠷᠠᠯ ᠡᠷᠭᠢᠯᠡᠪᠡ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ 2023 ᠣᠨ ᠤ ᠰᠢᠨ᠎ᠡ ᠵᠢᠯ ᠤᠨ ᠪᠠᠶᠠᠷ ᠤᠨ ᠦᠭᠡ ᠂ ᠶᠡᠷᠦᠩᠬᠡᠢ ᠱᠦᠵᠢ ᠰᠢ ᠶᠢᠨ ᠫᠢᠩ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠠᠷᠠᠳᠴᠢᠯᠠᠯᠳᠦ ᠠᠮᠢᠳᠤᠷᠠᠯ ᠤᠨ ᠬᠤᠷᠠᠯ᠂ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ᠂ ᠪᠥᠬᠦ ᠤᠯᠤᠰ ᠤᠨ ᠤᠯᠤᠰ ᠲᠥᠷᠥ   ᠶᠢᠨ ᠵᠥᠪᠯᠡᠯᠭᠡᠨ ᠤ ᠰᠢᠨ᠎ᠡ ᠵᠢᠯ ᠤᠨ ᠴᠠᠶᠢᠯᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ᠶᠡᠷᠦᠩᠬᠡᠢ ᠱᠦᠵᠢ ᠰᠢ ᠶᠢᠨ ᠫᠢᠩ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠪᠣᠯᠣᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠲᠤᠬᠠᠢ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽2023 ᠣᠨ ᠤ ᠰᠢᠨ᠎ᠡ ᠵᠢᠯ ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾᠂ ᠪᠦᠬᠦ ᠤᠯᠤᠰ ᠤᠨ ᠤᠬᠠᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ︽ᠲᠣᠭᠲᠠᠬᠤ ᠰᠢᠶᠠᠨ ᠤ 2022 ᠣᠨ ᠤ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠤ ᠪᠠᠶᠢᠳᠠᠯ ᠢ ᠵᠠᠳᠠᠯᠤᠨ ᠰᠤᠳᠤᠯᠵᠤ ᠮᠠᠭᠠᠳᠯᠠᠭᠰᠠᠨ ᠮᠡᠳᠡᠭᠦᠯᠦᠯᠲᠡ ︵ᠶᠠᠷᠢᠯᠴᠠᠬᠤ ᠨᠣᠣᠷᠠᠭ︶︾ ᠶᠢ ᠰᠤᠳᠤᠯᠤᠨ ᠶᠠᠷᠢᠯᠴᠠᠪᠠ᠃      ᠬᠤᠷᠠᠯ ᠠᠴᠠ᠂ ︽ᠬᠤᠶᠠᠷ ᠢ ᠲᠤᠭᠳᠠᠭᠠᠭᠰᠠᠨ︾ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠬᠤᠶᠠᠷ ᠢ ᠬᠦᠷᠢᠶᠡᠯᠡᠬᠦ︾ ᠶᠢ ᠡᠷᠡᠰ ᠪᠡᠶᠡᠯᠡᠭᠦᠯᠵᠦ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠭᠤᠶᠢᠪᠢᠰᠢ ᠦᠭᠡᠢ ᠨᠠᠶᠢᠳᠠᠪᠤᠷᠢᠵᠢᠭᠤᠯᠵᠤ᠂ ᠪᠦᠯᠬᠦᠮᠳᠡᠨ ᠲᠡᠮᠡᠴᠡᠬᠦ ᠶᠢ ᠪᠠᠷᠢᠮᠲᠠᠯᠠᠵᠤ᠂ ᠰᠢᠰᠲ᠋ᠧᠮᠳᠦ ᠦᠵᠡᠯᠲᠡ ᠪᠠᠨ ᠴᠢᠩᠭᠠᠳᠬᠠᠵᠤ᠂ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠬᠤ ᠡᠬᠢᠯᠡᠯᠲᠡ ᠶᠢᠨ ᠵᠢᠯ ᠤᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠡᠨᠡ ᠬᠦ ᠴᠠᠭ ᠬᠤᠭᠤᠴᠠᠭ᠎ᠠ ᠶᠢ ᠠᠰᠢᠭᠯᠠᠨ ᠰᠠᠨᠠᠭᠠᠴᠢᠯᠠᠭ᠎ᠠ ᠠᠴᠠ ᠪᠠᠨ ᠭᠠᠳᠠᠭᠰᠢ ᠭᠠᠷᠴᠤ ᠬᠤᠳᠠᠯᠳᠤᠭᠠᠴᠢᠨ ᠤᠷᠢᠬᠤ ᠶᠢᠨ ᠬᠠᠮᠲᠤ ᠳᠠᠭᠠᠭᠠᠴᠢᠯᠠᠨ ᠬᠤᠯᠪᠣᠭᠠᠯᠠᠭᠰᠠᠨ ᠠᠵᠤ ᠠᠬᠤᠶᠢᠯᠠᠯ ᠯᠤᠭ᠎ᠠ ᠶᠢᠨ ᠡᠳᠦᠷ ᠲᠤᠳᠤᠮ ᠤᠨ ᠣᠯᠣᠯᠴᠠᠭ᠎ᠠ ᠪᠠᠨ ᠴᠢᠩᠭᠠᠳᠬᠠᠬᠤ ᠬᠡᠷᠡᠭᠲᠡᠢ᠃ ᠬᠤᠳᠠ ᠬᠥᠳᠡᠭᠡ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠢ ᠭᠦᠨᠵᠡᠭᠡᠢ ᠠᠬᠢᠭᠤᠯᠵᠤ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠲᠠᠰᠤᠷᠠᠯᠲᠠ ᠦᠭᠡᠢ ᠰᠠᠶᠢᠵᠢᠷᠠᠭᠤᠯᠬᠤ ᠬᠡᠷᠡᠭᠲᠡᠢ᠃ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠡᠭᠦᠷᠭᠡ ᠴᠢᠳᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠤᠰ ᠲᠦᠷᠦ ᠶᠢᠨ ᠲᠠᠯ᠎ᠠ ᠪᠠᠷ ᠪᠠᠲᠤ ᠴᠢᠩᠭ᠎ᠠ᠂ ᠡᠷᠳᠡᠮ ᠴᠢᠳᠠᠪᠤᠷᠢ ᠥᠨᠳᠥᠷ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢ ᠳᠠᠪᠲᠠᠨ ᠪᠣᠯᠪᠠᠰᠤᠷᠠᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠠᠤᠯᠢ ᠪᠠᠷ ᠵᠠᠰᠠᠬᠤ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠪᠠᠶᠠᠷ ᠤᠨ ᠡᠳᠦᠷ ᠤᠨ ᠬᠤᠭᠤᠴᠠᠭᠠᠨ ᠳᠠᠬᠢ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ᠂ ᠠᠶᠤᠯᠭᠦᠢ ᠦᠢᠯᠡᠳᠪᠦᠷᠢᠯᠡᠯ᠂ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ᠂ ᠬᠦᠴᠢᠷᠳᠡᠯᠲᠡᠢ ᠬᠥᠮᠥᠰ ᠢ ᠠᠪᠤᠷᠠᠨ ᠲᠤᠰᠠᠯᠠᠬᠤ ᠵᠡᠷᠭᠡ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠰᠢᠶᠠᠨ ᠭᠠᠵᠠᠷ ᠤᠨ ᠲᠡᠰ ᠤᠨ ᠤᠳᠤᠷᠢᠳᠤᠯᠭ᠎ᠠ ᠴᠠᠭᠠᠨ ᠰᠠᠷ᠎ᠠ ᠶᠢᠨ ᠲᠣᠬᠤᠨᠢᠭᠤᠯᠬᠤ ᠠᠵᠢᠯᠯᠠᠭ᠎ᠠ ᠶᠢ ᠭᠠᠷᠳᠠᠨ ᠥᠷᠨᠢᠭᠦᠯᠵᠦ᠂ ᠤᠯᠠᠨ ᠲᠦᠮᠡᠨ ᠤ ᠪᠠᠶᠠᠷ ᠵᠢᠷᠭᠠᠯ ᠲᠠᠢ ᠥᠯᠵᠡᠢ ᠪᠡᠯᠭᠡ ᠲᠠᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠲᠣᠭᠲᠠᠬᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003253号-1